ᠲᠦᠷᠦᠬᠦᠬᠡᠨ᠂ ᠠᠷᠪᠠᠨ ᠭᠤᠷᠪᠠᠳᠤᠭᠠᠷ ᠤᠳᠠᠭᠠᠨ ᠤ ︽ᠲᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ | ᠳᠤ ᠲᠤᠬᠢᠶᠠᠯᠳᠤᠭᠤᠯᠤᠨ ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ ᠡᠳᠦᠷ ᠤᠨ ᠭᠤᠤᠯ ᠰᠡᠳᠤᠪᠳᠤ | ᠠᠵᠢᠯᠯᠠᠭ᠎ᠠ ᠲᠤᠯᠤᠨ ᠨᠤᠤᠷ ᠰᠢᠶᠠᠨ ᠤ ᠲᠤᠯᠤᠨ ᠨᠤᠤᠷ ᠤᠨ ᠵᠢᠭᠤᠯᠴᠢᠯᠠᠯ ᠤᠨ ᠦᠵᠡᠮᠵᠢᠲᠦ ᠤᠷᠤᠨ ᠳᠤ | ᠶᠠᠪᠤᠭᠳᠠᠵᠠᠢ᠃ | ᠠᠵᠢᠯᠯᠠᠭ᠎ᠠ ᠳᠤ᠂ ᠲᠤᠰ ᠠᠶᠢᠮᠠᠭ 9 ᠵᠤᠷᠪᠤᠰ ᠰᠢᠯᠢ ᠶᠢᠨ ᠭᠤᠤᠯ ᠤᠨ ᠲᠠᠯ᠎ᠠ ᠨᠤᠲᠤᠭ ᠲᠤ ᠠᠶᠠᠯᠠᠨ | ᠵᠢᠭᠤᠯᠴᠢᠯᠠᠬᠤ ᠵᠢᠭᠤᠯᠴᠢᠯᠠᠯ ᠤᠨ ᠵᠠᠮ ᠱᠤᠭᠤᠮ ᠢ ᠨᠡᠶᠢᠳᠡᠯᠡᠭᠰᠡᠨ ᠪᠠ ᠤᠯᠠᠨ ᠨᠡᠶᠢᠳᠡ ᠶᠢᠨ ᠵᠢᠭᠤᠯᠴᠢᠯᠠᠯ ᠢ ᠲᠡᠳᠬᠦᠨ | ᠲᠡᠮᠵᠢᠬᠦ ᠨᠢᠭᠡ ᠪᠦᠯᠦ᠋ᠭ ᠰᠢᠷᠢᠰ ᠲᠦᠷᠦ ᠶᠢᠨ ᠪᠤᠳᠤᠯᠭ᠎ᠠ ᠶᠢ ᠨᠡᠶᠢᠳᠡᠯᠡᠪᠡ᠃ ᠪᠠᠰᠠ ᠰᠢᠯᠢ ᠶᠢᠨ ᠭᠤᠤᠯ ᠠᠶᠢᠮᠠᠭ ᠤᠨ | ᠮᠢᠩᠭᠠᠨ ᠭᠠᠵᠠᠷ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠵᠠᠮ ᠱᠤᠭᠤᠮ ᠢᠶᠠᠷ ᠠᠶᠠᠯᠠᠨ | ᠵᠢᠭᠤᠯᠴᠢᠯᠠᠭᠰᠠᠨ ᠲᠤᠷᠠᠰᠬᠠᠯ ᠤᠨ ᠪᠡᠯᠡᠭ ᠬᠦᠷᠭᠡᠬᠦ ᠠᠵᠢᠯᠯᠠᠭ᠎ᠠ᠂ ᠵᠢᠭᠤᠯᠴᠢᠯᠠᠯ ᠤᠨ ᠵᠠᠮ ᠱᠤᠭᠤᠮ ᠤᠨ | ᠲᠠᠨᠢᠯᠴᠠᠭᠤᠯᠭ᠎ᠠ ᠶᠢᠨ ᠭᠠᠷ ᠤᠨ ᠦᠰᠦᠭ ᠵᠢᠷᠤᠬᠤ ᠶᠤᠰᠤᠯᠠᠯ ᠵᠡᠷᠭᠡ ᠶᠢ ᠬᠠᠮᠳᠤ ᠳᠤᠨᠢ ᠶᠠᠪᠤᠭᠤᠯᠵᠠᠢ᠃ | ᠡᠨᠡ ᠵᠢᠯ ᠤᠨ ᠭᠤᠤᠯ ᠰᠡᠳᠤᠪᠳᠤ ᠠᠵᠢᠯᠯᠠᠭ᠎ᠠ ᠳᠤ ᠲᠤᠰ ᠠᠶᠢᠮᠠᠭ ᠬᠤᠸᠠ ᠴᠸᠡᠭ ᠭᠦᠸᠤ ᠯᠢᠥᠢ | ᠪᠦᠯᠦ᠋ᠭᠯᠡᠯ ᠯᠦᠭᠡ ᠬᠠᠮᠳᠤᠷᠠᠨ 100 ᠲᠦᠮᠡᠨ ᠲᠦᠭᠦᠷᠢᠭ ᠤᠨ ᠵᠢᠭᠤᠯᠴᠢᠯᠠᠯ ᠤᠨ ᠬᠠᠷᠠᠭᠠᠯᠵᠠᠯ ᠤᠨ ᠲᠡᠮᠳᠡᠭᠳᠤ | ᠭᠠᠷᠭᠠᠵᠤ᠂ ᠨᠢᠰᠭᠡᠯ ᠤᠨ ᠪᠢᠯᠤᠲ ᠤᠨ ᠬᠠᠷᠠᠭᠠᠯᠵᠠᠯ ᠤᠨ ᠲᠡᠮᠳᠡᠭᠳᠤ 2000 ᠬᠤᠪᠢ᠂ ᠵᠢᠭᠤᠯᠴᠢᠯᠠᠯ ᠤᠨ | ᠬᠠᠷᠠᠭᠠᠯᠵᠠᠯ ᠤᠨ ᠲᠡᠮᠳᠡᠭᠳᠤ 1000 ᠬᠤᠪᠢ᠂ ᠪᠠᠭᠤᠳᠠᠯ ᠪᠤᠯᠤᠨ ᠦᠵᠡᠮᠵᠢ ᠶᠢᠨ ᠤᠷᠤᠨ ᠤ ᠡᠭᠦᠳᠡᠨ ᠪᠢᠯᠤᠲ ᠤᠨ | ᠬᠠᠷᠠᠭᠠᠯᠵᠠᠯ ᠤᠨ ᠲᠡᠮᠳᠡᠭᠳᠤ 10000 ᠬᠤᠪᠢ ᠶᠢ ᠲᠠᠷᠬᠠᠭᠠᠵᠠᠢ᠃ |