ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠢᠩᠬᠢᠮ ᠠᠴᠠ | ︽2023 ᠣᠨ ᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ | ᠲᠥᠷᠥᠯ ᠵᠦᠶ᠋ᠯ ᠢ ᠲᠤᠰᠠᠯᠠᠨ ᠳᠡᠮᠵᠢᠬᠦ ᠶᠢ ᠵᠥᠪᠰᠢᠶᠡᠷᠡᠬᠦ ᠲᠤᠬᠠᠶ ᠮᠡᠳᠡᠭᠳᠡᠯ︾ ᠪᠠᠭᠤᠯᠭᠠᠪᠠ᠂ ᠦᠪᠦᠷ ᠮᠤᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ 130 ᠲᠥᠷᠥᠯ ᠵᠦᠶ᠋ᠯ ᠰᠡᠳᠤᠪ ᠲᠤᠬᠳᠠᠭᠠᠬᠤ ᠵᠥᠪᠰᠢᠶᠡᠷᠡᠯ ᠢ ᠤᠯᠵᠤ᠂ | 2023 ᠣᠨ ᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ | ᠲᠥᠷᠥᠯ ᠵᠦᠶ᠋ᠯ ᠤᠨ ᠰᠡᠳᠤᠪ ᠲᠤᠬᠳᠠᠭᠠᠭᠰᠠᠨ ᠲᠤᠭ᠎ᠠ ᠪᠠᠷ ᠲᠡᠷᠢᠬᠦᠨ ᠳᠤ ᠤᠷᠤᠪᠠ᠃ | ᠤᠶᠢᠯᠠᠭᠠᠭᠰᠠᠨ ᠢᠶᠠᠷ᠂ ᠰᠡᠳᠦᠪ ᠲᠣᠭᠲᠠᠭᠠᠬᠤ ᠵᠥᠪᠰᠢᠶᠡᠷᠡᠯ ᠢ ᠣᠯᠤᠭᠰᠠᠨ 130 ᠲᠥᠷᠥᠯ ᠵᠦᠶ᠋ᠯ ᠤᠨ | ᠳᠣᠲᠣᠷ᠎ᠠ᠂ ᠭᠤᠤᠯᠳᠠᠯᠭ᠎ᠠ ᠲᠠᠢ ᠲᠥᠷᠥᠯ ᠵᠦᠶ᠋ᠯ 3᠂ ᠭᠠᠷᠮᠠᠭᠠᠶ ᠵᠠᠯᠠᠭᠤᠴᠤᠳ ᠤᠨ ᠰᠠᠭᠤᠷᠢ ᠮᠥᠩᠭᠦ ᠶᠢᠨ ᠲᠥᠷᠥᠯ | ᠵᠦᠶ᠋ᠯ 3᠂ ᠡᠩ ᠤᠨ ᠲᠥᠷᠥᠯ ᠵᠦᠶ᠋ᠯ 45᠂ ᠵᠠᠯᠠᠭᠤᠴᠤᠳ ᠤᠨ ᠰᠠᠭᠤᠷᠢ ᠮᠥᠩᠭᠦ ᠶᠢᠨ ᠲᠥᠷᠥᠯ ᠵᠦᠶ᠋ᠯ 21᠂ | ᠵᠠᠳᠠᠯᠤᠨ ᠰᠢᠯᠭᠠᠬᠤ ᠲᠤᠰᠬᠠᠶ ᠵᠦᠶ᠋ᠯ 1᠂ ᠬᠠᠮᠳᠤᠷᠠᠭᠰᠠᠨ ᠰᠠᠭᠤᠷᠢ ᠮᠥᠩᠭᠦ ᠶᠢᠨ ᠲᠥᠷᠥᠯ ᠵᠦᠶ᠋ᠯ 57 ᠪᠠᠶᠢᠵᠤ᠂ | ᠲᠤᠰᠠᠯᠠᠮᠵᠢ ᠶᠢᠨ ᠨᠣᠷᠮ᠎ᠠ 59.6% ᠳᠤ ᠬᠦᠷᠴᠤ᠂ ᠲᠤᠰᠠᠯᠠᠮᠵᠢ ᠶᠢᠨ ᠵᠠᠷᠤᠳᠠᠯ 1076 ᠲᠦᠮᠡᠨ ᠲᠥᠭᠦᠷᠢᠭ ᠲᠧ | ᠬᠦᠷᠴᠠᠢ᠃ | ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ | ᠰᠤᠳᠤᠯᠭᠠᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠭᠤᠷᠢ ᠰᠤᠳᠤᠯᠭᠠᠨ ᠢ ᠲᠡᠳᠬᠦᠬᠦ ᠠᠷᠭ᠎ᠠ ᠵᠠᠮ ᠢ | ᠥᠷᠭᠡᠳᠭᠡᠵᠦ᠂ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ ᠴᠢᠳᠠᠪᠤᠷᠢᠲᠠᠨ ᠤ ᠪᠦᠯᠬᠦᠮ | ᠨᠡᠶᠢᠲᠡ ᠶᠢ ᠬᠥᠮᠦᠵᠢᠭᠦᠯᠬᠦ ᠶᠢ ᠠᠬᠢᠭᠤᠯᠬᠤ ᠶᠢᠨ ᠲᠥᠯᠥ᠋ᠭᠡ᠂ 2023 ᠣᠨ ᠳᠤ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠬᠠᠮᠳᠤᠷᠠᠭᠰᠠᠨ ᠰᠠᠭᠤᠷᠢ ᠮᠥᠩᠭᠦ ᠶᠢᠨ ᠪᠦᠷᠢᠯᠳᠦᠬᠦᠨ | ᠨᠢᠭᠡᠴᠢ ᠪᠣᠯᠬᠤ ᠪᠠᠷ ᠭᠤᠶᠤᠴᠢᠯᠠᠬᠤ ᠶᠢᠨ ᠬᠠᠮᠳᠤ ᠵᠥᠪᠰᠢᠶᠡᠷᠡᠯ ᠢ ᠤᠯᠵᠤ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠠᠢ ᠬᠠᠮᠲᠤ ᠪᠠᠷ ᠪᠠᠯᠠ ᠮᠦᠡᠭᠬᠦ ᠭᠠᠷᠭᠠᠵᠤ ᠨᠠᠩ ᠣᠯᠠᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠭᠠᠨ ᠤ ᠠᠵᠢᠯᠲᠠᠨ ᠤ ᠰᠠᠭᠤᠷᠢ ᠰᠢᠨᠵᠢᠯᠡᠬᠦ ᠤᠬᠠᠭᠠᠨ ᠤ | ᠰᠤᠳᠤᠯᠭᠠᠨ ᠥᠷᠨᠢᠭᠦᠯᠬᠦ ᠶᠢ ᠳᠡᠮᠵᠢᠪᠡ᠃ ᠬᠠᠮᠲᠤᠷᠠᠭᠰᠠᠨ ᠰᠠᠭᠤᠷᠢ ᠮᠥᠩᠭᠦ ᠶᠢᠨ ᠲᠥᠷᠥᠯ ᠵᠦᠶ᠋ᠯ ᠢ | ᠪᠠᠶᠢᠭᠤᠯᠤᠭᠰᠠᠨ ᠨᠢ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠠᠭᠤᠷᠢ | ᠰᠤᠳᠤᠯᠭᠠᠨ ᠳᠤ ᠣᠷᠣᠯᠴᠠᠬᠤ ᠬᠠᠯᠠᠭᠤᠨ ᠰᠡᠳᠭᠢᠯᠭᠡ ᠶᠢ ᠪᠦᠲᠦᠮᠵᠢᠲᠡᠶ ᠳᠠᠶᠢᠴᠢᠯᠠᠵᠤ᠂ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠵᠠᠢ᠃ | |