ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠦᠬᠦᠢ ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | 2023 ᠣᠨ ᠤ 6 ᠰᠠᠷ᠎ᠠ ᠶᠢᠨ 27 ᠤ ᠡᠳᠦᠷ | | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ | | ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ︵ᠳᠣᠷᠣᠭᠰᠢ | ᠡᠮᠴᠢᠯᠡᠭᠡᠨ ᠤ ᠬᠠᠮᠲᠤ ᠶᠢᠨ ᠴᠣᠭᠴᠠ ᠭᠡᠵᠦ ᠲᠣᠪᠴᠢᠯᠠᠨ᠎ᠠ︶ ᠶᠢᠨ ᠪᠠᠶᠢᠭᠤᠯᠤᠯᠲᠠ ᠪᠣᠯ ᠰᠢᠨ᠎ᠡ ᠨᠢᠭᠡ ᠡᠭᠡᠯᠵᠢ ᠶᠢᠨ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠠᠷᠭ᠎ᠠ ᠬᠡᠮᠵᠢᠶ᠎ᠡ ᠮᠥᠨ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠨᠠᠷ ᠰᠠᠶᠢᠲᠠᠢ | ᠥᠨᠳᠥᠷ ᠪᠦᠲᠦᠮᠵᠢᠲᠡᠢ ᠨᠡᠶᠢᠯᠡᠮᠡᠯ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠢ | ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠮᠠᠨ ᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ | ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠤᠨ ᠰᠢᠨ᠎ᠡ ᠪᠠᠶᠢᠷᠢᠰᠢᠯ ᠢ ᠪᠣᠢ ᠪᠣᠯᠭᠠᠵᠤ᠂ ᠴᠢᠨᠠᠷ ᠰᠠᠶᠢᠲᠠᠢ ᠥᠨᠳᠥᠷ | ᠪᠦᠲᠦᠮᠵᠢᠲᠡᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠠᠷᠠᠳ ᠣᠯᠠᠨ ᠳᠤ | ᠪᠦᠬᠦ ᠲᠠᠯ᠎ᠠ ᠶᠢᠨ ᠪᠦᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ | ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ | ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠲᠣᠭᠲᠠᠴᠠ ᠶᠢ ᠪᠠᠶᠢᠭᠤᠯᠬᠤ᠂ ᠵᠠᠭᠪᠤᠷ ᠢ ᠬᠤᠪᠢᠷᠠᠭᠤᠯᠬᠤ᠂ ᠡᠷᠡᠭᠦᠯ | ᠮᠡᠨᠳᠦ ᠶᠢ ᠠᠬᠢᠭᠤᠯᠬᠤ ᠶᠢ ᠬᠦᠴᠦᠯᠡᠨ ᠴᠢᠩᠭᠠᠳᠬᠠᠵᠤ᠂ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠦᠨ᠂ | ᠬᠠᠮᠢᠶᠠᠷᠤᠯᠲᠠ ᠶᠢᠨ ᠪᠠᠶᠢᠭᠤᠯᠤᠯ ᠢ ᠥᠭᠡᠷᠡᠴᠢᠯᠡᠵᠦ᠂ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠵᠠᠭᠪᠤᠷ ᠢ ᠰᠠᠶᠢᠵᠢᠷᠠᠭᠤᠯᠵᠤ᠂ ᠪᠣᠭᠤᠮᠲᠠ ᠶᠢ ᠤᠷᠤᠭᠰᠢ ᠰᠢᠯᠵᠢᠭᠦᠯᠬᠦ᠂ ᠡᠬᠢ ᠪᠠᠶᠠᠯᠢᠭ ᠢ | ᠳᠣᠷᠣᠭᠰᠢ ᠪᠠᠭᠤᠯᠭᠠᠬᠤ ᠶᠢ ᠠᠬᠢᠭᠤᠯᠤᠨ᠂ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠡᠬᠢ | ᠪᠠᠶᠠᠯᠢᠭ ᠢ ᠭᠦᠨᠵᠡᠭᠡᠢ ᠡᠮᠬᠢᠯᠡᠨ ᠨᠡᠶᠢᠯᠡᠭᠦᠯᠵᠦ᠂ ᠰᠢᠶᠠᠨ ᠰᠢᠶᠠᠩ ᠤᠨ ᠨᠢᠭᠡ ᠴᠣᠭᠴᠠᠵᠢᠭᠰᠠᠨ᠂ ᠬᠥᠳᠡᠭᠡ | ᠲᠣᠰᠬᠤᠨ ᠤ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠠᠬᠢᠭᠤᠯᠤᠨ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠳᠤ ᠲᠥᠪ | ᠭᠤᠣᠯᠴᠢ ᠪᠥᠭᠡᠳ ᠨᠠᠶᠢᠳᠠᠪᠤᠷᠢᠲᠠᠢ᠂ ᠠᠮᠤᠷ ᠲᠦᠪᠰᠢᠨ ᠪᠥᠭᠡᠳ ᠪᠦᠲᠦᠮᠵᠢᠲᠡᠢ᠂ ᠰᠢᠰᠲ᠋ᠧᠮ ᠤᠨ ᠦᠷᠭᠦᠯᠵᠢᠯᠡᠭᠰᠡᠨ | ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ | ᠬᠤᠶᠠᠷ᠂ ᠠᠵᠢᠯ ᠤᠨ ᠬᠠᠷᠠᠯᠲᠠ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ ᠭᠠᠵᠠᠷ | ᠣᠷᠣᠨ ᠤ ᠰᠠᠭᠤᠷᠢᠨ ᠳᠡᠭᠡᠷ᠎ᠡ᠂ ᠪᠦᠬᠦ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠤᠨ᠎ᠠ᠃ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠲᠤᠷᠰᠢᠯᠭ᠎ᠠ ᠪᠠᠨ | ᠳ᠋ᠦᠩᠨᠡᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠪᠡᠶᠡᠯᠡᠭᠦᠯᠵᠦ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠪᠦᠲᠦᠮᠵᠢᠲᠡᠢ ᠠᠰᠢᠭᠯᠠᠵᠤ᠂ ᠦᠨᠳᠦᠰᠦᠨ | ᠱᠠᠲᠤᠨ ᠳᠤ ᠠᠩᠬ᠎ᠠ ᠣᠨᠣᠰᠢᠯᠠᠬᠤ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠲᠦᠷᠭᠡᠨ ᠤᠳᠠᠭᠠᠨ | ᠴᠢᠨᠠᠷᠲᠠᠢ ᠰᠠᠯᠭᠠᠨ ᠵᠠᠰᠠᠬᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠱᠠᠲᠤ ᠬᠤᠪᠢᠶᠠᠨ | ᠣᠨᠣᠰᠢᠯᠠᠨ ᠡᠮᠨᠡᠬᠦ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠵᠦ᠂ ᠰᠢᠶᠠᠨ ᠤ ᠬᠡᠪᠴᠢᠶᠡᠨ ᠳᠤ ᠡᠮᠨᠡᠭᠦᠯᠬᠦ ᠨᠣᠷᠮ᠎ᠠ ᠪᠠ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠨ ᠦᠵᠡᠭᠦᠯᠬᠦ ᠨᠣᠷᠮ᠎ᠠ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ︽ᠪᠠᠭ᠎ᠠ ᠡᠪᠡᠳᠴᠢᠨ ᠢ ᠬᠤᠰᠢᠭᠤᠨ ᠠᠴᠠ ᠭᠠᠷᠭᠠᠬᠤ ᠦᠭᠡᠢ᠂ ᠬᠦᠨᠳᠦ | ᠡᠪᠡᠳᠴᠢᠨ ᠢ ᠠᠶᠢᠮᠠᠭ ᠠᠴᠠ ᠭᠠᠷᠭᠠᠬᠤ ᠦᠭᠡᠢ︾ ᠪᠠᠶᠢᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ ᠨᠡᠶᠢᠲᠡ ᠶᠢᠨ | ᠠᠰᠠᠷᠠᠮᠵᠢ ᠶᠢᠨ ᠴᠢᠨᠠᠷ ᠢ ᠬᠠᠮᠠᠭᠠᠯᠠᠬᠤ᠂ ᠢᠳᠡᠪᠬᠢᠵᠢᠯ ᠢ ᠳᠠᠶᠢᠴᠢᠯᠠᠬᠤ᠂ ᠦᠷᠭᠦᠯᠵᠢᠯᠡᠬᠦ ᠶᠢ ᠪᠠᠲᠤᠯᠠᠬᠤ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠰᠢᠨ᠎ᠡ ᠲᠣᠭᠲᠠᠴᠠ ᠶᠢ ᠲᠦᠷᠭᠡᠳᠬᠡᠨ | ᠪᠦᠷᠢᠨᠰᠢᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠤᠨ᠎ᠠ᠃ | 1. ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠰᠢᠨ᠎ᠡ ᠪᠠᠶᠢᠭᠤᠯᠤᠯ ᠢ ᠳᠠᠬᠢᠨ ᠴᠣᠭᠴᠠᠯᠠᠨ᠎ᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠵᠥᠪᠯᠡᠯ ᠢ ᠪᠠᠶᠢᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠣᠷᠣᠨ ᠲᠤᠭ᠎ᠠ ᠶᠢᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ᠂ | ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠳᠠᠭᠠᠳᠬᠠᠯ ᠵᠡᠷᠭᠡ ᠰᠠᠯᠠᠭ᠎ᠠ ᠮᠥᠴᠢᠷ | ᠵᠢᠴᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠶᠢᠨ ᠲᠥᠯᠥᠭᠡᠯᠡᠭᠴᠢ ᠣᠷᠣᠯᠴᠠᠭᠰᠠᠨ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ | ᠠᠯᠪᠠᠨ ᠭᠡᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠭᠢᠷᠠᠭᠤᠯᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠣᠷᠣᠭᠤᠯᠤᠯᠲᠠ ᠶᠢᠨ ᠪᠠᠲᠤᠯᠠᠭ᠎ᠠ᠂ ᠠᠵᠢᠯᠲᠠᠨ ᠤ | ᠶᠠᠪᠤᠳᠠᠯ ᠤᠨ ᠲᠣᠬᠢᠷᠠᠭᠤᠯᠤᠯᠲᠠ ᠪᠠ ᠬᠢᠨᠠᠨ ᠰᠢᠯᠭᠠᠵᠤ ᠬᠢᠨᠠᠨ ᠬᠠᠮᠢᠶᠠᠷᠬᠤ ᠵᠡᠷᠭᠡ ᠴᠢᠬᠤᠯᠠ ᠶᠡᠭᠡ ᠵᠦᠢᠯᠡᠰ ᠢ | ᠨᠢᠭᠡᠳᠦᠯᠲᠡᠢ ᠲᠥᠯᠥᠪᠯᠡᠨ᠎ᠡ᠃ ᠡᠭᠦᠨ ᠤ ᠬᠠᠮᠲᠤ ᠡᠭᠦᠷᠭᠡ ᠴᠢᠳᠠᠪᠤᠷᠢ ᠪᠠᠨ ᠲᠣᠳᠣᠷᠬᠠᠶᠢᠯᠠᠵᠤ᠂ ᠵᠠᠰᠠᠭ ᠤᠨ | ᠣᠷᠳᠣᠨ ᠠᠴᠠ ᠡᠮᠨᠡᠯᠭᠡ ᠡᠷᠬᠢᠯᠡᠬᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠃ | 2. ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠢᠯᠯᠠᠭᠠᠨ ᠤ ᠰᠢᠨ᠎ᠡ ᠲᠣᠭᠲᠠᠴᠠ ᠶᠢ ᠪᠦᠷᠢᠨᠰᠢᠭᠦᠯᠦᠨ᠎ᠡ᠃ | ᠬᠤᠰᠢᠭᠤᠨ ᠳᠡᠰ ᠤᠨ 4 ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ︵ᠠᠷᠠᠳ ᠤᠨ ᠡᠮᠨᠡᠯᠭᠡ ᠶᠢᠨ | ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢ᠊ ᠡᠶ᠎ᠡ᠂ ᠬᠢᠲᠠᠳ ᠡᠮᠨᠡᠯᠭᠡ ᠶᠢᠨ ᠬᠤᠷᠢᠶ᠎ᠠ᠂ ᠬᠤᠶᠠᠳᠤᠭᠠᠷ ᠠᠷᠠᠳ ᠤᠨ | ᠡᠮᠨᠡᠯᠭᠡ ᠶᠢᠨ ᠬᠤᠷᠢᠶ᠎ᠠ︶ ᠪᠠᠷ ᠲᠦᠷᠦᠭᠦᠯᠡᠬᠦ ᠨᠢᠭᠡᠴᠢ ᠪᠣᠯᠭᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠬᠤᠷᠢ᠊ ᠡᠶ᠎ᠡ᠂ | 21 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢ᠊ ᠡᠶ᠎ᠡ ᠵᠡᠷᠭᠡ ᠨᠡᠶᠢᠲᠡ 22 ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠪᠠᠷ ᠪᠦᠷᠢᠯᠳᠦᠬᠦᠨ ᠨᠢᠭᠡᠴᠢ ᠪᠣᠯᠭᠠᠵᠤ᠂ ᠨᠠᠮ ᠤᠨ ᠬᠤᠷᠢᠶᠠᠨ ᠤ ᠤᠳᠤᠷᠢᠳᠤᠯᠭ᠎ᠠ | ᠳᠣᠣᠷᠠᠬᠢ ᠬᠤᠷᠢᠶᠠᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠦᠷᠢᠮ ᠵᠡᠷᠭᠡ ᠳᠦᠷᠢᠮ ᠢ ᠲᠣᠭᠲᠠᠭᠠᠪᠠ᠃ | ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠷᠢᠶ᠎ᠠ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠤ ᠬᠢᠷᠢ ᠬᠡᠮ᠂ | ᠨᠢᠭᠡᠴᠡ ᠶᠢᠨ ᠰᠢᠨᠵᠢ ᠴᠢᠨᠠᠷ᠂ ᠠᠵᠢᠯᠲᠠᠨ ᠤ ᠣᠷᠣᠨ ᠲᠤᠭ᠎ᠠ᠂ ᠵᠠᠰᠠᠭ ᠤᠨ ᠣᠷᠳᠣᠨ ᠤ ᠣᠷᠣᠭᠤᠯᠤᠯᠲᠠ᠂ ᠡᠭᠦᠷᠭᠡ | ᠬᠠᠷᠢᠭᠤᠴᠠᠯᠭ᠎ᠠ ᠶᠢᠨ ᠡᠭᠦᠷᠭᠡ᠂ ᠤᠤᠯ ᠤᠨ ᠪᠠᠶᠢᠭ᠎ᠠ ᠨᠡᠷᠡᠶᠢᠳᠦᠯ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠦᠯᠦ ᠬᠤᠪᠢᠷᠠᠭᠤᠯᠤᠨ᠎ᠠ᠃ | ︵ᠬᠤᠶᠠᠷ︶ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ | ᠲᠣᠭᠲᠠᠴᠠ ᠶᠢ ᠲᠡᠭᠦᠯᠳᠡᠷᠵᠢᠭᠦᠯᠦᠨ᠎ᠡ᠃ | 1. ᠡᠮᠴᠢᠯᠡᠭᠡᠨ ᠤ ᠬᠠᠮᠲᠤ ᠶᠢᠨ ᠴᠣᠭᠴᠠ ᠶᠢᠨ ᠭᠠᠳᠠᠨᠠᠬᠢ ᠬᠠᠮᠢᠶᠠᠷᠤᠯᠲᠠ ᠶᠢᠨ ᠪᠠᠶᠢᠭᠤᠯᠤᠯ ᠢ | ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠵᠢᠴᠢ | ᠪᠦᠷᠢᠯᠳᠦᠬᠦᠨ ᠨᠢᠭᠡᠴᠡ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠰᠢᠨᠵᠢᠯᠡᠬᠦ | ᠤᠬᠠᠭᠠᠨᠴᠢ᠂ ᠠᠷᠠᠳᠴᠢᠯᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠤᠨ ᠬᠡᠷᠡᠭ | ᠵᠥᠪᠯᠡᠬᠦ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠳᠦᠷᠢᠮ ᠵᠢᠴᠢ ᠳᠦᠷᠢᠮ ᠢ ᠪᠦᠷᠢᠨᠰᠢᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠵᠠᠰᠠᠭ ᠵᠠᠬᠢᠷᠭᠠᠨ᠂ ᠠᠵᠢᠯᠲᠠᠨ ᠤ ᠶᠠᠪᠤᠳᠠᠯ᠂ ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ᠂ | ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ᠂ ᠠᠮᠵᠢᠯᠲᠠ ᠪᠦᠲᠦᠮᠵᠢ ᠵᠡᠷᠭᠡ ᠶᠢ ᠨᠢᠭᠡᠳᠦᠯᠲᠡᠢ ᠬᠠᠮᠢᠶᠠᠷᠴᠤ᠂ | ᠡᠵᠡᠩᠨᠡᠯᠲᠡ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠭᠦᠢᠴᠡᠳ ᠭᠦᠢᠴᠡᠳᠬᠡᠵᠦ᠂ ᠨᠢᠭᠡᠳᠦᠯᠲᠡᠢ ᠪᠥᠭᠡᠳ | ᠥᠨᠳᠥᠷ ᠪᠦᠲᠦᠮᠵᠢᠲᠡᠢ ᠬᠠᠮᠢᠶᠠᠷᠤᠯᠲᠠ ᠶᠢ ᠪᠡᠶᠡᠯᠡᠭᠦᠯᠦᠨ᠎ᠡ︔ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠵᠥᠪᠯᠡᠯ ᠵᠢᠴᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ | ᠪᠠᠶᠢᠭᠤᠯᠤᠮᠵᠢ ᠨᠤᠭᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠢ ᠰᠢᠨᠵᠢᠯᠡᠬᠦ ᠤᠬᠠᠭᠠᠨᠴᠢ ᠪᠠᠷ | ᠵᠢᠷᠤᠮᠵᠢᠭᠤᠯᠵᠤ᠂ ᠡᠷᠬᠡ ᠬᠠᠷᠢᠭᠤᠴᠠᠯᠭ᠎ᠠ ᠨᠢ ᠠᠳᠠᠯᠢ ᠪᠠᠶᠢᠬᠤ᠂ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠬᠤ | ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠷᠢᠮᠵᠢᠶᠠᠵᠢᠭᠤᠯᠬᠤ | ᠪᠠᠶᠢᠭᠤᠯᠤᠯᠲᠠ᠂ ᠵᠢᠷᠤᠮᠵᠢᠭᠤᠯᠤᠭᠰᠠᠨ ᠣᠨᠣᠰᠢᠯᠠᠨ ᠡᠮᠨᠡᠬᠦ ᠶᠢ ᠢᠳᠡᠪᠬᠢᠲᠡᠢ ᠠᠬᠢᠭᠤᠯᠵᠤ᠂ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠢ ᠳᠡᠭᠡᠭᠰᠢ ᠳᠣᠷᠣᠭᠰᠢ ᠨᠡᠪᠲᠡᠷᠡᠭᠦᠯᠬᠦ ᠠᠷᠭ᠎ᠠ ᠵᠠᠮ ᠪᠠ ᠲᠣᠭᠲᠠᠴᠠ ᠶᠢ ᠪᠣᠢ ᠪᠣᠯᠭᠠᠵᠤ᠂ | ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | 2. ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠨᠢᠭᠡ ᠳᠤ᠂ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠠᠵᠢᠯ ᠲᠥᠷᠥᠯ ᠤᠨ | ᠬᠠᠮᠢᠶᠠᠷᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ ᠲᠥᠷᠥᠯ ᠤᠨ | ᠲᠥᠯᠥᠪᠵᠢᠭᠦᠯᠭᠡ᠂ ᠪᠠᠷᠢᠮᠵᠢᠶ᠎ᠠ ᠵᠢᠷᠤᠮᠯᠠᠯ ᠢ ᠲᠣᠭᠲᠠᠭᠠᠬᠤ ᠪᠠ ᠡᠮᠴᠢᠯᠡᠭᠡᠨ ᠤ ᠬᠠᠮᠲᠤ ᠶᠢᠨ ᠴᠣᠭᠴᠠ ᠳᠤ ᠬᠢᠨᠠᠯᠲᠠ | ᠲᠠᠯᠪᠢᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠳᠠᠭᠠᠨ ᠳᠦᠷᠢᠮ ᠲᠣᠭᠲᠠᠭᠠᠬᠤ ᠪᠠᠷ ᠳᠠᠮᠵᠢᠭᠤᠯᠤᠨ᠂ ᠲᠦᠷᠦᠭᠦᠯᠡᠨ ᠬᠢᠬᠦ ᠡᠮᠨᠡᠯᠭᠡ ᠶᠢᠨ | ᠬᠤᠷᠢᠶ᠎ᠠ ᠬᠢᠭᠡᠳ ᠪᠦᠷᠢᠯᠳᠦᠬᠦᠨ ᠨᠢᠭᠡᠴᠡ ᠶᠢᠨ ᠬᠠᠷᠢᠭᠤᠴᠠᠯᠭ᠎ᠠ᠂ ᠡᠷᠬᠡ ᠠᠰᠢᠭ ᠪᠠ ᠡᠭᠦᠷᠭᠡ ᠶᠢ ᠲᠣᠭᠲᠠᠭᠠᠵᠤ᠂ | ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠣᠳᠣᠷᠬᠠᠶᠢᠯᠠᠨ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠲᠦᠷᠦᠭᠦᠯᠡᠬᠦ ᠪᠠᠶᠢᠭᠤᠯᠤᠮᠵᠢ ᠶᠢ ᠵᠠᠷᠴᠢᠮ ᠳᠡᠭᠡᠷ᠎ᠡ ᠪᠠᠨ ᠬᠤᠶᠠᠳᠤᠭᠠᠷ ᠳᠡᠰ ᠤᠨ ᠬᠥᠬᠡ | ᠳᠡᠰ ᠵᠢᠴᠢ ᠲᠡᠭᠦᠨ ᠠᠴᠠ ᠳᠡᠭᠡᠭᠰᠢ ᠡᠮᠴᠢᠯᠡᠭᠡᠨ ᠤ ᠪᠠᠶᠢᠭᠤᠯᠤᠮᠵᠢ᠂ ᠰᠢᠶᠠᠩ ᠪᠠᠯᠭᠠᠰᠤ ︵ᠰᠤᠮᠤ︶ ᠶᠢᠨ ᠡᠷᠡᠭᠦᠯ | ᠬᠠᠮᠠᠭᠠᠯᠠᠯ ᠤᠨ ᠬᠤᠷᠢᠶ᠎ᠠ᠂ ᠲᠣᠰᠬᠤᠨ ︵ᠭᠠᠴᠠᠭ᠎ᠠ︶ ᠤ ᠡᠷᠡᠭᠦᠯ ᠬᠠᠮᠠᠭᠠᠯᠠᠯ ᠤᠨ ᠲᠠᠰᠤᠭ ᠨᠢ ᠬᠠᠮᠲᠤᠪᠠᠷ | ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ᠂ ᠡᠬᠡ ᠨᠢᠯᠬ᠎ᠠ᠂ ᠬᠢᠨᠠᠯᠲᠠ ᠲᠠᠯᠪᠢᠬᠤ ᠵᠡᠷᠭᠡ ᠲᠤᠰᠬᠠᠢ ᠠᠵᠢᠯ ᠤᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠳᠤ ᠣᠷᠣᠯᠴᠠᠬᠤ ᠶᠢ | ᠵᠣᠷᠢᠭᠵᠢᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠪᠦᠷᠢᠯᠳᠦᠬᠦᠨ ᠨᠢᠭᠡᠴᠡ ᠶᠢᠨ | ᠬᠠᠤᠯᠢ ᠶᠢᠨ ᠡᠷᠬᠡᠲᠡᠨ ᠤ ᠬᠢᠷᠢ ᠭᠡᠮ ᠢ ᠬᠤᠪᠢᠷᠠᠭᠤᠯᠬᠤ ᠦᠭᠡᠢ ᠪᠠᠶᠢᠯᠭᠠᠨ᠎ᠠ᠃ | 2. ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠨᠢᠭᠡ ᠳᠤ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠠᠵᠢᠯ ᠲᠥᠷᠥᠯ ᠤᠨ | ᠬᠠᠮᠢᠶᠠᠷᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ ᠲᠥᠷᠥᠯ ᠤᠨ | ᠲᠥᠯᠥᠪᠵᠢᠭᠦᠯᠭᠡ᠂ ᠪᠠᠷᠢᠮᠵᠢ᠊ ᠡᠶ᠎ᠡ ᠵᠢᠷᠤᠮᠯᠠᠯ ᠢ ᠲᠣᠭᠲᠠᠭᠠᠬᠤ ᠪᠠ ᠡᠮᠴᠢᠯᠡᠭᠡᠨ ᠤ ᠬᠠᠮᠲᠤ ᠶᠢᠨ ᠴᠣᠭᠴᠠ ᠳᠤ ᠬᠢᠨᠠᠯᠲᠠ | ᠲᠠᠯᠪᠢᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠳᠠᠭᠠᠨ ᠳᠦᠷᠢᠮ ᠲᠣᠭᠲᠠᠭᠠᠬᠤ ᠪᠠᠷ ᠳᠠᠮᠵᠢᠭᠤᠯᠤᠨ᠂ ᠲᠦᠷᠦᠭᠦᠯᠡᠨ ᠬᠢᠬᠦ ᠡᠮᠨᠡᠯᠭᠡ ᠶᠢᠨ | ᠬᠤᠷᠢ᠊ ᠡᠶ᠎ᠡ ᠬᠢᠭᠡᠳ ᠪᠦᠷᠢᠯᠳᠦᠬᠦᠨ ᠨᠢᠭᠡᠴᠡ ᠶᠢᠨ ᠬᠠᠷᠢᠭᠤᠴᠠᠯᠭ᠎ᠠ᠂ ᠡᠷᠬᠡ ᠠᠰᠢᠭ ᠪᠠ ᠡᠭᠦᠷᠭᠡ ᠶᠢ ᠲᠣᠭᠲᠠᠭᠠᠵᠤ᠂ | ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠣᠳᠣᠷᠬᠠᠶᠢᠯᠠᠨ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠲᠦᠷᠦᠭᠦᠯᠡᠬᠦ ᠪᠠᠶᠢᠭᠤᠯᠤᠮᠵᠢ ᠶᠢ ᠵᠠᠷᠴᠢᠮ ᠳᠡᠭᠡᠷ᠎ᠡ ᠪᠠᠨ ᠬᠤᠶᠠᠳᠤᠭᠠᠷ ᠳᠡᠰ ᠤᠨ ᠬᠥᠬᠡ | ᠳᠡᠰ ᠵᠢᠴᠢ ᠲᠡᠭᠦᠨ ᠠᠴᠠ ᠳᠡᠭᠡᠭᠰᠢ ᠡᠮᠴᠢᠯᠡᠭᠡᠨ ᠤ ᠪᠠᠶᠢᠭᠤᠯᠤᠮᠵᠢ᠂ ᠰᠢᠶᠠᠩ ᠪᠠᠯᠭᠠᠰᠤ ︵ᠰᠤᠮᠤ︶ ᠶᠢᠨ ᠡᠷᠡᠭᠦᠯ | ᠬᠠᠮᠠᠭᠠᠯᠠᠯ ᠤᠨ ᠬᠤᠷᠢᠶ᠎ᠠ᠂ ᠲᠣᠰᠬᠤᠨ ︵ᠭᠠᠴᠠᠭ᠎ᠠ︶ ᠤ ᠡᠷᠡᠭᠦᠯ ᠬᠠᠮᠠᠭᠠᠯᠠᠯ ᠤᠨ ᠲᠠᠰᠤᠭ ᠨᠢ ᠬᠠᠮᠲᠤᠪᠠᠷ | ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ᠂ ᠡᠬᠡ ᠨᠢᠯᠬ᠎ᠠ᠂ ᠬᠢᠨᠠᠯᠲᠠ ᠲᠠᠯᠪᠢᠬᠤ ᠵᠡᠷᠭᠡ ᠲᠤᠰᠬᠠᠢ ᠠᠵᠢᠯ ᠤᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠳᠤ ᠣᠷᠣᠯᠴᠠᠬᠤ ᠶᠢ | ᠵᠣᠷᠢᠭᠵᠢᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠪᠦᠷᠢᠯᠳᠦᠬᠦᠨ ᠨᠢᠭᠡᠴᠡ ᠶᠢᠨ | ᠬᠠᠤᠯᠢ ᠶᠢᠨ ᠡᠷᠬᠡᠲᠡᠨ ᠤ ᠬᠢᠷᠢ ᠭᠡᠮ ᠢ ᠬᠤᠪᠢᠷᠠᠭᠤᠯᠬᠤ ᠦᠭᠡᠢ ᠪᠠᠶᠢᠯᠭᠠᠨ᠎ᠠ᠃ | ᠬᠤᠶᠠᠷ ᠲᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠳᠤᠮᠳᠠ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ | ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠮᠴᠢᠯᠡᠭᠡᠨ ᠤ ᠬᠠᠮᠲᠤ ᠶᠢᠨ | ᠴᠣᠭᠴᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢᠶ᠎ᠠ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠨᠠᠮ ᠤᠨ ᠬᠤᠷᠢ᠊ ᠡᠶ᠎ᠡ ᠶᠢᠨ ᠱᠦᠵᠢ ᠶᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠭᠤᠣᠯ ᠬᠠᠷᠢᠭᠤᠴᠠᠯᠭᠠᠲᠠᠨ ᠡᠭᠦᠷᠭᠡᠯᠡᠵᠦ᠂ ᠨᠠᠮ ᠤᠨ ᠬᠤᠷᠢ᠊ ᠡᠶ᠎ᠡ ᠶᠢᠨ ᠳᠡᠳ᠋ ᠱᠦᠵᠢ ᠶᠢ ᠲᠦᠷᠦᠭᠦᠯᠡᠨ | ᠡᠮᠨᠡᠯᠭᠡ ᠶᠢᠨ ᠬᠤᠷᠢ᠊ ᠡᠶ᠎ᠡ ᠶᠢᠨ ᠨᠠᠮ ᠤᠨ ᠬᠤᠷᠢ᠊ ᠡᠶ᠎ᠡ ᠶᠢᠨ ᠱᠦᠵᠢ ︵ᠪᠤᠶᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ︶ ᠡᠭᠦᠷᠭᠡᠯᠡᠵᠦ᠂ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠪᠣᠯᠬᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠢ ᠨᠠᠮ ᠤᠨ ᠬᠤᠷᠢᠶ᠎ᠠ ᠶᠢᠨ ᠭᠡᠰᠢᠭᠦᠨ ᠪᠣᠯᠤᠨ᠎ᠠ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢ ᠵᠢᠭᠠᠨ ᠵᠢᠯᠣᠭᠤᠳᠴᠤ | ᠪᠠᠶᠢᠭᠠᠳ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠬᠤᠷᠢᠶᠠᠨ ᠳᠠᠷᠤᠭ᠎ᠠ ᠶᠢᠨ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠡᠮᠴᠢ ᠶᠢᠨ ᠮᠣᠷᠠᠯ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠭᠤᠷᠪᠠ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ | ᠪᠦᠷᠢᠨᠰᠢᠭᠦᠯᠦᠨ᠎ᠡ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠵᠠᠰᠠᠭ ᠤᠨ ᠣᠷᠳᠣᠨ ᠤ ᠡᠮᠨᠡᠯᠭᠡ ᠡᠷᠬᠢᠯᠡᠬᠦ ᠤᠳᠤᠷᠢᠳᠬᠤ ᠬᠠᠷᠢᠭᠤᠴᠠᠯᠭ᠎ᠠ᠂ ᠪᠠᠲᠤᠯᠠᠭ᠎ᠠ ᠶᠢᠨ ᠬᠠᠷᠢᠭᠤᠴᠠᠯᠭ᠎ᠠ᠂ | ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳ ᠭᠦᠢᠴᠡᠳᠬᠡᠵᠦ᠂ ᠵᠠᠰᠠᠭ ᠪᠠ ᠠᠵᠢᠯ ᠦᠢᠯᠡᠰ ᠢ ᠰᠠᠯᠭᠠᠬᠤ᠂ | ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠪᠡᠶᠡᠯᠡᠭᠦᠯᠦᠨ᠎ᠡ᠃ ᠰᠢᠨᠵᠢᠯᠡᠬᠦ ᠤᠬᠠᠭᠠᠨᠴᠢᠯᠠᠭᠰᠠᠨ᠂ | ᠨᠡᠷᠢᠯᠢᠠᠠᠵᠢᠭᠤᠯᠥᠠᠠᠰᠠᠨ ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠤᠨ | ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠳ᠋ ᠤᠨ ᠶᠠᠪᠤᠳᠠᠯ ᠪᠠ | ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠳ᠋ ᠤᠨ ᠶᠠᠪᠤᠳᠠᠯ ᠤᠨ ᠮᠡᠳᠡᠭᠦᠯᠬᠦ ᠳᠦᠷᠢᠮ᠂ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ᠂ ᠭᠤᠷᠪᠠᠳᠠᠬᠢ ᠡᠲᠡᠭᠡᠳ ᠤᠨ ᠳᠠᠩᠰᠠᠯᠠᠭᠤᠯᠤᠭᠰᠠᠨ | ᠨᠢᠭᠲᠠᠯᠠᠨ ᠪᠣᠳᠣᠭᠴᠢ ᠶᠢᠨ ᠬᠢᠨᠠᠨ ᠪᠣᠳᠣᠬᠤ ᠳᠦᠷᠢᠮ᠂ ᠶᠡᠷᠦᠩᠬᠡᠢ ᠨᠢᠭᠲᠠᠯᠠᠨ ᠪᠣᠳᠣᠭᠴᠢ ᠶᠢᠨ ᠳᠦᠷᠢᠮ ᠪᠠ | ᠡᠳ᠋ ᠤᠨ ᠶᠠᠪᠤᠳᠠᠯ ᠢ ᠢᠯᠡ ᠪᠣᠯᠭᠠᠬᠤ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠳᠣᠲᠣᠭᠠᠳᠤ ᠶᠢᠨ | ᠰᠢᠢᠳᠪᠦᠷᠢᠲᠦ ᠪᠣᠳᠣᠯᠭ᠎ᠠ ᠪᠠ ᠬᠦᠯᠢᠶᠡᠰᠦᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠴᠢᠩᠭᠠᠳᠬᠠᠵᠤ᠂ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠬᠦ ᠳᠤ ᠴᠢᠭᠯᠡᠭᠦᠯᠦᠨ ᠦᠨᠡᠨᠬᠦ ᠪᠣᠯᠤᠮᠵᠢᠲᠠᠢ ᠴᠤᠪᠤᠷᠠᠯ ᠪᠠ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠦᠷᠢᠮ ᠢ ᠲᠣᠭᠲᠠᠭᠠᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠳ᠋ ᠤᠨ | ᠶᠠᠪᠤᠳᠠᠯ ᠪᠠ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠶᠢᠨ ᠡᠳ᠋ ᠤᠨ ᠶᠠᠪᠤᠳᠠᠯ ᠳᠤ ᠨᠢᠭᠡᠳᠦᠯᠲᠡᠢ ᠬᠠᠮᠢᠶᠠᠷᠴᠤ᠂ ᠲᠥᠪᠯᠡᠷᠡᠭᠦᠯᠦᠨ ᠲᠣᠭᠠᠴᠠᠭ᠎ᠠ | ᠬᠢᠵᠦ᠂ ᠡᠯ᠎ᠡ ᠪᠦᠷᠢᠯᠳᠦᠬᠦᠨ ᠨᠢᠭᠡᠴᠡ ᠶᠢᠨ ᠡᠳ᠋ ᠤᠨ ᠶᠠᠪᠤᠳᠠᠯ ᠳᠤ ᠲᠤᠰᠠᠭᠠᠷ ᠳᠡᠩᠰᠡ ᠪᠠᠶᠢᠭᠤᠯᠤᠨ᠎ᠠ᠃ | ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠬᠢᠨᠠᠨ ᠪᠣᠳᠣᠬᠤ ᠬᠠᠮᠢᠶᠠᠷᠤᠯᠲᠠ ᠶᠢ ᠴᠢᠩᠭᠠᠳᠬᠠᠵᠤ᠂ | ᠬᠢᠨᠠᠨ ᠪᠣᠳᠣᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ | ᠳᠥᠷᠪᠡ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠡᠷᠡᠭ ᠵᠥᠪᠯᠡᠬᠦ ᠳᠦᠷᠢᠮ ᠢ ᠲᠡᠭᠦᠯᠳᠡᠷᠵᠢᠭᠦᠯᠦᠨ᠎ᠡ᠃ | ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷᠠᠬᠢ ᠶᠡᠷᠦᠩᠬᠡᠢ ᠬᠤᠷᠢᠶᠠᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠶᠡᠷᠦᠩᠬᠡᠢ ᠬᠤᠷᠢᠶᠠᠨ ᠳᠠᠷᠤᠭ᠎ᠠ ᠲᠣᠭᠲᠠᠮᠠᠯ | ᠬᠤᠭᠤᠴᠠᠭ᠎ᠠ ᠲᠠᠢ ᠪᠠᠷ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠢ ᠴᠤᠭᠯᠠᠭᠤᠯᠤᠨ ᠴᠤᠭᠯᠠᠭᠤᠯᠵᠤ᠂ | ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠬᠤᠷᠠᠯᠳᠤᠭᠤᠯᠤᠨ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠲᠤᠬᠠᠶᠢᠯᠠᠭᠰᠠᠨ ᠠᠵᠢᠯ ᠪᠠ ᠡᠵᠡᠩᠨᠡᠯᠲᠡ ᠶᠢᠨ ᠠᠵᠢᠯ ᠢ ᠰᠤᠳᠤᠯᠤᠨ᠎ᠠ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠨᠠᠮ ᠤᠨ ᠬᠤᠷᠢᠶᠠᠨ ᠤ ᠬᠤᠷᠠᠯ ᠤᠨ ᠰᠢᠢᠳᠪᠦᠷᠢ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠠᠵᠢᠯ︔ ᠨᠠᠮ ᠤᠨ ᠬᠤᠷᠢᠶᠠᠨ ᠤ ᠬᠤᠷᠠᠯ ᠳᠤ ᠳᠡᠪᠰᠢᠭᠦᠯᠵᠦ | ᠶᠠᠷᠢᠯᠴᠠᠭᠤᠯᠤᠨ ᠲᠣᠭᠲᠠᠭᠠᠬᠤ ᠪᠠᠷ ᠪᠠᠶᠢᠭ᠎ᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠲᠥᠷᠥᠯ | ᠵᠦᠢᠯ ᠤᠨ ᠲᠣᠬᠢᠷᠠᠭᠤᠯᠤᠯᠲᠠ ᠪᠠ ᠶᠡᠭᠡ ᠲᠤᠭ᠎ᠠ ᠬᠡᠮᠵᠢᠶᠡᠨ ᠤ ᠪᠡᠯᠡ ᠮᠥᠩᠭᠦ ᠶᠢᠨ ᠬᠡᠷᠡᠭᠯᠡᠯᠲᠡ ᠶᠢᠨ ᠵᠦᠢᠯᠡᠰ ᠤᠨ | ᠲᠥᠰᠦᠯ ᠢ ᠶᠠᠷᠢᠯᠴᠠᠨ ᠪᠠᠲᠤᠯᠠᠵᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠡᠩ ᠤᠨ ᠳᠡᠰ ᠳᠡᠪᠰᠢᠬᠦ᠂ | ᠠᠵᠢᠯᠲᠠᠨ ᠡᠯᠰᠡᠨ ᠬᠡᠷᠡᠭᠯᠡᠬᠦ ᠪᠠ ᠤᠷᠢᠵᠤ ᠰᠢᠯᠵᠢᠭᠦᠯᠬᠦ ᠶᠢ ᠵᠣᠭᠰᠣᠭᠠᠬᠤ ᠵᠢᠴᠢ ᠰᠤᠷᠤᠭᠴᠢ ᠡᠯᠰᠡᠬᠦ | ᠪᠣᠯᠪᠠᠰᠤᠷᠠᠭᠤᠯᠤᠯ᠂ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠵᠡᠷᠭᠡ ᠴᠢᠳᠠᠪᠤᠷᠢᠲᠠᠨ ᠤ ᠠᠵᠢᠯ ᠤᠨ ᠵᠦᠢᠯᠡᠰ ᠢ ᠶᠠᠷᠢᠯᠴᠠᠨ ᠲᠣᠭᠲᠠᠭᠠᠪᠠ︔ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠶᠢᠨ ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠪᠠ | ᠵᠠᠰᠠᠭ ᠵᠠᠬᠢᠷᠭᠠᠨ ᠤ ᠬᠠᠮᠢᠶᠠᠷᠤᠯᠲᠠ ᠳᠠᠬᠢ ᠬᠠᠮᠲᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠᠲᠠᠢ | ᠪᠤᠰᠤᠳ ᠵᠦᠢᠯᠡᠰ ᠢ ᠶᠠᠷᠢᠯᠴᠠᠨ ᠲᠣᠭᠲᠠᠭᠠᠪᠠ᠃ | ᠲᠠᠪᠤ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠵᠡᠩᠨᠡᠯᠲᠡ ᠶᠢᠨ ᠪᠠᠶᠢᠭᠤᠯᠤᠮᠵᠢ ᠶᠢ ᠵᠣᠬᠢᠶᠠᠨ | ᠪᠠᠶᠢᠭᠤᠯᠤᠨ᠎ᠠ᠃ ᠪᠠᠶᠢᠷᠢ ᠲᠣᠭᠲᠠᠭᠠᠯᠲᠠ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠠᠵᠢᠯ | ᠬᠤᠪᠢᠶᠠᠷᠢᠯᠠᠨ ᠬᠠᠮᠵᠢᠯᠴᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠵᠡᠩᠨᠡᠯᠲᠡ ᠶᠢᠨ ᠲᠣᠭᠲᠠᠴᠠ ᠶᠢ | ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠵᠠᠰᠠᠭ ᠵᠠᠬᠢᠷᠭᠠᠨ ᠤ ᠬᠠᠮᠢᠶᠠᠷᠤᠯᠲᠠ᠂ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠦᠢᠯᠡᠴᠢᠯᠡᠭᠡ᠂ ᠮᠡᠳᠡᠭᠡ | ᠵᠠᠩᠭᠢ ᠶᠢᠨ ᠰᠢᠰᠲ᠋ᠧᠮ ᠵᠡᠷᠭᠡ ᠶᠢ ᠨᠢᠭᠡᠳᠦᠯᠲᠡᠢ ᠠᠵᠢᠯᠯᠠᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠭᠠᠵᠠᠷ ᠣᠷᠣᠨ ᠤ | ᠪᠣᠳᠠᠲᠠᠢ ᠲᠠᠢ ᠪᠠᠨ ᠤᠶᠠᠯᠳᠤᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢ᠊ ᠡᠶ᠎ᠡ ᠶᠢᠨ ᠲᠥᠪ | ᠵᠢᠴᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠳᠦᠷ ᠲᠤᠲᠤᠮ ᠤᠨ ᠠᠵᠢᠯ ᠢ ᠨᠠᠶᠢᠳᠠᠪᠤᠷᠢᠵᠢᠭᠤᠯᠤᠨ᠎ᠠ︔ | ᠡᠵᠡᠩᠨᠡᠨ ᠬᠠᠮᠢᠶᠠᠷᠬᠤ ᠬᠡᠯᠲᠡᠰ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ | ᠡᠮᠴᠢᠯᠡᠭᠡᠨ ᠤ ᠠᠵᠢᠯ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ | ᠬᠠᠮᠢᠶᠠᠷᠤᠯᠲᠠ᠂ ᠡᠮ ᠤᠨ ᠮᠠᠲ᠋ᠧᠷᠢᠶᠠᠯ ᠤᠨ ᠮᠠᠲ᠋ᠧᠷᠢᠶᠠᠯ ᠵᠡᠷᠭᠡ ᠬᠠᠮᠢᠶ᠎ᠠ ᠪᠦᠬᠦᠢ ᠬᠥᠮᠦᠰ ᠢᠶᠠᠷ ᠪᠦᠷᠢᠯᠳᠦᠵᠦ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠪᠡᠳᠴᠢᠨ ᠡᠮᠭᠡᠭ ᠢ ᠡᠵᠡᠮᠳᠡᠬᠦ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯᠲᠠᠨ ᠵᠡᠷᠭᠡ ᠪᠠᠷ ᠪᠦᠷᠢᠯᠳᠦᠵᠦ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠶᠢᠨ ︵ᠮᠣᠩᠭᠤᠯ ᠡᠮ ᠡᠮᠨᠡᠯᠭᠡ ᠶᠢᠨ ᠠᠵᠢᠯᠲᠠᠨ ᠢ ᠠᠳᠠᠯᠢ ᠴᠢᠨᠠᠷᠵᠢᠭᠤᠯᠤᠭᠰᠠᠨ᠂ | ᠵᠢᠷᠤᠮᠵᠢᠭᠰᠠᠨ ᠬᠠᠮᠢᠶᠠᠷᠤᠯᠲᠠ ᠶᠢ ᠬᠠᠷᠢᠭᠤᠴᠠᠨ᠎ᠠ︔ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠭᠦᠯᠡᠬᠦ | ᠡᠮᠴᠢᠯᠡᠭᠡᠨ ᠤ ᠪᠠᠶᠢᠭᠤᠯᠤᠮᠵᠢ ᠵᠢᠴᠢ ᠪᠦᠷᠢᠯᠳᠦᠬᠦᠨ ᠨᠢᠭᠡᠴᠡ ᠶᠢᠨ ᠡᠮᠴᠢᠯᠡᠭᠡᠨ ᠤ ᠳᠠᠭᠠᠳᠬᠠᠯ ᠤᠨ ᠠᠵᠢᠯᠲᠠᠨ ᠢᠶᠠᠷ | ᠪᠦᠷᠢᠯᠳᠦᠵᠦ᠂ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠤᠯᠤᠰ᠂ ᠥᠪᠡᠷᠲᠡᠭᠡᠨ | ᠵᠠᠰᠠᠬᠤ ᠣᠷᠣᠨ᠂ ᠬᠢᠩᠭᠠᠨ ᠠᠶᠢᠮᠠᠭ᠂ ᠬᠤᠰᠢᠭᠤᠨ ᠤ ᠱᠠᠲᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠢ ᠵᠣᠯᠭᠠᠭᠤᠯᠤᠨ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ︔ ᠡᠳ᠋ ᠤᠨ ᠶᠠᠪᠤᠳᠠᠯ ᠤᠨ ᠬᠢᠨᠠᠨ ᠪᠣᠳᠣᠬᠤ ᠶᠠᠮᠤᠨ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠦᠷᠦᠭᠦᠯᠡᠬᠦ ᠡᠮᠴᠢᠯᠡᠭᠡᠨ ᠤ ᠪᠠᠶᠢᠭᠤᠯᠤᠮᠵᠢ ᠵᠢᠴᠢ ᠪᠦᠷᠢᠯᠳᠦᠬᠦᠨ ᠨᠢᠭᠡᠴᠡ ᠶᠢᠨ ᠡᠳ᠋ ᠤᠨ | ᠶᠠᠪᠤᠳᠠᠯ ᠤᠨ ᠠᠵᠢᠯᠲᠠᠨ ᠢᠶᠠᠷ ᠪᠦᠷᠢᠯᠳᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠶᠢᠨ | ᠡᠳ᠋ ᠤᠨ ᠶᠠᠪᠤᠳᠠᠯ ᠤᠨ ᠲᠥᠯᠥᠪᠵᠢᠭᠦᠯᠭᠡ ᠪᠠ ᠬᠠᠮᠢᠶᠠᠷᠤᠯᠲᠠ ᠶᠢ ᠬᠠᠷᠢᠭᠤᠴᠠᠵᠤ᠂ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠳᠦᠷᠢᠮ ᠪᠠ ᠳᠣᠲᠣᠭᠠᠳᠤ ᠶᠢᠨ ᠨᠢᠭᠲᠠᠯᠠᠨ ᠪᠣᠳᠣᠵᠤ ᠡᠵᠡᠮᠳᠡᠬᠦ ᠳᠦᠷᠢᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠤᠨ | ᠪᠦᠷᠢᠨᠰᠢᠭᠦᠯᠬᠦ ᠪᠠᠷ ᠳᠠᠮᠵᠢᠭᠤᠯᠤᠨ᠂ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠨᠢᠭᠡ | ᠴᠣᠭᠴᠠᠵᠢᠭᠤᠯᠤᠭᠰᠠᠨ ᠬᠠᠮᠢᠶᠠᠷᠤᠯᠲᠠ ᠶᠢ ᠠᠬᠢᠭᠤᠯᠥᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠰᠢᠭ | ᠲᠤᠰᠠ ᠶᠢ ᠬᠠᠮᠲᠤᠪᠠᠷ ᠬᠦᠷᠲᠡᠬᠦ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠥᠨᠳᠥᠷ ᠦᠷ᠎ᠡ ᠪᠦᠲᠦᠮᠵᠢᠲᠡᠢ ᠪᠠᠷ | ᠠᠵᠢᠯᠯᠠᠭᠤᠯᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | |