ᠤᠯᠠᠨ ᠤ ᠬᠦᠷᠢᠶᠡᠯᠡᠯ ᠢ ᠤᠯᠤᠬᠰᠠᠨ ᠨᠤᠮ ᠬᠠᠨᠳᠢᠪᠯᠠᠬᠤ ᠠᠵᠢᠯᠯᠠᠭ᠎ᠠ
ᠨᠡᠶᠢᠲᠡᠯᠡᠭᠰᠡᠨ ᠴᠠᠭ᠄
2023/6/16
   ᠠᠯᠠᠱᠠ ᠠᠶᠢᠮᠠᠭ ᠤᠨ 2023 ᠤᠨ ᠤ ︽ᠪᠢᠴᠢᠭ ᠤᠨ ᠰᠤᠷᠪᠤᠯᠵᠢᠳᠤ ᠠᠯᠠᠱᠠ︾ ᠪᠦᠬᠦ ᠠᠷᠠᠳ ᠢᠶᠠᠷ ᠢᠶᠠᠨ ᠨᠤᠮ ᠤᠡᠭᠰᠢᠬᠤ ᠰᠢᠷᠢᠰ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠤᠶᠢᠷ᠎ᠠ ᠳᠤ ᠪᠠᠶᠠᠨᠬᠤᠳᠠ ᠶᠢᠨ ᠰᠢᠨ᠎ᠠ ᠡᠷᠢᠨ ᠠᠭᠤᠳᠠᠮ ᠲᠠᠯᠪᠠᠢ ᠳᠤ ᠶᠠᠪᠤᠬᠳᠠᠨ᠂ ᠠᠯᠠᠱᠠ ᠵᠡᠬᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠭᠤᠴᠢᠨ ᠨᠣᠮ ᠢᠶᠠᠷ ᠰᠢᠨ᠎ᠡ ᠪᠣᠳᠠᠰ ᠰᠣᠯᠢᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠠᠬᠤᠢ ᠲᠠᠯᠠᠪᠤᠷ ᠤᠨ ᠬᠠᠮᠤᠭ ᠬᠦᠷᠢᠶᠡᠯᠡᠯ ᠲᠠᠢ ᠠᠵᠢᠯᠯᠠᠭ᠎ᠠ ᠪᠤᠯᠤᠬᠰᠠᠨ ᠪᠠᠶᠢᠨ᠎ᠠ᠃︽ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠣᠷᠴᠢᠨ ᠲᠣᠭᠤᠷᠢᠨ ᠤ ᠠᠵᠢᠯᠴᠢᠳ ᠲᠤ ᠨᠢᠭᠡ ᠰᠠᠶᠢᠨ ᠨᠣᠮ ᠬᠠᠨᠳᠢᠪᠯᠠᠶ᠎ᠠ︾ ᠭᠡᠬᠦ ᠭᠤᠤᠯ ᠰᠡᠳᠦᠪ ᠢᠶᠠᠷ ᠶᠠᠪᠤᠬᠳᠠᠬᠰᠠᠨ ᠲᠤᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠭᠡᠷ ᠲᠡᠭᠡᠨ ᠪᠠᠶᠢᠭ᠎ᠠ ᠬᠠᠭᠤᠴᠢᠨ ᠨᠤᠮ ᠢᠶᠠᠨ ᠠᠬᠤᠢ ᠲᠠᠯᠠᠪᠠᠢ ᠳᠤ ᠠᠪᠴᠢᠷᠠᠨ ᠬᠠᠨᠳᠢᠪᠯᠠᠵᠤ᠂ 1 ᠠᠴᠠ 3 ᠨᠤᠮ ᠬᠠᠨᠳᠢᠪᠯᠡᠪᠡᠯ 15 ᠲᠦᠭᠦᠷᠢᠭ ᠤᠨ ᠪᠤᠳᠠᠰ ᠬᠦᠷᠭᠡᠨ᠂ 4 ᠠᠴᠠ 5 ᠨᠤᠮ ᠬᠠᠨᠳᠢᠪᠯᠡᠪᠡᠯ 25 ᠲᠦᠭᠦᠷᠢᠭ ᠤᠨ ᠪᠤᠳᠠᠰ ᠬᠦᠷᠭᠡᠨ᠂ 6 ᠠᠴᠠ ᠲᠡᠭᠡᠭᠰᠢ ᠨᠤᠮ ᠬᠦᠷᠭᠡᠪᠡᠯ 35 ᠲᠦᠭᠦᠷᠢᠭ ᠤᠨ ᠪᠤᠳᠠᠰ ᠭᠦᠷᠭᠡᠵᠤ᠂ ᠠᠵᠢᠯᠯᠠᠭ᠎ᠠ ᠪᠠᠷ ᠲᠠᠮᠵᠢᠨ ᠪᠢᠴᠢᠭ ᠤᠨ ᠦᠨᠦᠷ ᠢᠶᠠᠷ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠪᠠᠶᠠᠷ ᠪᠠᠶᠠᠰᠤᠯ ᠲᠠᠢ ᠠᠵᠢᠯᠯᠠᠬᠤ᠂ ᠡᠷᠡᠭᠦᠯ ᠴᠢᠭᠢᠷᠠᠭ ᠠᠮᠢᠳᠤᠷᠠᠬᠤ ᠶᠢ ᠰᠠᠨᠠᠭᠠᠴᠢᠯᠠᠨ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠠᠵᠢᠯ ᠤᠨ ᠢᠳᠡᠪᠬᠢᠵᠢᠯ ᠪᠠ ᠪᠦᠲᠦᠭᠡᠯᠴᠢ ᠴᠢᠨᠠᠷ ᠢ ᠬᠥᠭᠵᠢᠭᠡᠵᠦ᠂ ᠬᠠᠶᠢᠷ᠎ᠠ ᠬᠠᠯᠠᠮᠵᠢ ᠪᠠᠨ ᠡᠷᠭᠦᠬᠦ ᠶᠢᠨ ᠬᠠᠮᠲᠤ ᠪᠠᠰᠠ ᠬᠡᠷ ᠪᠦᠯᠢ ᠶᠢᠨ ᠠᠮᠢᠳᠤᠷᠠᠯ ᠳᠤ ᠥᠩᠭᠡ ᠬᠡᠷᠡᠯ ᠨᠡᠮᠡᠷᠢᠯᠡᠵᠦ᠂ ᠡᠬᠢ ᠪᠠᠶᠠᠯᠢᠭ ᠤᠨ ᠠᠭᠤᠰᠤᠯᠴᠠᠯ ᠬᠢᠭᠡᠳ ᠦᠨᠳᠦᠰᠦᠨ ᠱᠠᠲᠤᠨ ᠳᠤ ᠦᠢᠯᠡᠴᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ᠂ ᠣᠷᠴᠢᠨ ᠲᠣᠭᠤᠷᠢᠨ ᠤ ᠠᠵᠢᠯᠴᠢᠨ ᠳᠤ ᠦᠨᠡᠨ ᠰᠡᠳᠭᠢᠯ ᠠᠴᠠ ᠪᠠᠨ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ ᠥᠭᠭᠦ ᠶᠢ ᠵᠤᠷᠢᠬᠰᠠᠨ ᠪᠠᠶᠢᠨ᠎ᠠ᠃   ᠥᠷᠭᠡᠨ ᠣᠯᠠᠨ ᠬᠤᠭᠤᠯᠠ ᠬᠦᠷᠭᠡᠭᠴᠢ᠂ ᠠᠴᠢᠶᠠᠨ ᠤ ᠮᠠᠰᠢᠨ ᠤ ᠵᠢᠯᠣᠭᠤᠴᠢ᠂ ᠣᠷᠴᠢᠨ ᠲᠣᠭᠤᠷᠢᠨ ᠤ ᠠᠵᠢᠯᠴᠢᠨ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠭᠡᠷ ᠤᠨ ᠭᠠᠳᠠᠨᠠᠬᠢ ᠬᠥᠳᠡᠯᠮᠦᠷᠢᠴᠢᠳ ᠲᠤ ᠬᠠᠯᠠᠮᠵᠢᠯᠠᠯ ᠬᠦᠷᠲᠡᠭᠡᠬᠦ ᠶᠢᠨ ᠲᠤᠯᠠᠳᠠ 2016 ᠣᠨ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠭᠡᠷ ᠤᠨ ᠭᠠᠳᠠᠨᠠᠬᠢ ᠬᠥᠳᠡᠯᠮᠦᠷᠢᠴᠢᠳ ᠲᠤ ᠦᠢᠯᠡᠴᠢᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠦ᠋ᠨ᠂ ᠪᠠᠶᠠᠨᠬᠤᠲᠠ ᠪᠠᠯᠭᠠᠰᠤᠨ ᠤ ᠬᠤᠭ ᠨᠣᠪᠰᠢ ᠳᠠᠮᠵᠢᠭᠤᠯᠬᠤ ᠥᠷᠲᠡᠭᠡ ᠶᠢᠨ ᠠᠮᠠᠷᠠᠬᠤ ᠭᠡᠷ ᠪᠠ ᠤᠰᠤ ᠪᠠᠷ ᠴᠡᠪᠡᠷᠰᠢᠭᠦᠯᠬᠦ ᠵᠣᠷᠯᠣᠩ ᠤᠨ ᠠᠮᠠᠷᠠᠬᠤ ᠭᠡᠷ ᠵᠡᠷᠭᠡ ᠶᠢ ᠪᠠᠶᠢᠭᠤᠯᠤᠨ᠂ ︽ᠬᠠᠶᠢᠷ᠎ᠠ ᠬᠠᠯᠠᠮᠵᠢ ᠶᠢᠨ ᠤᠯᠠᠭ᠎ᠠ ᠥᠷᠲᠡᠭᠡ︾᠂ ︽ᠭᠡᠷ ᠤᠨ ᠭᠠᠳᠠᠨᠠᠬᠢ ᠬᠥᠳᠡᠯᠮᠦᠷᠢᠴᠢᠳ ᠤᠨ ᠥᠷᠲᠡᠭᠡ︾ ᠵᠡᠷᠭᠡ ᠭᠡᠷ ᠤᠨ ᠭᠠᠳᠠᠨᠠᠬᠢ ᠬᠥᠳᠡᠯᠮᠦᠷᠢᠴᠢᠳ ᠤᠨ ᠲᠦᠷ ᠴᠠᠭ ᠠᠮᠠᠷᠠᠬᠤ ᠭᠠᠵᠠᠷ ᠢ ᠨᠡᠶᠢᠲᠡ 11 ᠥᠷᠲᠡᠭᠡ ᠪᠠᠶᠢᠭᠤᠯᠤᠨ᠂ 1123 ᠬᠥᠳᠡᠯᠮᠦᠷᠢᠴᠢᠨ ᠢ ᠬᠠᠮᠤᠷᠴᠦ᠂ 2022 ᠣᠨ ᠳᠤ ᠨᠡᠶᠢᠲᠡ 103880 ᠬᠥᠮᠦᠨ ︵ᠤᠳᠠᠭ᠎ᠠ︶ ᠳᠤ ᠦᠢᠯᠡᠴᠢᠯᠡᠪᠡ᠃   ︽ᠬᠠᠶᠢᠷ᠎ᠠ ᠬᠠᠯᠠᠮᠵᠢ ᠶᠢᠨ ᠥᠷᠲᠡᠭᠡ︾ ᠵᠢᠴᠢ ︽ᠬᠡᠷ ᠤᠨ ᠭᠠᠳᠠᠨᠠᠬᠢ ᠬᠥᠳᠡᠯᠮᠦᠷᠢᠴᠢᠳ ᠤᠨ ᠥᠷᠲᠡᠭᠡ︾ ᠶᠢᠨ ︽ᠨᠣᠮ ᠤᠨ ᠪᠤᠯᠤᠩ︾ ᠢ ᠨᠠᠩ ᠡᠯᠪᠡᠭᠵᠢᠭᠦᠯᠬᠦ ᠶᠢᠨ ᠲᠥᠯᠥ᠋ᠭᠡ ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠵᠦ᠂ ︽ᠪᠥᠬᠦ ᠠᠷᠠᠳ ᠤᠨ ᠤᠩᠰᠢᠯᠭ᠎ᠠ︾ ᠶᠢᠨ ᠣᠶᠢᠯᠠᠭᠠᠭᠳᠠᠬᠤᠨ ᠢ ᠲᠦᠭᠡᠮᠡᠯᠵᠢᠭᠦᠯᠬᠦ ᠶᠢ ᠠᠬᠢᠭᠤᠯᠤᠬᠰᠠᠨ ᠢᠶᠠᠷ ᠪᠠᠷᠠᠬᠤ ᠥᠬᠡᠶ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠨ ᠠᠰᠢᠭᠯᠠᠵᠦ ᠪᠤᠯᠬᠤ ᠪᠣᠬᠢᠷᠲᠤᠯ ᠥᠬᠡᠶ ᠠᠮᠢᠳᠤᠷᠠᠯ ᠤᠨ ᠣᠶᠢᠯᠠᠭᠠᠭᠳᠠᠬᠤᠨ ᠢ ᠤᠯᠠᠨ ᠲᠦᠮᠡᠨ ᠳᠤ ᠤᠬᠠᠭᠤᠯᠤᠨ ᠰᠤᠷᠲᠠᠯᠴᠢᠯᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号