ᠤᠷᠴᠢᠮᠬᠠᠨ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ ᠠᠴᠠ ︽ᠠ᠊ · | ᠡᠷᠳᠡᠨᠢᠪᠡᠶᠡᠷ ᠤᠨ ᠵᠤᠬᠢᠶᠠᠯ ᠪᠦᠳᠤᠭᠡᠯ ᠤᠨ ᠴᠢᠭᠤᠯᠭᠠᠨ︾ ︵ᠵᠢᠷᠭᠤᠭᠠᠨ ᠪᠤᠳᠢ︶ ᠢ ᠬᠡᠪᠯᠡᠬᠦᠯᠪᠡ᠃ | ᠠ᠊ · ᠡᠷᠳᠡᠨᠢᠪᠠᠶᠠᠷ ︵1962 — 2019︶ ᠪᠤᠯ ᠰᠤᠷᠭᠠᠨ ᠬᠦᠮᠤᠵᠢᠯ ᠤᠨ ᠶᠠᠮᠤᠨ ᠤ ︽ᠴᠠᠩ ᠵᠢᠶᠠᠩ | ᠡᠷᠳᠡᠮᠳᠡᠨ ᠢ ᠬᠦᠬᠢᠬᠦᠯᠤᠨ ᠱᠠᠩᠨᠠᠬᠤ ᠲᠦᠯᠤᠪᠯᠡᠭᠡ︾ ᠶᠢᠨ ᠤᠨᠴᠠ ᠤᠷᠢᠬᠰᠠᠨ ᠫᠷᠤᠹᠤᠰᠰᠤᠷ᠂ ᠦᠪᠤᠷ | ᠮᠤᠩᠭᠤᠯ ᠤᠨ ᠶᠡᠭᠡ ᠰᠤᠷᠭᠠᠭᠤᠯᠢ ᠶᠢᠨ ᠬᠤᠶᠠᠳᠤᠭᠠᠷ ᠲᠡᠰ ᠤᠨ ᠫᠷᠤᠹᠤᠰᠰᠤᠷ᠂ ᠳ᠋ᠤᠺᠲ᠋ᠤᠷᠠᠨᠲ ᠤᠨ ᠵᠢᠯᠤᠭᠤᠳᠤᠬᠴᠢ | ᠪᠠᠭᠰᠢ᠂ ᠮᠤᠩᠭᠤᠯ ᠰᠤᠳᠤᠯᠤᠯ ᠤᠨ ᠲᠡᠭᠡᠳᠤ ᠰᠤᠷᠭᠠᠭᠤᠯᠢ ᠶᠢᠨ ᠲᠡᠳ᠋ ᠵᠠᠬᠢᠷᠤᠯ ︵ᠠᠵᠢᠯ ᠡᠷᠬᠢᠯᠡᠭᠰᠡᠨ︶ ᠪᠠ | ᠮᠤᠩᠭᠤᠯ ᠲᠦᠪᠡᠳ ᠤᠨ ᠰᠤᠶᠤᠯ ᠰᠤᠳᠤᠯᠬᠤ ᠲᠦᠪ ᠤᠨ ᠡᠷᠬᠢᠯᠡᠭᠴᠢ ᠪᠠᠶᠢᠪᠠ᠃ ᠲᠡᠷᠡ ᠪᠠᠰᠠ ᠲᠦᠷᠤ ᠶᠢᠨ | ᠶᠠᠪᠤᠳᠠᠯ ᠤᠨ ᠬᠤᠷᠢᠶᠠᠨ ᠤ ᠡᠷᠳᠡᠮ ᠤᠨ ᠵᠡᠷᠭᠡ ᠶᠢᠨ ᠵᠦᠪᠯᠡᠯ ᠤᠨ ᠵᠢᠷᠭᠤᠳᠤᠭᠠᠷ᠂ ᠲᠤᠯᠤᠳᠤᠭᠠᠷ ᠬᠤᠭᠤᠴᠠᠭᠠᠨ ᠤ | ᠲᠤᠮᠳᠠᠳᠤ ᠤᠯᠤᠰ ᠤᠨ ᠬᠡᠯᠡ ᠤᠳᠬ᠎ᠠ ᠵᠤᠬᠢᠶᠠᠯ ᠤᠨ ᠡᠷᠳᠡᠮ ᠤᠨ ᠰᠠᠯᠠᠭᠠᠨ ᠤ ᠰᠢᠯᠭᠠᠨ ᠲᠤᠬᠳᠠᠭᠠᠬᠤ | ᠲᠤᠭᠤᠶᠢᠯᠠᠩ ᠤᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠡᠷᠳᠡᠮ ᠤᠨ ᠵᠡᠷᠭᠡ ᠶᠢᠨ ᠵᠦᠪᠯᠡᠯ ᠤᠨ ᠬᠡᠰᠢᠬᠦᠨ᠂ | ᠦᠪᠤᠷ ᠮᠤᠩᠭᠤᠯ ᠤᠨ ᠤᠮᠠᠷᠠᠳᠤ ᠶᠢᠨ ᠦᠨᠳᠤᠰᠤᠳᠡᠨ ᠤ ᠰᠤᠶᠤᠯ ᠤᠨ ᠦᠪ ᠤᠨ ᠰᠤᠳᠤᠯᠭᠠᠨ ᠤ ᠨᠡᠶᠢᠭᠡᠮᠯᠢᠭ ᠤᠨ | ᠲᠠᠷᠤᠭ᠎ᠠ ᠵᠡᠷᠭᠡ ᠡᠷᠳᠡᠮ ᠰᠢᠨᠵᠢᠯᠡᠭᠡᠨ ᠤ ᠲᠤᠰᠢᠶᠠᠯ ᠢ ᠡᠬᠦᠷᠭᠡᠯᠡᠵᠤ ᠦᠡᠭᠭᠡᠷᠡᠪᠡ᠃ ᠤᠯᠤᠰ ᠤᠨ ︽ᠲᠦᠮᠡᠨ | ᠬᠦᠮᠤᠨ ᠤ ᠲᠦᠯᠤᠪᠯᠡᠭᠡ︾ ᠶᠢᠨ ᠲᠠᠭᠠᠭᠤᠯᠤᠬᠴᠢ ᠴᠢᠳᠠᠪᠤᠷᠢᠳᠡᠨ᠂ ᠰᠤᠶᠤᠯ ᠤᠨ ᠨᠡᠷᠡᠳᠤ ᠬᠦᠮᠤᠨ ᠵᠢᠴᠢ ︽ | ᠲᠦᠷᠪᠡᠨ ᠨᠢᠭᠡ ᠪᠦᠯᠦ᠋ᠭ︾ ᠤᠨ ᠴᠢᠳᠠᠪᠤᠷᠢᠳᠠᠨ᠂ ᠲᠦᠷᠤ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠤᠷᠳᠤᠨ ᠤ | ᠤᠨᠴᠠ ᠨᠦᠬᠦᠪᠤᠷᠢ ᠶᠢ ᠬᠦᠷᠳᠡᠭᠴᠢ᠂ ᠦᠪᠡᠷᠳᠡᠭᠡᠨ ᠵᠠᠰᠠᠬᠤ ᠤᠷᠤᠨ ᠤ ︽ᠲᠠᠯ᠎ᠠ ᠨᠤᠳᠤᠭ ᠤᠨ ᠴᠢᠳᠠᠪᠤᠷᠢᠳᠠᠨ︾ ᠤ | ᠢᠨᠵᠤᠨᠤᠷᠢᠩ ᠤᠨ ᠴᠢᠳᠠᠪᠤᠷᠢᠳᠡᠨ ᠵᠢᠴᠢ ᠠᠵᠤ ᠦᠢᠯᠡᠰ ᠤᠨ ᠰᠢᠨ᠎ᠠ ᠶᠢ ᠡᠬᠦᠳᠬᠦ ᠴᠢᠳᠠᠪᠤᠷᠢᠳᠡᠨ ᠤ ᠬᠠᠮᠳᠤ | ᠨᠠᠶᠢᠳᠠ ᠶᠢᠨ ᠲᠠᠭᠠᠭᠤᠯᠤᠬᠴᠢ ᠪᠠᠶᠢᠬᠰᠠᠨ ᠪᠦᠭᠡᠳ ᠦᠪᠤᠷ ᠮᠤᠩᠭᠤᠯ ᠤᠨ ᠭᠠᠷᠮᠠᠭᠠᠢ ᠴᠢᠳᠠᠪᠤᠷᠢᠳᠡᠨ ᠤ ᠱᠠᠩᠨᠠᠯ ᠢ | ᠬᠦᠷᠳᠡᠵᠠᠢ᠃ |