ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢ ᠣᠲᠣ ᠦᠶ᠎ᠡ ᠶᠢ ᠡᠷᠡᠭᠦᠯ ᠮᠡᠨᠳᠦ — ᠨᠠᠰᠤᠵᠢᠯ ᠤᠨ ᠠᠰᠠᠷᠠᠮᠵᠢ ᠰᠤᠪᠢᠯᠠᠯᠳᠠ ᠶᠢ ᠠᠵᠤ ᠦᠢᠯᠡᠰ ᠤᠨ ᠳᠡᠭᠡᠳᠦ ᠰᠤᠷᠭᠠᠭᠤᠯᠢ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2023/6/1
   ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢ ᠣᠲᠣ ᠦᠶ᠎ᠡ ᠶᠢ ᠡᠷᠡᠭᠦᠯ ᠮᠡᠨᠳᠦ — ᠨᠠᠰᠤᠵᠢᠯ ᠤᠨ ᠠᠰᠠᠷᠠᠮᠵᠢ ᠰᠤᠪᠢᠯᠠᠯᠳᠠ ᠶᠢ ᠠᠵᠤ ᠦᠢᠯᠡᠰ ᠤᠨ ᠳᠡᠭᠡᠳᠦ ᠰᠤᠷᠭᠠᠭᠤᠯᠢ ᠲᠦᠷᠦᠬᠦᠬᠡᠨ ᠵᠢᠩᠬᠢᠨᠢ ᠪᠠᠷ ᠫᠠᠶᠢᠰᠠ ᠡᠯᠬᠦᠨ ᠪᠠᠶᠢᠭᠤᠯᠤᠭᠳᠠᠪᠠ᠃   ᠮᠠᠨ ᠤ ᠤᠷᠤᠨ ᠤ ᠠᠩᠬᠠᠳᠠᠭᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠲᠥᠷᠥᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢ ᠨᠠᠰᠤᠵᠢᠯ ᠤᠨ ᠠᠰᠠᠷᠠᠮᠵᠢ ᠰᠤᠪᠢᠯᠠᠯᠲᠠ ᠶᠢ ᠳᠡᠭᠡᠳᠦ ᠰᠤᠷᠭᠠᠭᠤᠯᠢ ᠨᠢ ︽ᠢᠯᠡ ᠲᠣᠳᠣ ᠣᠨᠴᠠᠯᠢᠭ ᠲᠠᠢ ᠬᠡᠷᠡᠭᠯᠡᠭᠡᠨ ᠤ ᠬᠡᠯᠪᠡᠷᠢ ᠶᠢ ᠨᠠᠰᠤᠵᠢᠯ ᠤᠨ ᠰᠤᠪᠢᠯᠠᠯᠲᠠ ᠶᠢ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠢ ᠪᠠᠶ᠋ᠢᠭᠤᠯᠬᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢ ᠬᠠᠮᠢᠶᠠᠷᠤᠯᠲᠠ ᠵᠢᠴᠢ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠲᠥᠪ︾ ᠢ ᠪᠠᠶ᠋ᠢᠭᠤᠯᠬᠤ ᠪᠠᠷ ᠬᠠᠷᠠᠯᠲᠠ ᠪᠣᠯᠭᠠᠵᠤ᠂ ᠰᠤᠷᠭᠠᠭᠤᠯᠢ ᠡᠷᠭᠢᠯᠡᠬᠦ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ ᠪᠠ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠡᠮᠨᠡᠯᠭᠡ ᠪᠠ ᠰᠤᠷᠭᠠᠨ ᠬᠥᠮᠦᠵᠢᠯ ᠢ ᠬᠠᠮᠵᠢᠯᠴᠠᠭᠤᠯᠬᠤ ᠪᠠ ᠰᠢᠨᠵᠢᠯᠡᠭᠡᠨ ᠤ ᠰᠠᠯᠠᠭ᠎ᠠ ᠶᠢ ᠰᠣᠯᠪᠢᠴᠠᠭᠤᠯᠬᠤ ᠶᠢ ᠭᠦᠨᠵᠡᠭᠡᠢ ᠠᠬᠢᠭᠤᠯᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ᠂ ᠰᠤᠷᠭᠠᠭᠤᠯᠢ ᠪᠠ ᠡᠮᠨᠡᠯᠬᠡ ᠶᠢᠨ ᠬᠤᠷᠢᠶ᠎ᠠ ᠶᠢᠨ ᠬᠠᠮᠲᠤᠷᠠᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠰᠤᠲᠠᠶᠢᠴᠤᠳ ᠢ ᠠᠰᠠᠷᠠᠨ ᠰᠤᠪᠢᠯᠠᠬᠤ ᠡᠷᠡᠭᠦᠯᠵᠢᠯ ᠰᠤᠪᠢᠯᠠᠯᠲᠠ ᠶᠢ ᠬᠤᠯᠪᠣᠭᠠᠲᠤ ᠴᠣᠭᠴᠠ ᠶᠢ ᠪᠠᠶᠢᠭᠤᠯᠤᠯᠲᠠ ᠶᠢ ᠠᠬᠢᠭᠤᠯᠤᠨ᠂ ᠥᠪᠥᠷ ᠮᠣᠩᠭᠤᠯ ᠤᠨ ᠣᠲᠣ ᠦᠶ᠎ᠡ ᠶᠢ ᠡᠷᠡᠭᠦᠯ ᠮᠡᠨᠳᠦ ᠪᠠ ᠨᠠᠰᠤᠵᠢᠯ ᠤᠨ ᠠᠰᠠᠷᠠᠮᠵᠢ ᠶᠢ ᠠᠵᠤ ᠦᠢᠯᠡᠰ ᠤᠨ ᠬᠥᠭᠵᠢᠯᠲᠡ ᠳᠤ ᠵᠣᠬᠢᠴᠠᠬᠤ ᠪᠠ ᠬᠥᠲᠥᠯᠥ᠋ᠨ ᠳᠠᠭᠠᠭᠤᠯᠬᠤ ᠥᠨᠳᠥᠷ ᠬᠡᠪ ᠪᠣᠯᠪᠠᠰᠤᠷᠠᠯ ᠲᠠᠢ ᠬᠡᠷᠡᠭᠯᠡᠭᠡᠨ ᠤ ᠬᠡᠯᠪᠡᠷᠢ ᠶᠢ ᠴᠢᠳᠠᠪᠤᠷᠢᠲᠠᠨ ᠢ ᠨᠠᠩ ᠣᠯᠠᠨ ᠬᠥᠮᠥᠵᠢᠭᠦᠯᠵᠦ᠂ ︽ᠡᠷᠡᠭᠦᠯ ᠡᠩᠬᠡ ᠥᠪᠥᠷ ᠮᠣᠩᠭᠤᠯ︾ ᠤᠨ ᠪᠠᠶᠢᠭᠤᠯᠤᠯᠲᠠ ᠳᠤ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠨ᠎ᠠ᠃   ᠲᠣᠰ ᠰᠤᠷᠭᠠᠭᠤᠯᠢ ᠶᠢ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢ ᠡᠷᠡᠭᠦᠯ ᠮᠡᠨᠳᠦ — ᠨᠠᠰᠤᠵᠢᠯ ᠤᠨ ᠠᠰᠠᠷᠠᠮᠵᠢ ᠰᠤᠪᠢᠯᠠᠯᠳᠠ ᠶᠢ ᠠᠵᠤ ᠦᠢᠯᠡᠰ ᠤᠨ ᠳᠡᠭᠡᠳᠦ ᠰᠤᠷᠭᠠᠭᠤᠯᠢ ᠪᠠᠷ ᠵᠥᠪᠰᠢᠶᠡᠷᠡᠭᠳᠡᠭᠰᠡᠨ ᠨᠢ ᠰᠤᠷᠭᠠᠭᠤᠯᠢ ᠶᠢ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠬᠦ ᠳᠤ ᠰᠢᠨ᠎ᠡ ᠬᠡᠪ ᠵᠠᠭᠪᠤᠷ ᠪᠠ ᠠᠷᠭ᠎ᠠ ᠵᠠᠮ ᠬᠠᠩᠭᠠᠵᠤ᠂ ᠰᠤᠷᠭᠠᠭᠤᠯᠢ ᠶᠢ ᠠᠰᠠᠷᠠᠮᠵᠢ ᠰᠤᠪᠢᠯᠠᠯᠳᠠ ᠶᠢ ᠳᠡᠭᠡᠳᠦ ᠰᠤᠷᠭᠠᠭᠤᠯᠢ ᠶᠢ ᠴᠢᠳᠠᠪᠤᠷᠢᠲᠠᠨ ᠢ ᠬᠥᠮᠥᠵᠢᠭᠦᠯᠬᠦ ᠬᠡᠪ ᠵᠠᠭᠪᠤᠷ ᠤᠨ ᠥᠭᠡᠷᠡᠴᠢᠯᠡᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ ᠬᠦᠴᠦᠲᠡᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠰᠠᠷᠠᠮᠵᠢ ᠶᠢ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠪᠠ ᠰᠤᠷᠭᠠᠨ ᠬᠥᠮᠦᠵᠢᠯ ᠤᠨ ᠬᠡᠯᠬᠢᠶ᠎ᠡ ᠶᠢ ᠪᠦᠲᠦᠮᠵᠢᠲᠡᠶ ᠵᠣᠯᠭᠠᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ ᠭᠡᠵᠦ ᠢᠯᠡᠷᠭᠡᠶᠢᠯᠡᠪᠡ᠃   
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号