ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ 9 ᠰᠠᠷ᠎ᠠ ᠶᠢᠨ 2 ᠤᠨ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2023/8/30
   21 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠮᠡᠳᠡᠭᠡ ᠨᠡᠶᠢᠲᠡᠯᠡᠵᠦ᠂ ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ 9 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠷᠠᠰᠢᠶᠠᠨ ᠬᠤᠲᠠ ᠳᠤ ᠶᠠᠪᠤᠭᠳᠠᠨ᠎ᠠ᠂ ᠶᠡᠭᠡ ᠬᠤᠷᠠᠯ ᠢ ᠰᠣᠶᠣᠯ ᠪᠠ ᠵᠢᠭᠤᠯᠴᠢᠯᠠᠯ ᠤᠨ ᠶᠠᠮᠤᠨ᠂ ᠰᠢᠨᠬᠤᠸᠠ ᠮᠡᠳᠡᠭᠡᠯᠡᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠨ᠎ᠡ ᠭᠡᠵᠡᠢ᠃   ᠰᠣᠶᠣᠯ ᠪᠠ ᠵᠢᠭᠤᠯᠴᠢᠯᠠᠯ ᠤᠨ ᠶᠠᠮᠤᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦ᠋ᠯᠲᠡ ᠶᠢ ᠵᠤᠷᠭᠠᠨ ᠤ ᠳᠡᠳ᠋ ᠳᠠᠷᠤᠭ᠎ᠠ ᠦ᠋ ᠺᠤ ᠹᠤᠩ᠂ ᠷᠠᠰᠢᠶᠠᠨ ᠬᠤᠳᠠ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠡᠲᠡᠭᠡᠳ ᠪᠣᠯᠣᠨ᠎ᠠ᠂ ᠮᠥᠨ ᠴᠦ ᠮᠠᠨ ᠤ ᠤᠯᠤᠰ ᠤᠨ ᠰᠢᠨ᠎ᠡ ᠪᠠᠷ ᠮᠠᠨᠳᠤᠭᠰᠠᠨ ᠬᠠᠯᠠᠮᠰᠢᠯ ᠵᠢᠭᠤᠯᠴᠢᠯᠠᠯ ᠤᠨ ᠬᠠᠷᠠᠯᠲᠠᠲᠤ ᠣᠷᠣᠨ ᠪᠣᠯᠣᠨ᠎ᠠ᠃ ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠤ ᠡᠨᠡ ᠵᠢᠯ ᠤᠨ ᠵᠤᠨ ᠤ ᠠᠮᠠᠷᠠᠯᠲᠠ ᠠᠴᠠ ᠰᠡᠭᠦᠯᠡᠷ ᠪᠠᠶᠢᠭᠤᠯᠤᠭᠰᠠᠨ ᠤᠯᠤᠰ ᠤᠨ ᠲᠡᠰ ᠤᠨ ᠲᠠᠪᠴᠠᠩ ᠪᠣᠯᠣᠨ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠬᠥᠳᠡᠭᠡ ᠲᠣᠰᠬᠤᠨ ᠢ ᠬᠥᠭᠵᠢᠭᠦᠯᠦ᠋ᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠶᠢ ᠠᠬᠢᠭᠤᠯᠬᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠭᠠᠷᠳᠠᠴᠠ ᠪᠣᠯᠣᠨ᠎ᠠ ᠭᠡᠵᠤ ᠳᠠᠨᠢᠯᠴᠠᠭᠤᠯᠪᠠ᠃   ᠶᠡᠭᠡ ᠬᠤᠷᠠᠯ ᠳᠤ ᠵᠢᠦᠨ ᠵᠦᠢᠯ ᠤᠨ ᠠᠵᠢᠯᠯᠠᠭ᠎ᠠ ᠲᠠᠢ ᠪᠠᠶᠢᠵᠤ᠂ ᠡᠬᠢᠯᠡᠯᠲᠡ ᠶᠢ ᠶᠣᠰᠣᠯᠠᠯ᠂ ︽ᠮᠢᠩᠭᠠᠨ ᠲᠡᠷᠭᠡ ᠲᠦᠮᠡᠨ ᠬᠥᠮᠥᠨ︾ ᠤ ᠲᠡᠷᠭᠡ ᠵᠢᠯᠤᠭᠤᠳᠴᠤ ᠶᠡᠭᠡ ᠬᠢᠩᠭᠠᠨ ᠳᠠᠪᠠᠭ᠎ᠠ ᠶᠢ ᠳᠤᠭᠤᠯᠬᠤ ᠵᠢᠭᠤᠯᠴᠢᠯᠠᠯ ᠤᠨ ᠠᠵᠢᠯᠯᠠᠭ᠎ᠠ ᠂ ︽ᠰᠢ ᠺᠧᠦ ᠲᠣᠰᠬᠤᠨ ᠤ ᠤᠷᠠᠯᠢᠭ ᠤᠨ ᠴᠤᠭᠯᠠᠭᠠᠨ︾ ᠤ ᠠᠵᠢᠯᠯᠠᠭ᠎ᠠ᠂ ᠵᠢᠭᠤᠯᠴᠢᠯᠠᠯ ᠤᠨ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ ᠠᠵᠢᠯᠯᠠᠭ᠎ᠠ᠂ ︽ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠪᠣᠬᠢᠷᠲᠤᠯ ᠦᠭᠡᠢ ᠬᠥᠭᠵᠢᠭᠦᠯᠬᠦ︾ ᠰᠣᠶᠣᠯ ᠵᠢᠭᠤᠯᠴᠢᠯᠠᠯ ᠤᠨ ᠶᠠᠷᠢᠶᠠᠨ ᠤ ᠲᠠᠪᠴᠠᠩ᠂ ᠵᠢᠭᠤᠯᠴᠢᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦ᠋ᠨ ᠮᠠᠨᠳᠤᠭᠤᠯᠬᠤ ᠶᠢ ᠠᠬᠢᠭᠤᠯᠵᠤ ᠬᠠᠮᠲᠤ ᠪᠠᠷ ᠴᠢᠨᠡᠭᠡᠯᠢᠭᠵᠢᠬᠦ ᠶᠢ ᠲᠤᠰᠠᠯᠠᠬᠤ ᠶᠠᠷᠢᠶᠠᠨ ᠤ ᠲᠠᠪᠴᠠᠩ᠂ ︽ᠪᠣᠳᠠᠰ ᠤᠨ ᠪᠤᠰᠤ ᠰᠣᠶᠣᠯ ᠤᠨ ᠥᠪ + ᠵᠢᠭᠤᠯᠴᠢᠯᠠᠯ︾ ᠤᠨ ᠲᠦᠷᠦᠯ ᠵᠦᠢᠯ ᠤᠨ ᠪᠡᠶᠡᠴᠢᠯᠡᠨ ᠣᠶᠢᠯᠠᠭᠠᠬᠤ ᠦᠵᠡᠭᠦᠯᠭᠡ᠂ ︽ᠷᠠᠰᠢᠶᠠᠨ ᠤ ᠡᠨᠡ ᠠᠷᠪᠠᠨ ᠵᠢᠯ︾ ᠤᠨ ᠦᠵᠡᠭᠦᠯᠭᠡ ᠵᠢᠴᠢ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠬᠠᠮᠲᠤᠪᠠᠷ ᠡᠳ᠋ᠯᠡᠬᠦ ᠶᠢ ᠠᠬᠢᠭᠤᠯᠬᠤ ᠴᠤᠭᠯᠠᠭᠠᠨ ᠵᠡᠷᠭᠡ ᠪᠤᠯᠤᠨ᠎ᠠ᠃ ᠡᠭᠦᠨ ᠳᠤ᠂ ︽ᠮᠢᠩᠭᠠᠨ ᠲᠡᠷᠭᠡ ᠲᠦᠮᠡᠨ ᠬᠥᠮᠥᠨ︾ ᠤ ᠲᠡᠷᠭᠡ ᠵᠢᠯᠤᠭᠤᠳᠴᠤ ᠶᠡᠭᠡ ᠬᠢᠩᠭᠠᠨ ᠳᠠᠪᠠᠭ᠎ᠠ ᠶᠢ ᠳᠤᠭᠤᠯᠬᠤ ᠵᠢᠭᠤᠯᠴᠢᠯᠠᠯ ᠤᠨ ᠠᠵᠢᠯᠯᠠᠭ᠎ᠠ ᠳᠤ ᠪᠥᠬᠦ ᠤᠯᠤᠰ ᠤᠨ ᠬᠡᠪᠴᠢᠶᠡᠨ ᠠᠴᠠ ᠡᠯᠰᠡᠨ ᠴᠤᠭᠯᠠᠭᠤᠯᠵᠤ ᠵᠢᠷᠤᠵᠤ ᠲᠥᠯᠥ᠋ᠪᠯᠡᠭᠰᠡᠨ 2023 ︽ᠳᠤᠮᠳᠠᠳᠤ ᠤᠯᠤᠰ ᠤᠨ ᠵᠠᠮ︾ ᠤᠨ ᠬᠤᠪᠢ ᠶᠢ ᠮᠠᠰᠢᠨ ᠲᠡᠷᠭᠡᠨ ᠤ ᠵᠢᠭᠤᠯᠴᠢᠯᠠᠯ ᠤᠨ ᠠᠷᠪᠠᠨ ᠶᠡᠭᠡ ᠰᠣᠳᠣᠨ ᠵᠠᠮ ᠱᠤᠭᠤᠮ ᠢ ᠨᠡᠶᠢᠲᠡᠯᠡᠬᠦ ᠪᠣᠯᠣᠨ᠎ᠠ᠃    ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠴᠢᠨ ᠶᠠᠨ ᠬᠡᠯᠡᠬᠦ ᠳᠡᠭᠡᠨ᠂ ᠮᠠᠨ ᠤ ᠤᠷᠤᠨ ︽ᠶᠡᠭᠡ ᠬᠢᠩᠭᠠᠨ ᠳᠠᠪᠠᠭ᠎ᠠ ᠶᠢ ᠰᠢᠭᠤᠶᠢᠲᠤ ᠣᠷᠣᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠡᠷᠡᠭᠵᠢᠭᠦᠯᠬᠦ ᠲᠥᠰᠥᠯ︾᠂ ︽ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠬᠡᠷᠡᠭᠵᠢᠭᠦᠯᠬᠦ ᠲᠥᠰᠥᠯ︾ ᠵᠡᠷᠭᠡ ᠲᠥᠷᠥ ᠶᠢ ᠪᠣᠳᠣᠯᠭ᠎ᠠ ᠶᠢ ᠨᠡᠶᠢᠲᠡᠯᠡᠵᠦ᠂ ᠵᠢᠭᠤᠯᠴᠢᠯᠠᠯ ᠤᠨ ᠲᠤᠰᠬᠠᠢ ᠭᠠᠯᠲᠤ ᠲᠡᠷᠭᠡ᠂ ᠵᠢᠭᠤᠯᠴᠢᠯᠠᠯ ᠤᠨ ᠨᠢᠰᠬᠡᠯ ᠳᠠᠭᠠᠭᠠᠴᠢᠯᠠᠬᠤ ᠪᠠ ᠵᠢᠭᠤᠯᠴᠢᠯᠠᠭᠴᠢ ᠶᠢ ᠤᠷᠢᠵᠤ ᠠᠪᠴᠢᠷᠠᠬᠤ ᠵᠡᠷᠭᠡ ᠲᠤᠰᠬᠠᠢ ᠱᠠᠩᠨᠠᠯ ᠤᠨ ᠲᠦᠷᠦ ᠶᠢ ᠪᠣᠳᠣᠯᠭ᠎ᠠ ᠶᠢ ᠨᠡᠶᠢᠲᠡᠯᠡᠵᠦ᠂ ᠰᠣᠶᠣᠯ ᠪᠠ ᠵᠢᠭᠤᠯᠴᠢᠯᠠᠯ ᠤᠨ ᠦᠢᠯᠡᠰ ᠢ ᠰᠡᠷᠭᠦᠭᠡᠨ ᠬᠥᠭᠵᠢᠭᠦᠯᠬᠦ 15 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠰᠣᠶᠣᠯ ᠤᠨ ᠪᠠ ᠵᠢᠭᠤᠯᠴᠢᠯᠠᠯ ᠤᠨ ᠦᠢᠯᠡᠰ ᠤᠨ ᠬᠡᠷᠡᠭᠯᠡᠭᠡᠨ ᠤ ᠲᠡᠮᠳᠡᠭᠲᠦ᠂ ᠡᠭᠦᠳᠡᠨ ᠪᠢᠯᠧᠲ ᠢ ᠬᠢᠮᠳᠠᠷᠠᠭᠤᠯᠬᠤ ᠵᠡᠷᠭᠡ ᠠᠷᠠᠳ ᠲᠤ ᠠᠰᠢᠭ ᠬᠦᠷᠲᠡᠭᠡᠬᠦ 150 ᠭᠠᠷᠤᠢ ᠵᠦᠢᠯ ᠤᠨ ᠠᠷᠭ᠎ᠠ ᠬᠡᠮᠵᠢᠶ᠎ᠡ ᠭᠠᠷᠭᠠᠬᠤ ᠶᠢ ᠵᠣᠷᠢᠭᠵᠢᠭᠤᠯᠵᠤ᠂ ᠰᠣᠶᠣᠯ ᠪᠠ ᠵᠢᠭᠤᠯᠴᠢᠯᠠᠯ ᠤᠨ ᠦᠢᠯᠡᠰ ᠤᠨ ᠵᠠᠬ᠎ᠠ ᠳᠡᠯᠭᠡᠭᠦᠷ ᠤᠨ ᠬᠠᠯᠠᠮᠰᠢᠯ ᠢ ᠦᠷᠭᠦᠯᠵᠢᠯᠡᠨ ᠳᠡᠭᠡᠭᠰᠢᠯᠡᠭᠦᠯᠵᠦ᠂ ᠬᠡᠷᠡᠭᠯᠡᠭᠡ ᠶᠢ ᠲᠦᠢᠯ ᠤᠨ ᠲᠦᠷᠭᠡᠨ ᠢᠶᠠᠷ ᠰᠠᠶᠢᠵᠢᠷᠠᠭᠤᠯᠪᠠ᠃ 1 - 7 ᠰᠠᠷ᠎ᠠ ᠳᠤ ᠪᠥᠬᠦ ᠣᠷᠣᠨ ᠳᠤ ᠤᠯᠤᠰ ᠤᠨ ᠳᠣᠲᠣᠭᠠᠳᠤ ᠶᠢ ᠵᠢᠭᠤᠯᠴᠢᠯᠠᠭᠴᠢᠳ ᠢ 1.24 ᠳ᠋ᠦᠩᠰᠢᠭᠤᠷ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 1762.22 ᠳ᠋ᠦᠩᠰᠢᠭᠤᠷ ᠲᠥᠭᠦᠷᠢᠭ ᠪᠡᠶᠡᠯᠡᠭᠦᠯᠪᠡ ᠭᠡᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号