ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ︹2020︺ 28 ᠳ᠋ᠤᠭᠠᠷ ᠲᠣᠭᠠᠲᠤ | | | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠬᠤᠰᠢᠭᠤᠨ ᠤ ᠵᠠᠰᠠᠭ ᠤᠨ ᠣᠷᠳᠣᠨ ᠢᠶᠠᠷ | ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃ | 2023 ᠣᠨ ᠤ 4 ᠰᠠᠷ᠎ᠠ ᠶᠢᠨ 28 ᠤ ᠡᠳᠦᠷ | | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ | | | | ᠴᠠᠭ ᠠᠭᠤᠷ ᠤᠨ ᠦᠢᠯᠡᠰ ᠪᠣᠯ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠬᠡᠯᠪᠡᠷᠢ᠂ ᠰᠠᠭᠤᠷᠢ ᠴᠢᠨᠠᠷᠲᠠᠢ᠂ | ᠤᠳᠤᠷᠢᠳᠤᠮᠵᠢ ᠶᠢᠨ ᠴᠢᠨᠠᠷᠲᠠᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠲᠦᠮᠡᠨ ᠤ ᠠᠮᠤᠷ ᠲᠦᠪᠰᠢᠨ ᠪᠤᠶᠠᠨ ᠵᠢᠷᠭᠠᠯ ᠢ | ᠬᠠᠮᠠᠭᠠᠯᠠᠬᠤ ᠶᠢᠨ ᠴᠢᠬᠤᠯᠠ ᠪᠠᠲᠤᠯᠠᠭ᠎ᠠ ᠮᠥᠨ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠨᠡᠩ | ᠥᠨᠳᠥᠷ ᠬᠢᠷᠢ ᠲᠦᠪᠰᠢᠨ ᠪᠦᠬᠦᠢ ᠴᠠᠭ ᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ︽ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠪᠦᠷᠢ ︵2022 - | 2035 ᠣᠨ︶ 11 ᠳ᠋ᠦᠭᠡᠷ ᠲᠣᠭᠠᠲᠤ︶ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠠᠨᠠᠯ︾ ︵ᠥᠪᠥᠷ ᠵᠠᠰᠠᠭ ᠲᠠᠷᠬᠠᠭᠠᠭᠰᠠᠨ ﹇2021﹈ 16 ᠳ᠋ᠤᠭᠠᠷ ᠲᠣᠭᠠᠲᠤ︶᠂ ︽ᠬᠢᠩᠭᠠᠨ ᠠᠶᠢᠮᠠᠭ ᠤᠨ | ᠵᠠᠬᠢᠷᠭ᠎ᠠ ᠶᠢᠨ ᠠᠯᠪᠠᠨ ᠭᠡᠷ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠬᠡᠷᠡᠭᠵᠢᠭᠦᠯᠬᠦ ᠰᠠᠨᠠᠯ︾ ︵ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠬᠡᠷᠡᠭᠵᠢᠭᠦᠯᠬᠦ ᠰᠠᠨᠠᠯ︾ | ︵ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ | ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠢᠨᠠᠨ ᠬᠡᠮᠵᠢᠯᠲᠡ ᠨᠢ ᠨᠠᠷᠢᠨ | ᠨᠢᠭᠲᠠ᠂ ᠤᠷᠢᠳᠴᠢᠯᠠᠨ ᠮᠡᠳᠡᠭᠡᠯᠡᠯ ᠨᠢ ᠨᠠᠷᠢᠯᠢᠭ ᠣᠨᠣᠪᠴᠢᠲᠠᠢ᠂ ᠠᠷᠠᠳ ᠲᠦᠮᠡᠨ ᠳᠤ ᠦᠢᠯᠡᠴᠢᠯᠡᠬᠦ᠂ ᠠᠷᠠᠳ | ᠲᠦᠮᠡᠨ ᠳᠤ ᠲᠠᠭᠠᠰᠢᠶᠠᠭᠳᠠᠭᠰᠠᠨ ᠣᠳᠣ ᠦᠶ᠎ᠡ ᠶᠢᠨ ᠴᠠᠭ ᠠᠭᠤᠷ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ | ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ ᠪᠠᠶᠢᠬᠤ ᠶᠢ ᠪᠦᠬᠦ ᠲᠠᠯ᠎ᠠ ᠪᠠᠷ ᠪᠠᠲᠤᠯᠠᠵᠤ᠂ ︽ᠠᠮᠢ ᠠᠬᠤᠢ ᠶᠢ | ᠴᠢᠬᠤᠯᠠᠴᠢᠯᠠᠵᠤ᠂ ᠦᠬᠡᠷ ᠤᠨ ᠦᠢᠯᠡᠰ ᠢ ᠬᠥᠭᠵᠢᠭᠦᠯᠵᠦ᠂ ᠵᠢᠭᠤᠯᠴᠢᠯᠠᠯ ᠢ ᠬᠥᠭᠵᠢᠭᠦᠯᠬᠦ︾ ᠬᠥᠭᠵᠢᠯᠲᠡ ᠶᠢᠨ | ᠣᠨᠣᠯᠵᠢᠬᠤᠨ ᠳᠤ ᠬᠦᠴᠦᠯᠡᠨ ᠦᠢᠯᠡᠴᠢᠯᠡᠵᠦ᠂ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠶᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠴᠠᠭ ᠠᠭᠤᠷ ᠤᠨ ᠪᠠᠲᠤᠯᠠᠭ᠎ᠠ ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ | 2025 ᠤᠨ ᠪᠣᠯᠬᠤ ᠳᠤ ᠬᠡᠷᠡᠭᠴᠡᠭᠡ ᠱᠠᠭᠠᠷᠳᠠᠯᠭ᠎ᠠ ᠳᠤ ᠳᠣᠭᠢᠷᠬᠠᠰᠠᠨ᠂ ᠪᠦᠲᠦᠴᠡ ᠨᠢ ᠪᠦᠷᠢᠨ ᠲᠡᠭᠦᠯᠳᠡᠷ᠂ | ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠡᠷᠴᠢᠮ ᠲᠠᠢ ᠣᠳᠣᠬᠢᠴᠢᠯᠠᠭᠰᠠᠨ ᠴᠠᠭ ᠠᠭᠤᠷ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨᠡᠴᠢᠯᠡᠯᠲᠡ᠂ ᠦᠢᠯᠡᠴᠢᠯᠡᠭᠡ᠂ ᠲᠤᠬᠠᠶᠢᠯᠠᠭᠰᠠᠨ ᠠᠵᠢᠯ ᠪᠠ ᠵᠠᠰᠠᠯᠲᠠ ᠶᠢᠨ | ᠲᠣᠭᠲᠠᠯᠴᠠᠭ᠎ᠠ ᠶᠢ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ | ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠴᠠᠭ ᠠᠭᠤᠷ᠂ ᠠᠮᠢ ᠠᠬᠤᠢ ᠬᠢᠭᠡᠳ | ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠦᠨ ᠤ ᠬᠦᠴᠦ ᠪᠠᠷ | ᠴᠠᠭ ᠠᠭᠤᠷ ᠢ ᠨᠥᠯᠥᠭᠡᠯᠡᠬᠦ ᠵᠡᠷᠭᠡ ᠬᠦᠷᠢᠶ᠎ᠡ ᠶᠢ ᠪᠦᠬᠦ ᠠᠶᠢᠮᠠᠭ ᠤᠨ ᠲᠡᠷᠢᠭᠦᠨ ᠤ ᠬᠢᠷᠢ ᠲᠦᠪᠰᠢᠨ ᠳᠤ | ᠬᠦᠷᠦᠭᠦᠯᠦᠨ᠎ᠡ᠃ | 2035 ᠤᠨ ᠪᠣᠯᠬᠤ ᠳᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ᠂ ᠣᠨᠴᠠᠯᠢᠭ ᠢᠯᠡ ᠲᠣᠳᠣ᠂ ᠮᠡᠷᠭᠡᠵᠢᠯ | ᠲᠡᠷᠢᠭᠦᠨ ᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠯᠲᠠ ᠶᠢᠨ ᠰᠢᠰᠲ᠋ᠧᠮ ᠢ ᠪᠦᠬᠦ | ᠲᠠᠯ᠎ᠠ ᠪᠠᠷ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠡᠩ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠨᠡᠩ ᠢᠯᠡᠳᠲᠡ ᠪᠣᠯᠭᠠᠵᠤ᠂ ᠠᠮᠢ ᠨᠠᠰᠤᠨ ᠤ ᠠᠮᠤᠷ | ᠲᠦᠪᠰᠢᠨ᠂ ᠦᠢᠯᠡᠳᠪᠦᠷᠢᠯᠡᠯ ᠤᠨ ᠬᠥᠭᠵᠢᠯᠲᠡ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠶᠢᠨ ᠰᠠᠶᠢᠨ | ᠰᠠᠶᠢᠬᠠᠨ ᠴᠢᠳᠠᠪᠤᠷᠢ ᠶᠢ ᠪᠠᠲᠤᠯᠠᠬᠤ ᠳᠤ ᠦᠢᠯᠡᠴᠢᠯᠡᠬᠦ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ᠃ | ᠬᠤᠶᠠᠷ᠂ ᠭᠤᠣᠯ ᠡᠭᠦᠷᠭᠡ | ︵ᠨᠢᠭᠡ︶ ᠴᠠᠭ ᠠᠭᠤᠷ ᠤᠨ ᠭᠠᠮᠱᠢᠭ ᠢ ᠰᠡᠷᠭᠡᠶᠢᠯᠡᠬᠦ ᠱᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠭᠠᠵᠤ᠂ | ᠴᠠᠭ ᠠᠭᠤᠷ ᠤᠨ ᠭᠠᠮᠱᠢᠭ ᠢ ᠰᠡᠷᠭᠡᠶᠢᠯᠡᠨ ᠭᠠᠮᠱᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ | 1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠬᠠᠷᠢᠶ᠎ᠠ ᠣᠷᠣᠨ ᠢᠶᠠᠷ ᠭᠤᠣᠯ ᠪᠣᠯᠭᠠᠬᠤ᠂ ᠭᠠᠮᠰᠢᠭ ᠢ ᠶᠡᠷᠦᠩᠬᠡᠶᠢᠯᠡᠨ ᠪᠠᠭᠠᠰᠬᠠᠬᠤ | ᠵᠠᠷᠴᠢᠮ ᠢ ᠪᠠᠷᠢᠮᠲᠠᠯᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠶᠢ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠶᠡᠷᠦᠩᠬᠡᠶᠢᠯᠡᠭᠰᠡᠨ ᠰᠢᠰᠲ᠋ᠧᠮ ᠳᠤ ᠣᠷᠣᠭᠤᠯᠵᠤ᠂ ᠦᠨᠳᠦᠰᠦᠨ ᠱᠠᠲᠤᠨ ᠤ ᠲᠣᠣᠷᠵᠢᠭᠤᠯᠤᠭᠰᠠᠨ | ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠤ ᠠᠭᠤᠰᠤᠯᠴᠠᠭᠤᠯᠬᠤ ᠬᠡᠷᠡᠭᠲᠡᠢ᠃ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ | ᠴᠢᠩᠭᠠᠳᠬᠠᠵᠤ᠂ ᠱᠠᠲᠤ ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠨᠢᠭᠡᠳᠦᠯᠲᠡᠢ | ᠲᠥᠯᠥᠪᠵᠢᠭᠦᠯᠬᠦ ᠪᠠ ᠬᠠᠮᠲᠤᠪᠠᠷ ᠪᠠᠶᠢᠭᠤᠯᠵᠤ ᠬᠠᠮᠲᠤᠪᠠᠷ ᠡᠳᠯᠡᠬᠦ ᠶᠢ ᠴᠢᠩᠭᠠᠳᠬᠠᠨ᠂ ᠳᠠᠭᠠᠤ ᠳᠤᠨᠢ ᠪᠤᠰᠢᠭᠤ | ᠲᠦᠷᠭᠡᠨ᠂ ᠥᠨᠳᠥᠷ ᠦᠷ᠎ᠡ ᠪᠦᠲᠦᠮᠵᠢᠲᠡᠢ ᠪᠠᠷ ᠬᠠᠮᠲᠤᠷᠠᠨ ᠬᠥᠳᠡᠯᠦᠯᠴᠡᠭᠰᠡᠨ ᠣᠯᠠᠨ ᠰᠠᠯᠠᠭ᠎ᠠ ᠮᠥᠴᠢᠷ ᠤᠨ ᠴᠠᠭ | ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠲᠣᠭᠲᠠᠴᠠ ᠪᠠ ᠨᠡᠶᠢᠭᠡᠮ ᠤᠨ ᠬᠢᠨ ᠤ ᠣᠷᠣᠯᠴᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠠᠵᠢᠯ ᠢ ᠵᠣᠭᠰᠣᠭᠠᠨ ᠦᠢᠯᠡᠳᠪᠦᠷᠢᠯᠡᠬᠦ ᠪᠠᠨ | ᠵᠣᠭᠰᠣᠭᠠᠵᠤ ᠬᠢᠴᠢᠶᠡᠯ ᠢᠶᠠᠨ ᠵᠣᠭᠰᠣᠭᠠᠵᠤ ᠲᠡᠭᠡᠭᠡᠪᠦᠷᠢ ᠶᠢᠨ ᠳᠦᠷᠢᠮ ᠢ ᠲᠣᠭᠲᠠᠭᠠᠬᠤ ᠳᠤ ᠣᠷᠣᠯᠴᠠᠬᠤ ᠶᠢᠨ | ᠬᠠᠮᠲᠤ ᠨᠠᠶᠢᠳᠠᠪᠤᠷᠢᠵᠢᠭᠤᠯᠬᠤ ᠬᠡᠷᠡᠭᠲᠡᠢ᠃ | 2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠦᠬᠦ | ᠬᠤᠰᠢᠭᠤᠨ ᠤ ᠭᠤᠣᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ᠂ ᠦᠨᠡᠯᠡᠨ ᠵᠢᠱᠢᠯᠲᠡ ᠪᠠ ᠣᠷᠣᠨ ᠬᠤᠪᠢᠶᠠᠷᠢᠯᠠᠯ ᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠤᠨ | ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ | ᠳᠤᠮᠳᠠ ᠪᠠᠭ᠎ᠠ ᠭᠤᠣᠯ ᠮᠥᠷᠡᠨ ᠤ ᠦᠶᠡᠷ᠂ ᠠᠭᠤᠯᠠᠨ ᠦᠶᠡᠷ ᠪᠣᠯᠤᠨ ᠭᠠᠵᠠᠷ ᠰᠢᠨᠵᠢᠯᠡᠭᠡᠨ ᠤ ᠭᠠᠢ ᠭᠠᠮᠰᠢᠭ ᠤᠨ | ᠴᠠᠭ ᠠᠭᠤᠷ ᠤᠨ ᠠᠶᠤᠯ ᠢ ᠰᠡᠷᠡᠮᠵᠢᠯᠡᠭᠦᠯᠬᠦ ᠦᠢᠯᠡᠳᠬᠦᠨ ᠢ ᠬᠠᠮᠲᠤᠷᠠᠨ ᠨᠡᠶᠢᠲᠡᠯᠡᠵᠦ᠃ ᠴᠠᠭ ᠠᠭᠤᠷ ᠤᠨ | ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠬᠥᠭᠵᠢᠭᠦᠯᠵᠦ᠃ ᠡᠯ᠎ᠡ ᠱᠠᠲᠤᠨ ᠤ ᠴᠠᠭ ᠠᠭᠤᠷ ᠤᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠪᠣᠯᠤᠨ ᠴᠠᠭ ᠠᠭᠤᠷ ᠤᠨ | ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠶᠢ ᠥᠷᠭᠡᠵᠢᠭᠦᠯᠦᠨ᠂ ᠭᠠᠮᠰᠢᠭ ᠤᠨ | ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ ᠵᠢᠭᠠᠯᠲᠠ ᠲᠤᠭ᠎ᠠ ᠶᠢᠨ ᠳᠠᠭᠠᠳᠬᠠᠯ ᠤᠨ ᠦᠢᠯᠡᠳᠬᠦᠨ ᠢ ᠨᠡᠭᠡᠭᠡᠨ | ᠬᠥᠭᠵᠢᠭᠦᠯᠬᠦ ᠪᠠ ᠲᠥᠯᠥᠬᠦ ᠳᠤ ᠮᠡᠷᠭᠡᠵᠢᠯ ᠤᠨ ᠲᠦᠰᠢᠭ ᠲᠤᠯᠭᠠᠭᠤᠷᠢ ᠬᠠᠩᠭᠠᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠳᠡᠰ ᠤᠨ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ | ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ︵ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ | ︶᠃ | 3. ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠠᠭ ᠬᠤᠭᠤᠴᠠᠭ᠎ᠠ ᠶᠢ | ᠳᠡᠭᠡᠭᠰᠢᠯᠡᠭᠦᠯᠦᠨ᠎ᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ | ᠪᠠᠶᠢᠰᠢᠩ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠬᠦᠨᠳᠦ ᠶᠡᠭᠡ ᠭᠠᠮᠰᠢᠭ ᠤᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠲᠦᠷᠭᠡᠨ ᠤᠯᠠᠮᠵᠢᠯᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠳᠣᠬᠢᠭᠤᠷ ᠳᠣᠯᠣᠭᠠᠨ | ᠣᠳᠣ ᠳᠠᠭᠠᠭᠤᠯᠢ ᠣᠳᠣ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠪᠣᠯᠤᠨ | ᠨᠡᠶᠢᠭᠡᠮ ᠤᠨ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠨ ᠴᠠᠭ ᠠᠭᠤᠷ ᠤᠨ ᠭᠠᠮᠰᠢᠭ ᠢ | ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ᠂ ᠲᠦᠷᠭᠡᠨ ᠪᠥᠭᠡᠳ | ᠣᠨᠣᠪᠴᠢᠲᠠᠢ ᠳᠠᠮᠵᠢᠭᠤᠯᠬᠤ ᠶᠢ ᠪᠡᠶᠡᠯᠡᠭᠦᠯᠦᠨ᠎ᠡ᠃ ᠤᠯᠤᠰ ᠤᠨ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ | ᠵᠠᠩᠭᠢ ᠨᠡᠶᠢᠲᠡᠯᠡᠬᠦ ᠰᠢᠰᠲ᠋ᠧᠮ ᠤᠨ ᠣᠯᠠᠨ ᠰᠠᠯᠠᠭ᠎ᠠ ᠮᠥᠴᠢᠷ ᠤᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ | ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠤ ᠴᠢᠬᠤᠯᠠ ᠶᠡᠭᠡ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡᠯᠡᠬᠦ ︽ᠰᠠᠭᠠᠳ ᠦᠭᠡᠢ ᠨᠡᠪᠲᠡᠷᠡᠬᠦ ᠵᠠᠮ︾ ᠪᠠ ᠪᠥᠬᠦ ᠰᠦᠯᠵᠢᠶ᠎ᠡ ᠪᠠᠷ ᠰᠦᠢᠳᠬᠡᠯ | ᠬᠤᠷᠢᠶᠠᠬᠤ ᠦᠭᠡᠢ ᠪᠠᠷ ᠨᠡᠶᠢᠲᠡᠯᠡᠬᠦ ᠲᠣᠭᠲᠠᠴᠠ ᠶᠢ ᠠᠬᠢᠭᠤᠯᠤᠨ᠎ᠠ᠃ ᠬᠦᠨᠳᠦ ᠬᠡᠴᠡᠭᠦᠦ ᠴᠠᠭ ᠠᠭᠤᠷ ᠤᠨ | ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠳᠠᠭᠤᠳᠠᠬᠤ︾ ᠲᠣᠭᠲᠠᠴᠠ ᠶᠢ ᠨᠠᠶᠢᠳᠠᠪᠤᠷᠢᠵᠢᠭᠤᠯᠤᠨ᠂ ᠴᠠᠭ | ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠠᠴᠠᠭ᠎ᠠ ︵ᠨᠡᠶᠢᠭᠡᠮ ᠲᠣᠭᠤᠷᠢᠭ︶᠂ ᠠᠶᠢᠯ ᠬᠤᠲᠠ ᠳᠤ | ᠨᠡᠶᠢᠲᠡᠯᠡᠬᠦ ᠶᠢ ᠠᠬᠢᠭᠤᠯᠬᠤ ᠬᠡᠷᠡᠭᠲᠡᠢ᠃ ︵ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠨᠠᠮ ᠤᠨ | ᠬᠤᠷᠢ᠊ ᠡᠶ᠎ᠡ ᠶᠢᠨ ᠤᠬᠠᠭᠤᠯᠬᠤ ᠬᠡᠯᠲᠡᠰ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ | ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶᠃ | ︵ᠬᠤᠶᠠᠷ︶ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠳᠤ ᠦᠢᠯᠡᠴᠢᠯᠡᠬᠦ ᠴᠠᠭ | ᠠᠭᠤᠷ ᠤᠨ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ | 4. ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ | ᠃ ︽ᠠᠭᠤᠯᠠ ᠤᠰᠤ ᠣᠢ ᠮᠣᠳᠣ ᠭᠠᠵᠠᠷ ᠲᠠᠷᠢ᠊ ᠡᠶ᠎ᠡ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢᠨ | ᠰᠢᠰᠲ᠋ᠧᠮ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠣᠭᠤᠷᠢᠨ ᠳᠤ᠂ ᠣᠭᠲᠠᠷᠭᠤᠢ ᠭᠠᠵᠠᠷ ᠰᠢᠷᠣᠢ ᠶᠢ ᠨᠢᠭᠡ | ᠴᠣᠭᠴᠠᠵᠢᠭᠤᠯᠤᠭᠰᠠᠨ ᠪᠦᠬᠦ ᠣᠷᠣᠨ ᠪᠦᠰᠡ ᠶᠢᠨ ᠠᠮᠢ ᠠᠬᠤᠢ ᠶᠢᠨ ᠴᠠᠭ ᠠᠭᠤᠷ ᠤᠨ ᠶᠡᠷᠦᠩᠬᠡᠶᠢᠯᠡᠭᠰᠡᠨ ᠪᠣᠰᠤᠭ᠎ᠠ | ᠴᠣᠭᠴᠠᠲᠤ ᠬᠢᠨᠠᠨ ᠬᠡᠮᠵᠢᠬᠦ ᠥᠷᠲᠡᠭᠡ ᠶᠢᠨ ᠲᠣᠣᠷ ᠢ ᠬᠠᠮᠲᠤᠷᠠᠨ ᠪᠠᠶᠢᠭᠤᠯᠵᠤ᠂ ᠠᠮᠢ ᠠᠬᠤᠢ ᠶᠢᠨ ᠴᠠᠭ ᠠᠭᠤᠷ ᠪᠠ | ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ | ᠠᠬᠤᠢ ᠶᠢᠨ ᠰᠡᠷᠭᠡᠭ ᠣᠷᠣᠨ ᠪᠠ ᠬᠡᠪᠡᠷᠡᠭ ᠣᠷᠣᠨ ᠳᠤ ᠠᠮᠢ ᠠᠬᠤᠢ ᠶᠢᠨ ᠴᠠᠭ ᠠᠭᠤᠷ ᠤᠨ ᠬᠢᠨᠠᠨ ᠰᠢᠨᠵᠢᠵᠦ | ᠦᠨᠡᠯᠡᠨ ᠵᠢᠱᠢᠬᠦ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠲᠦᠢᠯ ᠤᠨ ᠠᠭᠤᠷ ᠠᠮᠢᠰᠬᠤᠯ ᠤᠨ ᠬᠡᠷᠡᠭ ᠪᠠ | ᠠᠮᠢ ᠠᠬᠤᠢ ᠶᠢᠨ ᠠᠮᠤᠷ ᠲᠦᠪᠰᠢᠨ ᠳᠤ ᠦᠵᠡᠭᠦᠯᠬᠦ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ | ᠦᠢᠯᠡᠴᠢᠯᠡᠭᠡ ᠶᠢ ᠥᠷᠨᠢᠭᠦᠯᠦᠨ᠎ᠡ᠃ ︵ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠡᠳ᠋ ᠤᠨ | ᠵᠠᠰᠠᠭ ᠤᠨ ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶᠃ | 5. ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠲᠠᠢ ᠴᠠᠭ ᠠᠭᠤᠷ ᠤᠨ ᠨᠥᠬᠦᠴᠡᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠤᠨᠢᠶᠠᠷ᠂ ᠡᠯᠡᠰᠦᠨ ᠰᠢᠭᠤᠷᠭ᠎ᠠ ᠵᠡᠷᠭᠡ | ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠤᠨ | ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠳᠠᠯᠳᠠ ᠪᠠᠶᠢᠳᠠᠯ ᠤᠨ | ᠵᠠᠳᠠᠯᠤᠯᠲᠠ ᠶᠢᠨ ᠰᠤᠳᠤᠯᠤᠯ ᠢ ᠥᠷᠨᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠠᠭ ᠠᠭᠤᠷ ᠬᠢᠭᠡᠳ ᠠᠮᠢ ᠠᠬᠤᠢ ᠣᠷᠴᠢᠨ | ᠲᠣᠭᠤᠷᠢᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠵᠥᠪᠳᠡᠯᠴᠡᠨ ᠰᠤᠳᠤᠯᠤᠨ | ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠰᠠᠭᠤᠷᠢ ᠰᠤᠳᠤᠯᠭᠠᠨ ᠢ ᠬᠠᠮᠲᠤᠷᠠᠨ ᠥᠷᠨᠢᠭᠦᠯᠵᠦ᠂ ᠣᠷᠴᠢᠨ | ᠲᠣᠭᠤᠷᠢᠨ ᠤ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠲᠣᠣᠷ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ | ᠠᠬᠢᠭᠤᠯᠤᠨ᠎ᠠ᠃ ᠠᠭᠠᠷ ᠮᠠᠨᠳᠠᠯ ᠤᠨ ᠪᠦᠷᠢᠯᠳᠦᠬᠦᠨ ᠢ ᠬᠢᠨᠠᠨ ᠬᠡᠮᠵᠢᠬᠦ ᠲᠠᠪᠴᠠᠩ ᠤᠨ ᠬᠡᠷᠡᠭᠯᠡᠯᠲᠡ᠂ ᠳᠠᠭᠠᠭᠤᠯᠢ | ᠣᠳᠣᠨ ᠤ ᠠᠯᠤᠰ ᠰᠡᠷᠡᠯ ᠤᠨ ᠲᠤᠭ᠎ᠠ ᠪᠠᠷᠢᠮᠲᠠ ᠶᠢ ᠵᠠᠳᠠᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ ᠠᠭᠠᠷ ᠮᠠᠨᠳᠠᠯ ᠤᠨ ᠪᠣᠬᠢᠷᠲᠤᠯ ᠢ ᠵᠠᠳᠠᠯᠬᠤ ᠪᠠ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠦᠨᠡᠯᠡᠨ | ᠵᠢᠱᠢᠬᠦ ᠠᠵᠢᠯ ᠢ ᠥᠷᠨᠢᠭᠦᠯᠦᠨ᠎ᠡ᠃ ︵ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶᠃ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠬᠦᠯᠡᠮᠵᠢ ᠶᠢᠨ ᠬᠡᠢ ᠪᠡᠶᠡᠲᠦ ᠶᠢ ᠬᠢᠨᠠᠨ ᠰᠢᠨᠵᠢᠬᠦ | ᠥᠷᠲᠡᠭᠡᠨ ᠤ ᠲᠣᠣᠷ ᠢ ᠬᠠᠮᠲᠤᠪᠠᠷ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ | ᠬᠡᠮᠵᠢᠭᠳᠡᠯ ᠳᠤ ᠬᠦᠷᠬᠦ ᠪᠠ ᠬᠢᠨᠠᠨ ᠰᠢᠨᠵᠢᠵᠦ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠠᠭᠤᠷ ᠠᠮᠢᠰᠬᠤᠯ ᠤᠨ | ᠬᠤᠪᠢᠷᠠᠯᠲᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ᠂ ᠨᠤᠭᠤ ᠭᠠᠵᠠᠷ ᠵᠡᠷᠭᠡ | ᠠᠳᠠᠯᠢ ᠪᠤᠰᠤ ᠠᠮᠢ ᠠᠬᠤᠢ ᠶᠢᠨ ᠰᠢᠰᠲ᠋ᠧᠮ ᠤᠨ ᠲᠥᠷᠥᠯ ᠬᠡᠯᠪᠡᠷᠢ ᠶᠢᠨ ᠨᠥᠯᠥᠭᠡ ᠶᠢ ᠦᠨᠡᠯᠡᠨ ᠵᠢᠱᠢᠵᠦ | ᠵᠠᠳᠠᠯᠬᠤ ᠶᠢ ᠴᠢᠩᠭᠠᠳᠬᠠᠨ᠎ᠠ᠃ ᠰᠠᠯᠬᠢᠨ ᠡᠨᠧᠷᠭᠢ ᠨᠠᠷᠠᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ | ᠢᠨᠵᠧᠨᠧᠷᠢᠩ᠂ ᠴᠢᠬᠤᠯᠠ ᠶᠡᠭᠡ ᠣᠷᠣᠨ ᠪᠦᠰᠡ ᠶᠢᠨ ᠴᠢᠨᠠᠷᠲᠠᠢ ᠠᠵᠤ ᠠᠬᠤᠢ ᠶᠢᠨ ᠨᠡᠭᠡᠭᠡᠯᠲᠡ᠂ ᠭᠤᠣᠯᠳᠠᠯᠭ᠎ᠠ ᠲᠠᠢ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠣᠷᠣᠨ ᠪᠦᠰᠡ ᠶᠢᠨ ᠠᠭᠤᠷ ᠠᠮᠢᠰᠬᠤᠯ ᠤᠨ | ᠪᠣᠯᠤᠮᠵᠢᠲᠤ ᠨᠤᠲᠠᠯᠠᠯ ᠤᠨ ᠠᠵᠢᠯ ᠢ ᠬᠡᠷᠡᠭᠵᠢᠭᠦᠯᠦᠨ᠎ᠡ᠃ ︵ᠬᠤᠰᠢᠭᠤᠨ ᠤ ᠴᠠᠭ ᠠᠭᠤᠷ ᠤᠨ ᠲᠣᠪᠴᠢᠶ᠎ᠠ᠂ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶᠃ | ︵ᠭᠤᠷᠪᠠ︶ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | 7. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢ | ᠰᠠᠶᠢᠲᠤᠷ ᠬᠢᠨ᠎ᠡ᠃ ᠭᠠᠩ ᠬᠠᠭᠤᠷᠠᠢ᠂ ᠬᠢᠷᠠᠭᠤ ᠬᠥᠯᠳᠡᠭᠦᠦ᠂ ᠶᠡᠭᠡ ᠰᠠᠯᠬᠢ᠂ ᠴᠠᠰᠤᠨ ᠭᠠᠮᠰᠢᠭ ᠵᠡᠷᠭᠡ ᠭᠤᠣᠯ | ᠪᠣᠯᠬᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠣᠷᠣᠨ ᠤ | ᠬᠤᠪᠢᠶᠠᠷᠢᠯᠠᠯ ᠢ ᠦᠢᠯᠡᠳᠦᠨ᠎ᠡ᠃ ᠡᠷᠳᠡᠨᠢ ᠰᠢᠰᠢ᠂ ᠤᠰᠤᠨ ᠲᠤᠲᠤᠷᠭ᠎ᠠ᠂ ᠰᠢᠷ᠎ᠠ ᠪᠤᠷᠴᠠᠭ ᠵᠡᠷᠭᠡ ᠭᠤᠣᠯ ᠪᠣᠯᠬᠤ | ᠲᠠᠷᠢᠮᠠᠯ ᠪᠣᠯᠤᠨ ᠦᠬᠡᠷ ᠬᠤᠨᠢᠨ ᠤ ᠲᠡᠵᠢᠭᠡᠯ ᠡᠪᠡᠰᠦ ᠪᠣᠷᠳᠤᠭ᠎ᠠ ᠳᠤ ᠴᠢᠭᠯᠡᠭᠦᠯᠦᠨ᠂ ᠨᠠᠷᠢᠯᠢᠭ ᠲᠠᠷᠢᠮᠠᠯ ᠤᠨ ᠣᠷᠣᠨ | ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ᠂ ᠠᠮᠤ ᠪᠤᠳᠠᠭ᠎ᠠ ᠪᠣᠯᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠳᠠᠯᠳᠠ ᠬᠦᠴᠦᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ᠲᠠᠷᠢᠶᠠᠯᠠᠩ ᠮᠠᠯ ᠠᠵᠤ ᠠᠬᠤᠢ ᠣᠢ ᠱᠢᠭᠤᠢ ᠶᠢᠨ ᠴᠠᠭ ᠠᠭᠤᠷ ᠤᠨ ᠨᠥᠯᠥᠭᠡᠯᠡᠯ ᠢ ᠰᠤᠳᠤᠯᠤᠨ ᠨᠡᠭᠡᠭᠡᠨ᠎ᠡ᠃ | ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠬᠢᠭᠡᠳ ᠠᠭᠤᠷ ᠠᠮᠢᠰᠬᠤᠯ ᠤᠨ ᠡᠬᠢ ᠪᠠᠶᠠᠯᠢᠭ ᠤᠨ ᠠᠭᠤᠰᠤᠯᠴᠠᠯ ᠢ | ᠠᠬᠢᠭᠤᠯᠵᠤ᠂ ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠵᠡᠷᠭᠡ ᠤᠯᠤᠰ ᠤᠨ ᠠᠭᠤᠷ ᠠᠮᠢᠰᠬᠤᠯ ᠤᠨ | ᠲᠡᠮᠳᠡᠭ ᠲᠠᠢ ᠨᠡᠷᠡᠲᠦ ᠲᠥᠷᠥᠯ ᠲᠡᠮᠳᠡᠭᠲᠦ ᠶᠢ ᠤᠬᠠᠭᠤᠯᠤᠨ ᠲᠠᠨᠢᠯᠴᠠᠭᠤᠯᠵᠤ᠂ ᠨᠡᠷᠡᠲᠦ ᠵᠢᠭᠤᠯᠴᠢᠯᠠᠯ ᠤᠨ ᠵᠣᠷᠢᠭᠰᠠᠨ | ᠭᠠᠵᠠᠷ ᠢ ᠪᠣᠢ ᠪᠣᠯᠭᠠᠬᠤ ᠳᠤ ᠬᠦᠴᠦᠨ ᠨᠡᠮᠡᠷᠢᠯᠡᠨ᠎ᠡ᠃ ︵ᠬᠤᠰᠢᠭᠤᠨ ᠤ ᠴᠠᠭ ᠠᠭᠤᠷ ᠤᠨ ᠲᠣᠪᠴᠢᠶ᠎ᠠ᠂ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶᠃ | 8 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠢ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ | ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ ᠬᠤᠷᠰᠢᠯᠴᠠᠨ | ᠰᠣᠯᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠳᠤ ᠬᠤᠯᠪᠣᠭᠳᠠᠬᠤ ᠰᠠᠯᠠᠭ᠎ᠠ ᠮᠥᠴᠢᠷ ᠤᠨ | ᠠᠵᠢᠯ ᠤᠨ ᠨᠡᠶᠢᠯᠡᠯ ᠬᠦᠴᠦᠨ ᠢ ᠪᠣᠢ ᠪᠣᠯᠭᠠᠬᠤ ᠬᠡᠷᠡᠭᠲᠡᠢ᠃ ᠨᠠᠷᠢᠯᠢᠬᠵᠢᠭᠤᠯᠤᠭᠰᠠᠨ᠂ ᠵᠠᠬᠢᠶᠠᠯᠠᠭᠰᠠᠨ᠂ ᠰᠢᠭᠤᠳ | ᠨᠡᠪᠲᠡᠷᠡᠬᠦ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠡᠷᠡᠭᠯᠡᠭᠡᠨ ᠤ | ᠮᠡᠷᠭᠡᠵᠢᠯ ᠤᠨ ᠰᠤᠳᠤᠯᠤᠯ ᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠬᠡᠷᠡᠭᠯᠡᠭᠡᠨ ᠤ | ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ︽ᠨᠡᠷᠡᠲᠦ ᠰᠢᠯᠢᠳᠡᠭ ᠣᠨᠴᠠ︾ ᠪᠣᠬᠢᠷᠲᠤᠯ | ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠭᠤᠷ ᠠᠮᠢᠰᠬᠤᠯ ᠤᠨ ᠶᠠᠰᠤ ᠴᠢᠨᠠᠷ ᠤᠨ | ᠭᠡᠷᠡᠴᠢᠯᠡᠯ ᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠠᠭ | ᠠᠭᠤᠷ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠳᠤ ᠴᠠᠭ ᠠᠭᠤᠷ ᠤᠨ | ᠨᠥᠬᠦᠴᠡᠯ ᠨᠢ ᠮᠡᠷᠭᠡᠵᠢᠯ ᠰᠤᠳᠤᠯᠭᠠᠨ ᠢ ᠥᠷᠨᠢᠭᠦᠯᠦᠨ᠎ᠡ᠃ ᠲᠤᠰ ᠭᠠᠵᠠᠷ ᠤᠨ ᠠᠭᠤᠷ ᠠᠮᠢᠰᠬᠤᠯ ᠳᠤ ᠲᠣᠬᠢᠷᠠᠬᠤ | ᠲᠠᠷᠢᠮᠠᠯ ᠲᠠᠷᠢᠬᠤ ᠰᠤᠳᠤᠯᠭᠠᠨ ᠢ ᠥᠷᠨᠢᠭᠦᠯᠦᠨ᠎ᠡ᠃ ︵ᠬᠤᠰᠢᠭᠤᠨ ᠤ ᠴᠠᠭ ᠠᠭᠤᠷ ᠤᠨ ᠲᠣᠪᠴᠢᠶ᠎ᠠ᠂ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶᠃ | ︵ᠳᠥᠷᠪᠡ︶ ᠬᠥᠮᠦᠨ ᠤ ᠬᠦᠴᠦ ᠪᠠᠷ ᠴᠠᠭ ᠠᠭᠠᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠣᠷ ᠠᠴᠠ ᠵᠠᠶᠢᠯᠠᠬᠤ ᠦᠢᠯᠡᠴᠢᠯᠡᠭᠡᠨ ᠤ ᠪᠠᠲᠤᠯᠠᠭ᠎ᠠ ᠶᠢᠨ ᠦᠷ᠎ᠡ ᠠᠰᠢᠭ ᠢ | ᠪᠠᠳᠠᠷᠠᠭᠤᠯᠤᠨ᠎ᠠ | 9. ᠬᠥᠮᠦᠨ ᠤ ᠭᠡᠷᠡᠯ ᠵᠢᠷᠤᠭ ᠤᠨ ᠠᠵᠢᠯ ᠤᠨ ᠣᠨᠣᠪᠴᠢᠲᠤ ᠴᠢᠨᠠᠷ ᠬᠢᠭᠡᠳ ᠰᠢᠨᠵᠢᠯᠡᠬᠦ ᠤᠬᠠᠭᠠᠨᠴᠢ ᠴᠢᠨᠠᠷ ᠢ | ᠳᠡᠭᠡᠭᠰᠢᠯᠡᠭᠦᠯᠦᠨ᠎ᠡ᠃ ᠬᠥᠮᠦᠨ ᠤ ᠬᠦᠴᠦ ᠪᠠᠷ ᠴᠠᠭ ᠠᠭᠠᠷ ᠢ ᠨᠥᠯᠥᠭᠡᠯᠡᠬᠦ ᠠᠵᠢᠯ ᠤᠨ ᠥᠷᠲᠡᠭᠡ ᠶᠢᠨ ᠪᠠᠶᠢᠷᠢᠰᠢᠯ ᠢ | ᠰᠢᠯᠢᠳᠡᠭᠵᠢᠭᠦᠯᠦᠨ᠎ᠡ᠃ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠵᠢᠯᠣᠭᠤᠳᠬᠤ ᠰᠢᠰᠲ᠋ᠧᠮ᠂ | ᠬᠠᠷᠠᠭᠠᠨ ᠳᠠᠪᠲᠠᠮᠵᠢ ᠪᠠᠷ ᠵᠥᠪᠳᠡᠯᠴᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠷᠠᠳᠠᠷ᠂ ᠬᠥᠮᠦᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠣᠨᠴᠠ ᠲᠥᠷᠥᠯ ᠤᠨ ᠠᠵᠢᠭᠯᠠᠯᠲᠠ ᠶᠢᠨ ᠮᠠᠲ᠋ᠧᠷᠢᠶᠠᠯ᠂ ᠳᠠᠭᠠᠭᠤᠯᠢ ᠣᠳᠣ᠂ ᠠᠭᠠᠷ ᠬᠠᠶᠢᠬᠤ | ᠪᠠ ᠠᠦ᠋ᠲ᠋ᠣ᠋ ᠴᠠᠭ ᠠᠭᠤᠷ ᠤᠨ ᠥᠷᠲᠡᠭᠡ ᠵᠡᠷᠭᠡ ᠴᠠᠭ ᠲᠤᠬᠠᠢ ᠳᠤᠨᠢ ᠬᠠᠶᠢᠨ ᠬᠡᠮᠵᠢᠭᠰᠡᠨ ᠮᠠᠲ᠋ᠧᠷᠢᠶᠠᠯ ᠤᠨ | ᠬᠡᠷᠡᠭᠯᠡᠯᠲᠡ ᠶᠢ ᠴᠢᠩᠭᠠᠳᠬᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠳᠠᠯᠳᠠ ᠪᠠᠶᠢᠳᠠᠯ ᠢ | ᠤᠷᠢᠳᠴᠢᠯᠠᠨ ᠮᠡᠳᠡᠭᠡᠯᠡᠬᠦ ᠪᠠ ᠠᠵᠢᠯᠯᠠᠬᠤ ᠭᠦᠢᠴᠡᠳᠬᠡᠬᠦ ᠲᠤᠭ᠎ᠠ ᠶᠢᠨ ᠰᠤᠳᠤᠯᠤᠯ ᠢ ᠭᠦᠨᠵᠡᠭᠡᠶᠢᠷᠡᠭᠦᠯᠵᠦ᠂ | ᠬᠥᠮᠦᠨ ᠤ ᠬᠦᠴᠦ ᠪᠠᠷ ᠠᠵᠢᠯᠯᠠᠬᠤ ᠣᠨᠣᠪᠴᠢᠲᠤ ᠴᠢᠨᠠᠷ ᠬᠢᠭᠡᠳ ᠰᠢᠨᠵᠢᠯᠡᠬᠦ ᠤᠬᠠᠭᠠᠨᠴᠢ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ | ᠬᠤᠭᠤᠴᠠᠭᠠᠨ ᠳᠤ᠂ ᠬᠤᠭᠤᠰᠣᠨ ᠭᠠᠵᠠᠷ ᠰᠢᠷᠣᠢ ᠶᠢ ᠨᠢᠭᠡ ᠴᠣᠭᠴᠠᠵᠢᠭᠤᠯᠤᠨ ᠠᠵᠢᠯᠯᠠᠭᠤᠯᠬᠤ ᠶᠢ ᠥᠷᠨᠢᠭᠦᠯᠦᠨ᠎ᠡ᠃ | ᠠᠮᠢ ᠠᠬᠤᠢ ᠶᠢ ᠰᠡᠷᠭᠦᠭᠡᠬᠦ ᠬᠡᠯᠪᠡᠷᠢ ᠶᠢᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ︵ᠴᠠᠰᠤ︶ ᠶᠢ | ᠬᠡᠪᠰᠢᠭᠦᠯᠦᠨ ᠠᠵᠢᠯᠯᠠᠬᠤ ᠶᠢ ᠥᠷᠨᠢᠭᠦᠯᠦᠨ᠎ᠡ᠃ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ᠂ ᠴᠢᠬᠤᠯᠠ ᠶᠡᠭᠡ ᠨᠡᠶᠢᠭᠡᠮ ᠤᠨ ᠠᠵᠢᠯᠯᠠᠭ᠎ᠠ ᠶᠢᠨ ᠪᠠᠲᠤᠯᠠᠭ᠎ᠠ᠂ ᠭᠠᠩ ᠬᠠᠭᠰᠠᠷᠠᠭᠠᠨ ᠲᠠᠢ ᠲᠡᠮᠡᠴᠡᠵᠦ | ᠭᠠᠮᠰᠢᠭ ᠢ ᠪᠠᠭᠠᠰᠬᠠᠬᠤ ᠵᠡᠷᠭᠡ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠᠴᠢᠮ ᠪᠠᠶᠢᠳᠠᠯ ᠢ | ᠠᠷᠭᠠᠴᠠᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠣᠷᠣᠨ ᠪᠦᠰᠡ ᠠᠯᠤᠰᠯᠠᠨ | ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠤᠨ᠎ᠠ᠃ ︵ᠬᠤᠰᠢᠭᠤᠨ ᠤ ᠴᠠᠭ ᠠᠭᠤᠷ ᠤᠨ ᠲᠣᠪᠴᠢᠶ᠎ᠠ᠂ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠢ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 10. ᠠᠮᠤᠷ ᠲᠦᠪᠰᠢᠨ ᠢᠶᠠᠷ ᠠᠵᠢᠯᠯᠠᠬᠤ ᠪᠠ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠴᠡᠷᠢᠭ ᠠᠩᠭᠢ ᠪᠠ | ᠣᠷᠣᠨ ᠨᠤᠲᠤᠭ ᠬᠠᠮᠵᠢᠯᠴᠠᠬᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠥᠮᠦᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ | ᠠᠵᠢᠯᠯᠠᠬᠤ ᠴᠡᠭ ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠠᠵᠢᠯᠯᠠᠬᠤ ᠲᠣᠨᠤᠭ ᠲᠥᠬᠦᠭᠡᠷᠦᠮᠵᠢ ᠶᠢ ᠤᠶᠤᠨᠴᠢᠯᠠᠨ | ᠥᠭᠡᠷᠡᠴᠢᠯᠡᠬᠦ ᠪᠠ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠲᠦᠷᠭᠡᠳᠬᠡᠵᠦ᠂ ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ᠬᠥᠮᠦᠨ ᠤ | ᠰᠡᠭᠦᠳᠡᠷ ᠤᠨ ᠲᠣᠨᠣᠭᠯᠠᠯ ᠤᠨ ᠪᠠᠷᠠᠭᠠᠨ ᠤ ᠰᠦᠯᠵᠢᠶ᠎ᠡ ᠪᠠ ᠲᠡᠶᠢᠷᠦᠯᠲᠦ ᠰᠤᠮᠤ ᠶᠢᠨ ᠪᠣᠷᠣᠭᠠᠨ ᠣᠷᠣᠭᠤᠯᠬᠤ | ᠠᠵᠢᠯ ᠢ ᠬᠢᠨᠠᠨ ᠡᠵᠡᠮᠳᠡᠵᠦ ᠵᠢᠯᠣᠭᠤᠳᠬᠤ ᠱᠢᠰᠲ᠋ᠧᠮ ᠢ ᠪᠠᠶᠢᠭᠤᠯᠤᠨ᠎ᠠ᠃ ᠣᠯᠠᠨ ᠰᠠᠯᠠᠭ᠎ᠠ ᠮᠥᠴᠢᠷ ᠬᠠᠮᠲᠤᠷᠠᠨ | ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠦᠷᠲᠡᠭᠡ ᠴᠢᠭ᠋᠂ | ᠲᠣᠨᠤᠭ ᠲᠥᠬᠦᠭᠡᠷᠦᠮᠵᠢ᠂ ᠠᠵᠢᠯᠲᠠᠨ᠂ ᠰᠤᠮᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠥᠮᠦᠨ ᠤ ᠬᠦᠴᠦ ᠪᠠᠷ ᠴᠠᠭ | ᠠᠭᠠᠷ ᠢ ᠨᠥᠯᠥᠭᠡᠯᠡᠬᠦ ᠬᠠᠮᠲᠤᠷᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠎ᠡ᠃ ︵ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠴᠠᠭ ᠠᠭᠤᠷ ᠤᠨ | ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠲᠠᠪᠤ︶ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠡᠳ᠋ᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠠᠷᠠᠳ ᠤᠨ ᠠᠮᠢᠳᠤᠷᠠᠯ ᠤᠨ ᠲᠦᠪᠰᠢᠨ ᠢᠶᠠᠨ | ᠳᠡᠭᠡᠭᠰᠢᠯᠡᠭᠦᠯᠦᠨ᠎ᠡ | 11᠂ ᠴᠠᠭ ᠠᠭᠤᠷ ᠤᠨ ᠴᠢᠳᠠᠪᠤᠷᠢ ᠣᠯᠭᠤᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠵᠠᠮ ᠬᠠᠷᠢᠯᠴᠠᠭ᠎ᠠ ᠶᠢᠨ | ᠴᠠᠭ ᠠᠭᠤᠷ ᠤᠨ ᠬᠢᠨᠠᠨ ᠰᠢᠨᠵᠢᠬᠦ ᠦᠷᠲᠡᠭᠡ ᠰᠦᠯᠵᠢᠶ᠎ᠡ ᠶᠢ ᠬᠠᠮᠲᠤᠪᠠᠷ ᠪᠠᠶᠢᠭᠤᠯᠵᠤ᠂ ᠵᠠᠮ ᠬᠠᠷᠢᠯᠴᠠᠭ᠎ᠠ ᠶᠢᠨ ᠴᠠᠭ | ᠠᠭᠤᠷ ᠤᠨ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ ᠪᠠ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠤᠨ᠎ᠠ᠃ ᠶᠡᠭᠡ | ᠰᠠᠯᠬᠢ᠂ ᠪᠣᠷᠣᠭᠠᠨ ︵ᠴᠠᠰᠤ︶᠂ ᠦᠵᠡᠭᠳᠡᠴᠡ ᠳᠣᠣᠷ᠎ᠠ᠂ ᠵᠠᠮ ᠳᠡᠭᠡᠷ᠎ᠡ ᠮᠥᠰᠥ ᠬᠥᠯᠳᠡᠬᠦ ᠵᠡᠷᠭᠡ ᠥᠨᠳᠥᠷ ᠴᠠᠭ | ᠠᠭᠤᠷ ᠢ ᠨᠥᠯᠥᠭᠡᠯᠡᠬᠦ ᠵᠠᠮ ᠬᠠᠷᠢᠯᠴᠠᠭᠠᠨ ᠤ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠰᠡᠷᠡᠮᠵᠢᠯᠡᠭᠦᠯᠦᠯ ᠢ | ᠵᠣᠬᠢᠶᠠᠨ ᠪᠠᠶᠢᠭᠤᠯᠵᠤ ᠨᠡᠶᠢᠲᠡᠯᠡᠨ᠎ᠡ᠃ ᠰᠠᠯᠬᠢᠨ ᠡᠨᠧᠷᠭᠢ ᠶᠢᠨ ᠨᠠᠷᠠᠨ ᠡᠨᠧᠷᠭᠢ ᠶᠢᠨ ᠡᠬᠢ ᠪᠠᠶᠠᠯᠢᠭ ᠢ | ᠨᠠᠷᠢᠯᠢᠭᠵᠢᠭᠤᠯᠤᠨ ᠦᠨᠡᠯᠡᠨ ᠵᠢᠱᠢᠬᠦ ᠶᠢ ᠴᠢᠩᠭᠠᠳᠬᠠᠵᠤ᠂ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ | ᠦᠢᠯᠡᠴᠢᠯᠡᠬᠦ ᠪᠠ ᠪᠠᠲᠤᠯᠠᠬᠤ ᠬᠡᠷᠡᠭᠲᠡᠢ᠃ ᠠᠶᠤᠩᠭᠠᠲᠤ ᠪᠣᠷᠣᠭᠠᠨ᠂ ᠶᠡᠭᠡ ᠰᠠᠯᠬᠢ ᠵᠡᠷᠭᠡ ᠥᠨᠳᠥᠷ ᠨᠥᠯᠥᠭᠡ ᠲᠠᠢ | ᠴᠠᠭ ᠠᠭᠤᠷ ᠤᠨ ᠴᠠᠬᠢᠯᠭᠠᠨ ᠬᠦᠴᠦᠨ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠳᠤ ᠦᠵᠡᠭᠦᠯᠬᠦ ᠴᠠᠭ | ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠬᠡᠷᠡᠭᠲᠡᠢ᠃ ᠪᠦᠬᠦ ᠬᠤᠰᠢᠭᠤᠨ ᠤ ᠡᠬᠢ | ᠪᠠᠶᠠᠯᠢᠭ ᠢ ᠠᠷᠪᠢᠯᠠᠨ ᠡᠷᠴᠢᠮᠵᠢᠭᠦᠯᠬᠦ ᠠᠵᠢᠯ ᠳᠤ ᠬᠦᠴᠦᠨ ᠨᠡᠮᠡᠷᠢᠯᠡᠵᠦ᠂ ᠴᠠᠭ ᠠᠭᠤᠷ ᠤᠨ ᠣᠶᠤᠨᠴᠢ ᠤᠰᠤ | ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠣᠷᠣᠭᠤᠯᠤᠨ ᠠᠪᠴᠢᠷᠠᠵᠤ᠂ ᠢᠯᠴᠢ ᠬᠠᠩᠭᠠᠬᠤ ᠵᠡᠷᠭᠡ ᠬᠦᠷᠢᠶᠡᠨ ᠳᠠᠬᠢ | ᠠᠭᠤᠷ ᠠᠮᠢᠰᠬᠤᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨᠴᠢ ᠠᠰᠢᠭᠯᠠᠯᠲᠠ ᠶᠢ ᠴᠢᠩᠭᠠᠳᠬᠠᠨ᠎ᠠ᠃ ︵ | ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠬᠤᠰᠢᠭᠤᠨ ᠤ ᠢᠯᠴᠢ ᠶᠢᠨ ᠬᠦᠴᠦᠨ ᠤ ᠺᠣᠮᠫᠠᠨᠢ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶ | 12. ᠬᠤᠲᠠ ᠪᠠᠯᠭᠠᠰᠤ ᠶᠢᠨ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ | ᠠᠭᠤᠷ ᠤᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠠᠭᠤᠰᠤᠯᠴᠠᠬᠤ ᠶᠢ ᠠᠬᠢᠭᠤᠯᠤᠨ᠎ᠠ᠃ ᠬᠤᠲᠠ | ᠪᠠᠯᠭᠠᠰᠤ ᠶᠢᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡᠨ ᠲᠣᠣᠷ ᠤᠨ ᠪᠦᠲᠦᠭᠡᠨ ᠪᠠᠶᠢᠭᠤᠯᠵᠤ᠂ ᠬᠤᠲᠠ | ᠪᠠᠯᠭᠠᠰᠤ ᠶᠢᠨ ᠳᠣᠲᠣᠭᠠᠳᠤ ᠤᠰᠤᠲᠤᠯ ᠤᠨ ᠵᠠᠭᠪᠤᠷ ᠢ ᠰᠤᠳᠤᠯᠵᠤ᠂ ᠬᠤᠲᠠ ᠪᠠᠯᠭᠠᠰᠤ ᠶᠢᠨ ᠳᠣᠲᠣᠭᠠᠳᠤ | ᠤᠰᠤᠲᠤᠯ ᠤᠨ ᠴᠠᠭ ᠠᠭᠤᠷ ᠤᠨ ᠲᠦᠭᠰᠢᠭᠦᠷᠢ ᠶᠢ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ | ᠬᠤᠲᠠ ᠪᠠᠯᠭᠠᠰᠤ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ | ᠬᠤᠲᠠ ᠪᠠᠯᠭᠠᠰᠤ ᠶᠢᠨ ᠵᠠᠰᠠᠯᠲᠠ᠂ ᠤᠰᠤ ᠴᠠᠬᠢᠯᠭᠠᠨ ᠬᠠᠩᠭᠠᠬᠤ ᠢᠯᠴᠢ ᠬᠠᠩᠭᠠᠬᠤ ᠵᠡᠷᠭᠡ ᠭᠤᠣᠯᠳᠠᠯᠭ᠎ᠠ ᠲᠠᠢ | ᠬᠦᠷᠢᠶᠡᠨ ᠤ ᠲᠣᠭᠤᠷᠢᠨ ᠳᠤ᠂ ᠨᠠᠷᠢᠯᠢᠬᠵᠢᠭᠤᠯᠤᠭᠰᠠᠨ ᠴᠠᠭ ᠠᠭᠤᠷ ᠤᠨ ᠦᠢᠯᠡᠴᠢᠯᠡᠭᠡ ᠶᠢ ᠯᠠᠪᠳᠠᠭᠤᠨ ᠪᠠᠲᠤᠲᠠᠢ | ᠥᠷᠨᠢᠭᠦᠯᠦᠨ᠎ᠡ᠃ ︵ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ | ᠲᠦᠭᠡᠭᠡᠯ ᠤᠰᠤᠨ ᠤ ᠺᠣᠮᠫᠠᠨᠢ᠂ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠂ ᠬᠤᠰᠢᠭᠤᠨ ᠤ ᠢᠯᠴᠢ ᠶᠢᠨ | ᠬᠦᠴᠦᠨ ᠤ ᠺᠣᠮᠫᠠᠨᠢ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 13. ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠡ᠃ | ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠢ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ | ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠲᠦᠯᠬᠢᠨ | ᠠᠬᠢᠭᠤᠯᠤᠨ᠎ᠠ᠃ ᠴᠠᠭ ᠠᠭᠤᠷ ᠤᠨ ᠦᠢᠯᠡᠴᠢᠯᠡᠭᠡᠨ ᠤ ᠪᠦᠲᠦᠭᠡᠭᠳᠡᠬᠦᠨ ᠤ ᠲᠥᠷᠥᠯ ᠵᠦᠢᠯ ᠢ ᠪᠠᠶᠠᠯᠢᠭᠵᠢᠭᠤᠯᠵᠤ᠂ | ᠴᠠᠭ ᠠᠭᠤᠷ ᠤᠨ ᠦᠢᠯᠡᠴᠢᠯᠡᠭᠡᠨ ᠤ ᠪᠦᠲᠦᠭᠡᠭᠳᠡᠬᠦᠨ ᠤ ᠴᠠᠭ ᠵᠠᠢ ᠶᠢᠨ ᠢᠯᠭᠠᠮᠵᠢ ᠶᠢ ᠳᠡᠭᠡᠭᠰᠢᠯᠡᠭᠦᠯᠵᠦ᠂ ᠠᠷᠠᠳ | ᠣᠯᠠᠨ ᠤ ᠠᠮᠢᠳᠤᠷᠠᠯ᠂ ᠡᠷᠡᠭᠦᠯᠵᠢᠯ ᠰᠤᠪᠢᠯᠠᠯᠲᠠ᠂ ᠰᠡᠯᠡᠭᠦᠴᠡᠯ᠂ ᠵᠢᠭᠤᠯᠴᠢᠯᠠᠯ ᠵᠡᠷᠭᠡ ᠣᠯᠠᠨ ᠡᠰᠢᠴᠢᠯᠡᠭᠰᠡᠨ᠂ | ᠥᠪᠡᠷᠮᠢᠴᠡᠵᠢᠭᠰᠡᠨ ᠪᠠ ᠨᠠᠷᠢᠯᠢᠬᠵᠢᠭᠤᠯᠤᠭᠰᠠᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠴᠠᠭ ᠠᠭᠤᠷ ᠤᠨ | ᠪᠦᠲᠦᠭᠡᠭᠳᠡᠬᠦᠨ ᠢ ᠠᠦ᠋ᠲ᠋ᠣ ᠡᠭᠦᠰᠭᠡᠬᠦ ᠪᠠ ᠨᠠᠷᠢᠯᠢᠭ ᠣᠨᠣᠪᠴᠢᠲᠠᠢ ᠬᠦᠷᠭᠡᠬᠦ ᠲᠤᠬᠠᠶᠢᠯᠠᠭᠰᠠᠨ ᠠᠵᠢᠯ ᠢ | ᠬᠥᠭᠵᠢᠭᠦᠯᠦᠨ᠎ᠡ᠃ ᠬᠤᠰᠢᠭᠤᠨ ᠤ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠯᠠᠪᠤᠷ ᠣᠷᠳᠣᠨ ᠤ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠴᠠᠭ ᠠᠭᠤᠷ ᠤᠨ | ᠭᠠᠮᠰᠢᠭ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠪᠠ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠵᠤ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠤᠰᠢᠭᠤᠨ ᠤ ᠴᠠᠭ | ᠠᠭᠤᠷ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠡᠯ᠎ᠡ ᠬᠠᠮᠢᠶ᠎ᠠ ᠪᠦᠬᠦᠢ | ᠨᠢᠭᠡᠴᠡ ᠨᠦᠭᠦᠳ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠲᠣᠭᠲᠠᠭᠠᠨ᠂ ᠡᠭᠦᠷᠭᠡ ᠶᠢᠨ ᠬᠡᠷᠡᠭᠵᠢᠭᠦᠯᠦᠯᠲᠡ ᠶᠢ ᠲᠦᠯᠬᠢᠨ | ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠠᠭ ᠠᠭᠤᠷ ᠤᠨ ᠦᠢᠯᠡᠰ ᠤᠨ | ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠃ ᠣᠷᠣᠨ ᠨᠤᠲᠤᠭ ᠤᠨ ᠡᠳ᠋ ᠤᠨ | ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠎ᠡ᠃ ᠴᠠᠭ ᠠᠭᠤᠷ ᠤᠨ ᠰᠠᠯᠠᠭ᠎ᠠ | ᠮᠥᠴᠢᠷ ᠤᠨ ᠠᠵᠢᠯᠲᠠᠨ ᠠᠵᠢᠯᠴᠢᠨ ᠤ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠬᠠᠷᠢᠶ᠎ᠠ ᠭᠠᠵᠠᠷ ᠢᠶᠠᠷ ᠨᠢ ᠬᠠᠮᠢᠶᠠᠷᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠳᠠᠯᠢ ᠬᠤᠲᠠ ᠳᠤ ᠠᠳᠠᠯᠢ ᠣᠯᠭᠤᠮᠵᠢ ᠣᠯᠭᠤᠬᠤ ᠶᠢ ᠪᠡᠶᠡᠯᠡᠭᠦᠯᠦᠨ᠎ᠡ᠃ ᠴᠠᠭ ᠠᠭᠤᠷ ᠤᠨ | ᠦᠢᠯᠡᠰ ᠤᠨ ᠠᠵᠢᠯᠯᠠᠭᠠᠨ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠵᠠᠷᠤᠳᠠᠯ ᠢ ᠲᠤᠰ | ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠴᠠᠭ ᠠᠭᠤᠷ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃ | ︵ᠭᠤᠷᠪᠠ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠵᠤ᠃ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ ᠠᠮᠢᠰᠬᠤᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ᠂ ᠠᠶᠤᠩᠭ᠎ᠠ ᠴᠠᠬᠢᠯᠭᠠᠨ ᠤ ᠭᠠᠮᠰᠢᠭ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠪᠠ ᠨᠠᠶᠢᠳᠠᠪᠤᠷᠢᠵᠢᠭᠤᠯᠤᠨ ᠬᠡᠷᠡᠭᠯᠡᠬᠦ ᠠᠵᠢᠯ ᠢ ᠴᠢᠩᠭᠠᠳᠬᠠᠨ᠎ᠠ᠃ | ︵ᠳᠥᠷᠪᠡ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠵᠤ᠃ ᠴᠠᠭ ᠠᠭᠤᠷ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠠᠭᠤᠷ ᠤᠨ ᠴᠢᠳᠠᠪᠤᠷᠢᠲᠠᠨ ᠢ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠵᠤ ᠪᠤᠶᠢᠵᠢᠭᠤᠯᠬᠤ ᠰᠢᠰᠲ᠋ᠧᠮ ᠳᠤ ᠣᠷᠣᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ | ᠂ ᠠᠵᠢᠯ ᠤᠨ ᠪᠠᠶᠢᠷᠢ ᠶᠢᠨ ᠬᠠᠷᠠᠭᠠᠯᠵᠠᠯ᠂ ᠠᠮᠢᠳᠤᠷᠠᠯ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠬᠠᠷᠠᠭᠠᠯᠵᠠᠯ ᠢ | ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ ᠱᠢᠨᠵᠢᠯᠡᠬᠦ ᠤᠬᠠᠭᠠᠨ ᠡᠷᠬᠡᠵᠢᠯ ᠤᠨ ᠡᠭᠦᠳᠦᠯᠲᠡ ᠶᠢ ᠣᠷᠣᠨ | ᠨᠤᠲᠤᠭ ᠤᠨ ᠱᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠱᠢᠰᠲ᠋ᠧᠮ ᠳᠤ ᠣᠷᠣᠭᠤᠯᠤᠨ᠎ᠠ᠃ ᠴᠠᠭ | ᠠᠭᠤᠷ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠯᠠᠨ | ᠬᠦᠷᠢᠶᠡᠨ ᠳᠠᠬᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠠᠮ ᠬᠡᠯᠪᠡᠷᠢ ᠶᠢᠨ ᠴᠠᠭ ᠠᠭᠤᠷ ᠤᠨ | ᠴᠢᠳᠠᠪᠤᠷᠢᠲᠠᠨ ᠢ ᠬᠥᠮᠦᠵᠢᠭᠦᠯᠦᠨ᠎ᠡ᠃ | ︵ᠲᠠᠪᠤ︶ ᠠᠵᠢᠯ ᠤᠨ ᠦᠨᠡᠯᠡᠯᠲᠡ ᠶᠢ ᠴᠢᠩᠭᠠᠳᠬᠠᠵᠤ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠴᠠᠭ | ᠠᠭᠤᠷ ᠤᠨ ᠦᠶ᠋ᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠠᠮᠢᠶ᠎ᠠ ᠪᠦᠬᠦᠢ ᠠᠵᠢᠯ ᠤᠨ | ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠦᠷ᠎ᠡ | ᠪᠦᠲᠦᠮᠵᠢ ᠶᠢ ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠲᠣᠬᠢᠷᠠᠭᠤᠯᠤᠨ ᠦᠨᠡᠯᠡᠨ | ᠵᠢᠱᠢᠬᠦ ᠶᠢ ᠥᠷᠨᠢᠭᠦᠯᠵᠦ᠂ ᠡᠯ᠎ᠡ ᠵᠦᠶ᠋ᠯ ᠤᠨ ᠡᠭᠦᠷᠭᠡ ᠶᠢᠨ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ | ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ |