︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/27
    ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                      2023 ᠣᠨ ᠤ 6 ᠰᠠᠷ᠎ᠠ ᠶᠢᠨ 27᠎ ᠤ ᠡᠳᠦᠷ        ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ      ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ︵ᠳᠣᠷᠣᠭᠰᠢ ᠡᠮᠴᠢᠯᠡᠭᠡᠨ ᠤ ᠬᠠᠮᠲᠤ ᠶᠢᠨ ᠴᠣᠭᠴᠠ ᠭᠡᠵᠦ ᠲᠣᠪᠴᠢᠯᠠᠨ᠎ᠠ︶᠎ ᠶᠢᠨ ᠪᠠᠶᠢᠭᠤᠯᠤᠯᠲᠠ ᠪᠣᠯ ᠰᠢᠨ᠎ᠡ ᠨᠢᠭᠡ ᠡᠭᠡᠯᠵᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠨᠡᠶᠢᠯᠡᠮᠡᠯ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠮᠠᠨ ᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠤᠨ ᠰᠢᠨ᠎ᠡ ᠪᠠᠶᠢᠷᠢᠰᠢᠯ ᠢ ᠪᠣᠢ ᠪᠣᠯᠭᠠᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠠᠷᠠᠳ ᠣᠯᠠᠨ ᠳᠤ ᠪᠦᠬᠦ ᠲᠠᠯ᠎ᠠ ᠶᠢᠨ ᠪᠦᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠲᠣᠭᠲᠠᠴᠠ ᠶᠢ ᠪᠠᠶᠢᠭᠤᠯᠬᠤ᠂ ᠵᠠᠭᠪᠤᠷ ᠢ ᠬᠤᠪᠢᠷᠠᠭᠤᠯᠬᠤ᠂ ᠡᠷᠡᠭᠦᠯ ᠮᠡᠨᠳᠦ ᠶᠢ ᠠᠬᠢᠭᠤᠯᠬᠤ ᠶᠢ ᠬᠦᠴᠦᠯᠡᠨ ᠴᠢᠩᠭᠠᠳᠬᠠᠵᠤ᠂ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠦᠨ᠂ ᠬᠠᠮᠢᠶᠠᠷᠤᠯᠲᠠ ᠶᠢᠨ ᠪᠠᠶᠢᠭᠤᠯᠤᠯ ᠢ ᠥᠭᠡᠷᠡᠴᠢᠯᠡᠵᠦ᠂ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠵᠠᠭᠪᠤᠷ ᠢ ᠰᠠᠶᠢᠵᠢᠷᠠᠭᠤᠯᠵᠤ᠂ ᠪᠣᠭᠤᠮᠲᠠ ᠶᠢ ᠤᠷᠤᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠂ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠡᠬᠢ ᠪᠠᠶᠠᠯᠢᠭ ᠢ ᠭᠦᠨᠵᠡᠭᠡᠢ ᠡᠮᠬᠢᠯᠡᠨ ᠨᠡᠶᠢᠯᠡᠭᠦᠯᠵᠦ᠂ ᠰᠢᠶᠠᠨ ᠰᠢᠶᠠᠩ ᠤᠨ ᠨᠢᠭᠡ ᠴᠣᠭᠴᠠᠵᠢᠭᠰᠠᠨ᠂ ᠬᠥᠳᠡᠭᠡ ᠲᠣᠰᠬᠤᠨ ᠤ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠠᠬᠢᠭᠤᠯᠤᠨ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠳᠤ ᠲᠥᠪ ᠭᠤᠣᠯᠴᠢ ᠪᠥᠭᠡᠳ ᠨᠠᠶᠢᠳᠠᠪᠤᠷᠢᠲᠠᠢ᠂ ᠠᠮᠤᠷ ᠲᠦᠪᠰᠢᠨ ᠪᠥᠭᠡᠳ ᠪᠦᠲᠦᠮᠵᠢᠲᠡᠢ᠂ ᠰᠢᠰᠲ᠋ᠧᠮ ᠤᠨ ᠦᠷᠭᠦᠯᠵᠢᠯᠡᠭᠰᠡᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃    ᠬᠤᠶᠠᠷ᠂ ᠠᠵᠢᠯ ᠤᠨ ᠬᠠᠷᠠᠯᠲᠠ    ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠰᠠᠭᠤᠷᠢᠨ ᠳᠡᠭᠡᠷ᠎ᠡ᠂ ᠪᠦᠬᠦ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠲᠤᠷᠰᠢᠯᠭ᠎ᠠ ᠪᠠᠨ ᠳ᠋ᠦᠩᠨᠡᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠪᠦᠲᠦᠮᠵᠢᠲᠡᠢ ᠠᠰᠢᠭᠯᠠᠵᠤ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠲᠦᠷᠭᠡᠨ ᠤᠳᠠᠭᠠᠨ ᠴᠢᠨᠠᠷᠲᠠᠢ ᠰᠠᠯᠭᠠᠨ ᠵᠠᠰᠠᠬᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠱᠠᠲᠤ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠵᠦ᠂ ᠰᠢᠶᠠᠨ ᠤ ᠬᠡᠪᠴᠢᠶᠡᠨ ᠳᠤ ᠡᠮᠨᠡᠭᠦᠯᠬᠦ ᠨᠣᠷᠮ᠎ᠠ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠨ ᠦᠵᠡᠭᠦᠯᠬᠦ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ︽ᠪᠠᠭ᠎ᠠ ᠡᠪᠡᠳᠴᠢᠨ ᠢ ᠬᠤᠰᠢᠭᠤᠨ ᠠᠴᠠ ᠭᠠᠷᠭᠠᠬᠤ ᠦᠭᠡᠢ᠂ ᠬᠦᠨᠳᠦ ᠡᠪᠡᠳᠴᠢᠨ ᠢ ᠠᠶᠢᠮᠠᠭ ᠠᠴᠠ ᠭᠠᠷᠭᠠᠬᠤ ᠦᠭᠡᠢ︾ ᠪᠠᠶᠢᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠬᠤ᠂ ᠢᠳᠡᠪᠬᠢᠵᠢᠯ ᠢ ᠳᠠᠶᠢᠴᠢᠯᠠᠬᠤ᠂ ᠦᠷᠭᠦᠯᠵᠢᠯᠡᠬᠦ ᠶᠢ ᠪᠠᠲᠤᠯᠠᠬᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠰᠢᠨ᠎ᠡ ᠲᠣᠭᠲᠠᠴᠠ ᠶᠢ ᠲᠦᠷᠭᠡᠳᠬᠡᠨ ᠪᠦᠷᠢᠨᠰᠢᠭᠦᠯᠦᠨ᠎ᠡ᠃         ᠭᠤᠷᠪᠠ᠂ ᠭᠤᠣᠯᠳᠠᠯᠭ᠎ᠠ ᠲᠠᠢ ᠡᠭᠦᠷᠭᠡ    ︵ᠨᠢᠭᠡ︶ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃    1. ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠰᠢᠨ᠎ᠡ ᠪᠠᠶᠢᠭᠤᠯᠤᠯ ᠢ ᠳᠠᠬᠢᠨ ᠴᠣᠭᠴᠠᠯᠠᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠣᠷᠣᠨ ᠲᠤᠭ᠎ᠠ ᠶᠢᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠳᠠᠭᠠᠳᠬᠠᠯ ᠵᠡᠷᠭᠡ ᠰᠠᠯᠠᠭ᠎ᠠ ᠮᠥᠴᠢᠷ ᠵᠢᠴᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠶᠢᠨ ᠲᠥᠯᠥᠭᠡᠯᠡᠭᠴᠢ ᠣᠷᠣᠯᠴᠠᠭᠰᠠᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠠᠯᠪᠠᠨ ᠭᠡᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠭᠢᠷᠠᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠣᠷᠣᠭᠤᠯᠤᠯᠲᠠ ᠶᠢᠨ ᠪᠠᠲᠤᠯᠠᠭ᠎ᠠ᠂ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠪᠠ ᠬᠢᠨᠠᠨ ᠰᠢᠯᠭᠠᠵᠤ ᠬᠢᠨᠠᠨ ᠬᠠᠮᠢᠶᠠᠷᠬᠤ ᠵᠡᠷᠭᠡ ᠴᠢᠬᠤᠯᠠ ᠶᠡᠭᠡ ᠵᠦᠢᠯᠡᠰ ᠢ ᠨᠢᠭᠡᠳᠦᠯᠲᠡᠢ ᠲᠥᠯᠥᠪᠯᠡᠨ᠎ᠡ᠃ ᠡᠭᠦᠨ ᠤ ᠬᠠᠮᠲᠤ ᠡᠭᠦᠷᠭᠡ ᠴᠢᠳᠠᠪᠤᠷᠢ ᠪᠠᠨ ᠲᠣᠳᠣᠷᠬᠠᠶᠢᠯᠠᠵᠤ᠂ ᠵᠠᠰᠠᠭ ᠤᠨ ᠣᠷᠳᠣᠨ ᠠᠴᠠ ᠡᠮᠨᠡᠯᠭᠡ ᠡᠷᠬᠢᠯᠡᠬᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠃    2. ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠢᠯᠯᠠᠭᠠᠨ ᠤ ᠰᠢᠨ᠎ᠡ ᠲᠣᠭᠲᠠᠴᠠ ᠶᠢ ᠪᠦᠷᠢᠨᠰᠢᠭᠦᠯᠦᠨ᠎ᠡ᠃ ᠬᠤᠰᠢᠭᠤᠨ ᠳᠡᠰ ᠤᠨ 4 ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ︵ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢ᠊ ᠡᠶ᠎ᠡ᠂ ᠬᠢᠲᠠᠳ ᠡᠮᠨᠡᠯᠭᠡ ᠶᠢᠨ ᠬᠤᠷᠢᠶ᠎ᠠ᠂ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ︶᠎ ᠪᠠᠷ ᠲᠦᠷᠦᠭᠦᠯᠡᠬᠦ ᠨᠢᠭᠡᠴᠢ ᠪᠣᠯᠭᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠬᠤᠷᠢ᠊ ᠡᠶ᠎ᠡ᠂ 21 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢ᠊ ᠡᠶ᠎ᠡ ᠵᠡᠷᠭᠡ ᠨᠡᠶᠢᠲᠡ 22 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠᠷ ᠪᠦᠷᠢᠯᠳᠦᠬᠦᠨ ᠨᠢᠭᠡᠴᠢ ᠪᠣᠯᠭᠠᠵᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠬᠤᠷᠢᠶᠠᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠦᠷᠢᠮ ᠵᠡᠷᠭᠡ ᠳᠦᠷᠢᠮ ᠢ ᠲᠣᠭᠲᠠᠭᠠᠪᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠷᠢᠶ᠎ᠠ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠤ ᠬᠢᠷᠢ ᠬᠡᠮ᠂ ᠨᠢᠭᠡᠴᠡ ᠶᠢᠨ ᠰᠢᠨᠵᠢ ᠴᠢᠨᠠᠷ᠂ ᠠᠵᠢᠯᠲᠠᠨ ᠤ ᠣᠷᠣᠨ ᠲᠤᠭ᠎ᠠ᠂ ᠵᠠᠰᠠᠭ ᠤᠨ ᠣᠷᠳᠣᠨ ᠤ ᠣᠷᠣᠭᠤᠯᠤᠯᠲᠠ᠂ ᠡᠭᠦᠷᠭᠡ ᠬᠠᠷᠢᠭᠤᠴᠠᠯᠭ᠎ᠠ ᠶᠢᠨ ᠡᠭᠦᠷᠭᠡ᠂ ᠤᠤᠯ ᠤᠨ ᠪᠠᠶᠢᠭ᠎ᠠ ᠨᠡᠷᠡᠶᠢᠳᠦᠯ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠯᠦ ᠬᠤᠪᠢᠷᠠᠭᠤᠯᠤᠨ᠎ᠠ᠃    ︵ᠬᠤᠶᠠᠷ︶ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃    1. ᠡᠮᠴᠢᠯᠡᠭᠡᠨ ᠤ ᠬᠠᠮᠲᠤ ᠶᠢᠨ ᠴᠣᠭᠴᠠ ᠶᠢᠨ ᠭᠠᠳᠠᠨᠠᠬᠢ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠵᠢᠴᠢ ᠪᠦᠷᠢᠯᠳᠦᠬᠦᠨ ᠨᠢᠭᠡᠴᠡ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠤᠨ ᠬᠡᠷᠡᠭ ᠵᠥᠪᠯᠡᠬᠦ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠳᠦᠷᠢᠮ ᠵᠢᠴᠢ ᠳᠦᠷᠢᠮ ᠢ ᠪᠦᠷᠢᠨᠰᠢᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ᠂ ᠠᠵᠢᠯᠲᠠᠨ ᠤ ᠶᠠᠪᠤᠳᠠᠯ᠂ ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ᠂ ᠠᠮᠵᠢᠯᠲᠠ ᠪᠦᠲᠦᠮᠵᠢ ᠵᠡᠷᠭᠡ ᠶᠢ ᠨᠢᠭᠡᠳᠦᠯᠲᠡᠢ ᠬᠠᠮᠢᠶᠠᠷᠴᠤ᠂ ᠡᠵᠡᠩᠨᠡᠯᠲᠡ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠭᠦᠢᠴᠡᠳ ᠭᠦᠢᠴᠡᠳᠬᠡᠵᠦ᠂ ᠨᠢᠭᠡᠳᠦᠯᠲᠡᠢ ᠪᠥᠭᠡᠳ ᠥᠨᠳᠥᠷ ᠪᠦᠲᠦᠮᠵᠢᠲᠡᠢ ᠬᠠᠮᠢᠶᠠᠷᠤᠯᠲᠠ ᠶᠢ ᠪᠡᠶᠡᠯᠡᠭᠦᠯᠦᠨ᠎ᠡ︔ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠵᠢᠴᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ ᠪᠠᠶᠢᠭᠤᠯᠤᠮᠵᠢ ᠨᠤᠭᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠡᠷᠬᠡ ᠬᠠᠷᠢᠭᠤᠴᠠᠯᠭ᠎ᠠ ᠨᠢ ᠠᠳᠠᠯᠢ ᠪᠠᠶᠢᠬᠤ᠂ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠬᠤ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠷᠢᠮᠵᠢᠶᠠᠵᠢᠭᠤᠯᠬᠤ ᠪᠠᠶᠢᠭᠤᠯᠤᠯᠲᠠ᠂ ᠵᠢᠷᠤᠮᠵᠢᠭᠤᠯᠤᠭᠰᠠᠨ ᠣᠨᠣᠰᠢᠯᠠᠨ ᠡᠮᠨᠡᠬᠦ ᠶᠢ ᠢᠳᠡᠪᠬᠢᠲᠡᠢ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠡᠭᠡᠭᠰᠢ ᠳᠣᠷᠣᠭᠰᠢ ᠨᠡᠪᠲᠡᠷᠡᠭᠦᠯᠬᠦ ᠠᠷᠭ᠎ᠠ ᠵᠠᠮ ᠪᠠ ᠲᠣᠭᠲᠠᠴᠠ ᠶᠢ ᠪᠣᠢ ᠪᠣᠯᠭᠠᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃    2. ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃    ᠨᠢᠭᠡ ᠳᠤ᠂ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ ᠲᠥᠷᠥᠯ ᠤᠨ ᠲᠥᠯᠥᠪᠵᠢᠭᠦᠯᠭᠡ᠂  ᠪᠠᠷᠢᠮᠵᠢᠶ᠎ᠠ ᠵᠢᠷᠤᠮᠯᠠᠯ ᠢ ᠲᠣᠭᠲᠠᠭᠠᠬᠤ ᠪᠠ ᠡᠮᠴᠢᠯᠡᠭᠡᠨ ᠤ ᠬᠠᠮᠲᠤ ᠶᠢᠨ ᠴᠣᠭᠴᠠ ᠳᠤ ᠬᠢᠨᠠᠯᠲᠠ ᠲᠠᠯᠪᠢᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠳᠠᠭᠠᠨ ᠳᠦᠷᠢᠮ ᠲᠣᠭᠲᠠᠭᠠᠬᠤ ᠪᠠᠷ ᠳᠠᠮᠵᠢᠭᠤᠯᠤᠨ᠂ ᠲᠦᠷᠦᠭᠦᠯᠡᠨ ᠬᠢᠬᠦ ᠡᠮᠨᠡᠯᠭᠡ ᠶᠢᠨ ᠬᠤᠷᠢᠶ᠎ᠠ ᠬᠢᠭᠡᠳ ᠪᠦᠷᠢᠯᠳᠦᠬᠦᠨ ᠨᠢᠭᠡᠴᠡ ᠶᠢᠨ ᠬᠠᠷᠢᠭᠤᠴᠠᠯᠭ᠎ᠠ᠂ ᠡᠷᠬᠡ ᠠᠰᠢᠭ ᠪᠠ ᠡᠭᠦᠷᠭᠡ ᠶᠢ ᠲᠣᠭᠲᠠᠭᠠᠵᠤ᠂ ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠣᠳᠣᠷᠬᠠᠶᠢᠯᠠᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠭᠦᠯᠡᠬᠦ ᠪᠠᠶᠢᠭᠤᠯᠤᠮᠵᠢ ᠶᠢ ᠵᠠᠷᠴᠢᠮ ᠳᠡᠭᠡᠷ᠎ᠡ ᠪᠠᠨ ᠬᠤᠶᠠᠳᠤᠭᠠᠷ ᠳᠡᠰ ᠤᠨ ᠬᠥᠬᠡ ᠳᠡᠰ ᠵᠢᠴᠢ ᠲᠡᠭᠦᠨ ᠠᠴᠠ ᠳᠡᠭᠡᠭᠰᠢ ᠡᠮᠴᠢᠯᠡᠭᠡᠨ ᠤ ᠪᠠᠶᠢᠭᠤᠯᠤᠮᠵᠢ᠂ ᠰᠢᠶᠠᠩ ᠪᠠᠯᠭᠠᠰᠤ ︵ᠰᠤᠮᠤ︶᠎ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ︵ᠭᠠᠴᠠᠭ᠎ᠠ︶᠎ ᠤ ᠡᠷᠡᠭᠦᠯ ᠬᠠᠮᠠᠭᠠᠯᠠᠯ ᠤᠨ ᠲᠠᠰᠤᠭ ᠨᠢ ᠬᠠᠮᠲᠤᠪᠠᠷ ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠡᠬᠡ ᠨᠢᠯᠬ᠎ᠠ᠂ ᠬᠢᠨᠠᠯᠲᠠ ᠲᠠᠯᠪᠢᠬᠤ ᠵᠡᠷᠭᠡ ᠲᠤᠰᠬᠠᠢ ᠠᠵᠢᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠪᠦᠷᠢᠯᠳᠦᠬᠦᠨ ᠨᠢᠭᠡᠴᠡ ᠶᠢᠨ ᠬᠠᠤᠯᠢ ᠶᠢᠨ ᠡᠷᠬᠡᠲᠡᠨ ᠤ ᠬᠢᠷᠢ ᠭᠡᠮ ᠢ ᠬᠤᠪᠢᠷᠠᠭᠤᠯᠬᠤ ᠦᠭᠡᠢ ᠪᠠᠶᠢᠯᠭᠠᠨ᠎ᠠ᠃     2. ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃    ᠨᠢᠭᠡ ᠳᠤ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ ᠲᠥᠷᠥᠯ ᠤᠨ ᠲᠥᠯᠥᠪᠵᠢᠭᠦᠯᠭᠡ᠂ ᠪᠠᠷᠢᠮᠵᠢ᠊ ᠡᠶ᠎ᠡ ᠵᠢᠷᠤᠮᠯᠠᠯ ᠢ ᠲᠣᠭᠲᠠᠭᠠᠬᠤ ᠪᠠ ᠡᠮᠴᠢᠯᠡᠭᠡᠨ ᠤ ᠬᠠᠮᠲᠤ ᠶᠢᠨ ᠴᠣᠭᠴᠠ ᠳᠤ ᠬᠢᠨᠠᠯᠲᠠ ᠲᠠᠯᠪᠢᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠳᠠᠭᠠᠨ ᠳᠦᠷᠢᠮ ᠲᠣᠭᠲᠠᠭᠠᠬᠤ ᠪᠠᠷ ᠳᠠᠮᠵᠢᠭᠤᠯᠤᠨ᠂ ᠲᠦᠷᠦᠭᠦᠯᠡᠨ ᠬᠢᠬᠦ ᠡᠮᠨᠡᠯᠭᠡ ᠶᠢᠨ ᠬᠤᠷᠢ᠊ ᠡᠶ᠎ᠡ ᠬᠢᠭᠡᠳ ᠪᠦᠷᠢᠯᠳᠦᠬᠦᠨ ᠨᠢᠭᠡᠴᠡ ᠶᠢᠨ ᠬᠠᠷᠢᠭᠤᠴᠠᠯᠭ᠎ᠠ᠂ ᠡᠷᠬᠡ ᠠᠰᠢᠭ ᠪᠠ ᠡᠭᠦᠷᠭᠡ ᠶᠢ ᠲᠣᠭᠲᠠᠭᠠᠵᠤ᠂ ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠣᠳᠣᠷᠬᠠᠶᠢᠯᠠᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠭᠦᠯᠡᠬᠦ ᠪᠠᠶᠢᠭᠤᠯᠤᠮᠵᠢ ᠶᠢ ᠵᠠᠷᠴᠢᠮ ᠳᠡᠭᠡᠷ᠎ᠡ ᠪᠠᠨ ᠬᠤᠶᠠᠳᠤᠭᠠᠷ ᠳᠡᠰ ᠤᠨ ᠬᠥᠬᠡ ᠳᠡᠰ ᠵᠢᠴᠢ ᠲᠡᠭᠦᠨ ᠠᠴᠠ ᠳᠡᠭᠡᠭᠰᠢ ᠡᠮᠴᠢᠯᠡᠭᠡᠨ ᠤ ᠪᠠᠶᠢᠭᠤᠯᠤᠮᠵᠢ᠂ ᠰᠢᠶᠠᠩ ᠪᠠᠯᠭᠠᠰᠤ ︵ᠰᠤᠮᠤ︶᠎ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ︵ᠭᠠᠴᠠᠭ᠎ᠠ︶᠎ ᠤ ᠡᠷᠡᠭᠦᠯ ᠬᠠᠮᠠᠭᠠᠯᠠᠯ ᠤᠨ ᠲᠠᠰᠤᠭ ᠨᠢ ᠬᠠᠮᠲᠤᠪᠠᠷ ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠡᠬᠡ ᠨᠢᠯᠬ᠎ᠠ᠂ ᠬᠢᠨᠠᠯᠲᠠ ᠲᠠᠯᠪᠢᠬᠤ ᠵᠡᠷᠭᠡ ᠲᠤᠰᠬᠠᠢ ᠠᠵᠢᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠪᠦᠷᠢᠯᠳᠦᠬᠦᠨ ᠨᠢᠭᠡᠴᠡ ᠶᠢᠨ ᠬᠠᠤᠯᠢ ᠶᠢᠨ ᠡᠷᠬᠡᠲᠡᠨ ᠤ ᠬᠢᠷᠢ ᠭᠡᠮ ᠢ ᠬᠤᠪᠢᠷᠠᠭᠤᠯᠬᠤ ᠦᠭᠡᠢ ᠪᠠᠶᠢᠯᠭᠠᠨ᠎ᠠ᠃    ᠬᠤᠶᠠᠷ ᠲᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤᠮᠳᠠ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢᠶ᠎ᠠ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢ᠊ ᠡᠶ᠎ᠡ ᠶᠢᠨ ᠱᠦᠵᠢ ᠶᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠡᠭᠦᠷᠭᠡᠯᠡᠵᠦ᠂ ᠨᠠᠮ ᠤᠨ ᠬᠤᠷᠢ᠊ ᠡᠶ᠎ᠡ ᠶᠢᠨ ᠳᠡᠳ᠋ ᠱᠦᠵᠢ ᠶᠢ ᠲᠦᠷᠦᠭᠦᠯᠡᠨ ᠡᠮᠨᠡᠯᠭᠡ ᠶᠢᠨ ᠬᠤᠷᠢ᠊ ᠡᠶ᠎ᠡ ᠶᠢᠨ ᠨᠠᠮ ᠤᠨ ᠬᠤᠷᠢ᠊ ᠡᠶ᠎ᠡ ᠶᠢᠨ ᠱᠦᠵᠢ ︵ᠪᠤᠶᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ︶ ᠡᠭᠦᠷᠭᠡᠯᠡᠵᠦ᠂ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠪᠣᠯᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠢ ᠨᠠᠮ ᠤᠨ ᠬᠤᠷᠢᠶ᠎ᠠ ᠶᠢᠨ ᠭᠡᠰᠢᠭᠦᠨ ᠪᠣᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢ ᠵᠢᠭᠠᠨ ᠵᠢᠯᠣᠭᠤᠳᠴᠤ ᠪᠠᠶᠢᠭᠠᠳ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠬᠤᠷᠢᠶᠠᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃    ᠭᠤᠷᠪᠠ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠠᠰᠠᠭ ᠤᠨ ᠣᠷᠳᠣᠨ ᠤ ᠡᠮᠨᠡᠯᠭᠡ ᠡᠷᠬᠢᠯᠡᠬᠦ ᠤᠳᠤᠷᠢᠳᠬᠤ ᠬᠠᠷᠢᠭᠤᠴᠠᠯᠭ᠎ᠠ᠂ ᠪᠠᠲᠤᠯᠠᠭ᠎ᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳ ᠭᠦᠢᠴᠡᠳᠬᠡᠵᠦ᠂ ᠵᠠᠰᠠᠭ ᠪᠠ ᠠᠵᠢᠯ ᠦᠢᠯᠡᠰ ᠢ ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠪᠡᠶᠡᠯᠡᠭᠦᠯᠦᠨ᠎ᠡ᠃ ᠰᠢᠨᠵᠢᠯᠡᠬᠦ ᠤᠬᠠᠭᠠᠨᠴᠢᠯᠠᠭᠰᠠᠨ᠂ ᠨᠡᠷᠢᠯᠢᠠᠠᠵᠢᠭᠤᠯᠥᠠᠠᠰᠠᠨ ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠳ᠋ ᠤᠨ ᠶᠠᠪᠤᠳᠠᠯ ᠪᠠ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠳ᠋ ᠤᠨ ᠶᠠᠪᠤᠳᠠᠯ ᠤᠨ ᠮᠡᠳᠡᠭᠦᠯᠬᠦ ᠳᠦᠷᠢᠮ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ᠂ ᠭᠤᠷᠪᠠᠳᠠᠬᠢ ᠡᠲᠡᠭᠡᠳ ᠤᠨ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠶᠢᠨ ᠬᠢᠨᠠᠨ ᠪᠣᠳᠣᠬᠤ ᠳᠦᠷᠢᠮ᠂ ᠶᠡᠷᠦᠩᠬᠡᠢ ᠨᠢᠭᠲᠠᠯᠠᠨ ᠪᠣᠳᠣᠭᠴᠢ ᠶᠢᠨ ᠳᠦᠷᠢᠮ ᠪᠠ ᠡᠳ᠋ ᠤᠨ ᠶᠠᠪᠤᠳᠠᠯ ᠢ ᠢᠯᠡ ᠪᠣᠯᠭᠠᠬᠤ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠳᠣᠲᠣᠭᠠᠳᠤ ᠶᠢᠨ ᠰᠢᠢᠳᠪᠦᠷᠢᠲᠦ ᠪᠣᠳᠣᠯᠭ᠎ᠠ ᠪᠠ ᠬᠦᠯᠢᠶᠡᠰᠦᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠴᠢᠩᠭᠠᠳᠬᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠳᠤ ᠴᠢᠭᠯᠡᠭᠦᠯᠦᠨ ᠦᠨᠡᠨᠬᠦ ᠪᠣᠯᠤᠮᠵᠢᠲᠠᠢ ᠴᠤᠪᠤᠷᠠᠯ ᠪᠠ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠲᠣᠭᠲᠠᠭᠠᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠳ᠋ ᠤᠨ ᠶᠠᠪᠤᠳᠠᠯ ᠪᠠ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠳ᠋ ᠤᠨ ᠶᠠᠪᠤᠳᠠᠯ ᠳᠤ ᠨᠢᠭᠡᠳᠦᠯᠲᠡᠢ ᠬᠠᠮᠢᠶᠠᠷᠴᠤ᠂ ᠲᠥᠪᠯᠡᠷᠡᠭᠦᠯᠦᠨ ᠲᠣᠭᠠᠴᠠᠭ᠎ᠠ ᠬᠢᠵᠦ᠂ ᠡᠯ᠎ᠡ ᠪᠦᠷᠢᠯᠳᠦᠬᠦᠨ ᠨᠢᠭᠡᠴᠡ ᠶᠢᠨ ᠡᠳ᠋ ᠤᠨ ᠶᠠᠪᠤᠳᠠᠯ ᠳᠤ ᠲᠤᠰᠠᠭᠠᠷ ᠳᠡᠩᠰᠡ ᠪᠠᠶᠢᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠬᠢᠨᠠᠨ ᠪᠣᠳᠣᠬᠤ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠣᠳᠣᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃    ᠳᠥᠷᠪᠡ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠡᠷᠡᠭ ᠵᠥᠪᠯᠡᠬᠦ ᠳᠦᠷᠢᠮ ᠢ ᠲᠡᠭᠦᠯᠳᠡᠷᠵᠢᠭᠦᠯᠦᠨ᠎ᠡ᠃ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷᠠᠬᠢ ᠶᠡᠷᠦᠩᠬᠡᠢ ᠬᠤᠷᠢᠶᠠᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠶᠡᠷᠦᠩᠬᠡᠢ ᠬᠤᠷᠢᠶᠠᠨ ᠳᠠᠷᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠢ ᠴᠤᠭᠯᠠᠭᠤᠯᠤᠨ ᠴᠤᠭᠯᠠᠭᠤᠯᠵᠤ᠂ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠬᠤᠷᠠᠯᠳᠤᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠬᠠᠶᠢᠯᠠᠭᠰᠠᠨ ᠠᠵᠢᠯ ᠪᠠ ᠡᠵᠡᠩᠨᠡᠯᠲᠡ ᠶᠢᠨ ᠠᠵᠢᠯ ᠢ ᠰᠤᠳᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢᠶᠠᠨ ᠤ ᠬᠤᠷᠠᠯ ᠤᠨ ᠰᠢᠢᠳᠪᠦᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠠᠵᠢᠯ︔ ᠨᠠᠮ ᠤᠨ ᠬᠤᠷᠢᠶᠠᠨ ᠤ ᠬᠤᠷᠠᠯ ᠳᠤ ᠳᠡᠪᠰᠢᠭᠦᠯᠵᠦ ᠶᠠᠷᠢᠯᠴᠠᠭᠤᠯᠤᠨ ᠲᠣᠭᠲᠠᠭᠠᠬᠤ ᠪᠠᠷ ᠪᠠᠶᠢᠭ᠎ᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠪᠠ ᠶᠡᠭᠡ ᠲᠤᠭ᠎ᠠ ᠬᠡᠮᠵᠢᠶᠡᠨ ᠤ ᠪᠡᠯᠡ ᠮᠥᠩᠭᠦ ᠶᠢᠨ ᠬᠡᠷᠡᠭᠯᠡᠯᠲᠡ ᠶᠢᠨ ᠵᠦᠢᠯᠡᠰ ᠤᠨ ᠲᠥᠰᠦᠯ ᠢ ᠶᠠᠷᠢᠯᠴᠠᠨ ᠪᠠᠲᠤᠯᠠᠵᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠡᠩ ᠤᠨ ᠳᠡᠰ ᠳᠡᠪᠰᠢᠬᠦ᠂ ᠠᠵᠢᠯᠲᠠᠨ ᠡᠯᠰᠡᠨ ᠬᠡᠷᠡᠭᠯᠡᠬᠦ ᠪᠠ ᠤᠷᠢᠵᠤ ᠰᠢᠯᠵᠢᠭᠦᠯᠬᠦ ᠶᠢ ᠵᠣᠭᠰᠣᠭᠠᠬᠤ ᠵᠢᠴᠢ ᠰᠤᠷᠤᠭᠴᠢ ᠡᠯᠰᠡᠬᠦ ᠪᠣᠯᠪᠠᠰᠤᠷᠠᠭᠤᠯᠤᠯ᠂ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠴᠢᠳᠠᠪᠤᠷᠢᠲᠠᠨ ᠤ ᠠᠵᠢᠯ ᠤᠨ ᠵᠦᠢᠯᠡᠰ ᠢ ᠶᠠᠷᠢᠯᠴᠠᠨ ᠲᠣᠭᠲᠠᠭᠠᠪᠠ︔ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠵᠠᠰᠠᠭ ᠵᠠᠬᠢᠷᠭᠠᠨ ᠤ ᠬᠠᠮᠢᠶᠠᠷᠤᠯᠲᠠ ᠳᠠᠬᠢ ᠬᠠᠮᠲᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠᠲᠠᠢ ᠪᠤᠰᠤᠳ ᠵᠦᠢᠯᠡᠰ ᠢ ᠶᠠᠷᠢᠯᠴᠠᠨ ᠲᠣᠭᠲᠠᠭᠠᠪᠠ᠃     ᠲᠠᠪᠤ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠵᠡᠩᠨᠡᠯᠲᠡ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ᠎ᠠ᠃ ᠪᠠᠶᠢᠷᠢ ᠲᠣᠭᠲᠠᠭᠠᠯᠲᠠ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠠᠵᠢᠯ ᠬᠤᠪᠢᠶᠠᠷᠢᠯᠠᠨ ᠬᠠᠮᠵᠢᠯᠴᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠵᠡᠩᠨᠡᠯᠲᠡ ᠶᠢᠨ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠵᠠᠰᠠᠭ ᠵᠠᠬᠢᠷᠭᠠᠨ ᠤ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠦᠢᠯᠡᠴᠢᠯᠡᠭᠡ᠂ ᠮᠡᠳᠡᠭᠡ ᠵᠠᠩᠭᠢ ᠶᠢᠨ ᠰᠢᠰᠲ᠋ᠧᠮ ᠵᠡᠷᠭᠡ ᠶᠢ ᠨᠢᠭᠡᠳᠦᠯᠲᠡᠢ ᠠᠵᠢᠯᠯᠠᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢ᠊ ᠡᠶ᠎ᠡ ᠶᠢᠨ ᠲᠥᠪ ᠵᠢᠴᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠳᠦᠷ ᠲᠤᠲᠤᠮ ᠤᠨ ᠠᠵᠢᠯ ᠢ ᠨᠠᠶᠢᠳᠠᠪᠤᠷᠢᠵᠢᠭᠤᠯᠤᠨ᠎ᠠ︔ ᠡᠵᠡᠩᠨᠡᠨ ᠬᠠᠮᠢᠶᠠᠷᠬᠤ ᠬᠡᠯᠲᠡᠰ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠮᠴᠢᠯᠡᠭᠡᠨ ᠤ ᠠᠵᠢᠯ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ᠂ ᠡᠮ ᠤᠨ ᠮᠠᠲ᠋ᠧᠷᠢᠶᠠᠯ ᠤᠨ ᠮᠠᠲ᠋ᠧᠷᠢᠶᠠᠯ ᠵᠡᠷᠭᠡ ᠬᠠᠮᠢᠶ᠎ᠠ ᠪᠦᠬᠦᠢ ᠬᠥᠮᠦᠰ ᠢᠶᠠᠷ ᠪᠦᠷᠢᠯᠳᠦᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠪᠡᠳᠴᠢᠨ ᠡᠮᠭᠡᠭ ᠢ ᠡᠵᠡᠮᠳᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯᠲᠠᠨ ᠵᠡᠷᠭᠡ ᠪᠠᠷ ᠪᠦᠷᠢᠯᠳᠦᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ︵ᠮᠣᠩᠭᠤᠯ ᠡᠮ ᠡᠮᠨᠡᠯᠭᠡ ᠶᠢᠨ ᠠᠵᠢᠯᠲᠠᠨ ᠢ ᠠᠳᠠᠯᠢ ᠴᠢᠨᠠᠷᠵᠢᠭᠤᠯᠤᠭᠰᠠᠨ᠂ ᠵᠢᠷᠤᠮᠵᠢᠭᠰᠠᠨ ᠬᠠᠮᠢᠶᠠᠷᠤᠯᠲᠠ ᠶᠢ ᠬᠠᠷᠢᠭᠤᠴᠠᠨ᠎ᠠ︔ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠭᠦᠯᠡᠬᠦ ᠡᠮᠴᠢᠯᠡᠭᠡᠨ ᠤ ᠪᠠᠶᠢᠭᠤᠯᠤᠮᠵᠢ ᠵᠢᠴᠢ ᠪᠦᠷᠢᠯᠳᠦᠬᠦᠨ ᠨᠢᠭᠡᠴᠡ ᠶᠢᠨ ᠡᠮᠴᠢᠯᠡᠭᠡᠨ ᠤ ᠳᠠᠭᠠᠳᠬᠠᠯ ᠤᠨ ᠠᠵᠢᠯᠲᠠᠨ ᠢᠶᠠᠷ ᠪᠦᠷᠢᠯᠳᠦᠵᠦ᠂ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ᠂ ᠬᠤᠰᠢᠭᠤᠨ ᠤ ᠱᠠᠲᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠢ ᠵᠣᠯᠭᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠡᠳ᠋ ᠤᠨ ᠶᠠᠪᠤᠳᠠᠯ ᠤᠨ ᠬᠢᠨᠠᠨ ᠪᠣᠳᠣᠬᠤ ᠶᠠᠮᠤᠨ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠭᠦᠯᠡᠬᠦ ᠡᠮᠴᠢᠯᠡᠭᠡᠨ ᠤ ᠪᠠᠶᠢᠭᠤᠯᠤᠮᠵᠢ ᠵᠢᠴᠢ ᠪᠦᠷᠢᠯᠳᠦᠬᠦᠨ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯᠲᠠᠨ ᠢᠶᠠᠷ ᠪᠦᠷᠢᠯᠳᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠶᠢᠨ ᠡᠳ᠋ ᠤᠨ ᠶᠠᠪᠤᠳᠠᠯ ᠤᠨ ᠲᠥᠯᠥᠪᠵᠢᠭᠦᠯᠭᠡ ᠪᠠ ᠬᠠᠮᠢᠶᠠᠷᠤᠯᠲᠠ ᠶᠢ ᠬᠠᠷᠢᠭᠤᠴᠠᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠪᠠ ᠳᠣᠲᠣᠭᠠᠳᠤ ᠶᠢᠨ ᠨᠢᠭᠲᠠᠯᠠᠨ ᠪᠣᠳᠣᠵᠤ ᠡᠵᠡᠮᠳᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ᠂ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠠᠬᠢᠭᠤᠯᠥᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠰᠢᠭ ᠲᠤᠰᠠ ᠶᠢ ᠬᠠᠮᠲᠤᠪᠠᠷ ᠬᠦᠷᠲᠡᠬᠦ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠥᠨᠳᠥᠷ ᠦᠷ᠎ᠡ ᠪᠦᠲᠦᠮᠵᠢᠲᠡᠢ ᠪᠠᠷ ᠠᠵᠢᠯᠯᠠᠭᠤᠯᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号