︽2023 ᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠤᠨ ᠲᠥᠰᠦᠯ︾ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/7
 ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 2023 — 42 ᠳ᠋ᠤᠭᠠᠷ ᠲᠣᠭᠠᠲᠤ   ︽2023 ᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠤᠨ ᠲᠥᠰᠦᠯ︾ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ  ᠬᠤᠰᠢᠭᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ︽2023 ᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠤᠨ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃           2023 ᠣᠨ ᠤ 6 ᠰᠠᠷ᠎ᠠ ᠶᠢᠨ 16᠎ ᠤ ᠡᠳᠦᠷ   

2023 ᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ

 ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠤᠨ ᠲᠥᠰᠦᠯ

   

   ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ

ᠴᠢᠩᠭᠠᠳᠬᠠᠵᠤ᠂ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂

ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠤᠨ

ᠭᠠᠳᠠᠭᠰᠢᠯᠠᠭᠤᠯᠤᠯᠲᠠ ᠶᠢ ᠪᠠᠭᠠᠰᠬᠠᠨ᠂ ᠪᠣᠯᠪᠠᠰᠤᠷᠠᠭᠤᠯᠤᠭᠰᠠᠨ ᠲᠣᠰᠣᠨ ᠤ ᠡᠵᠡᠩᠨᠡᠭᠴᠢ ᠪᠠ ᠬᠡᠷᠡᠭᠯᠡᠭᠴᠢᠳ ᠤᠨ

ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠡᠷᠡᠭᠦᠯ

ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠢᠩᠭᠠᠨ ᠠᠶᠢᠮᠠᠭ ᠤᠨ ᠵᠠᠬᠢᠷᠭ᠎ᠠ ᠶᠢᠨ

ᠠᠯᠪᠠᠨ ᠭᠡᠷ ᠤᠨ ︽2023 ᠣᠨ ᠤ ᠬᠢᠩᠭᠠᠨ ᠠᠶᠢᠮᠠᠭ ᠤᠨ ᠪᠣᠯᠪᠠᠰᠤᠷᠠᠭᠤᠯᠤᠭᠰᠠᠨ ᠲᠣᠰᠣᠨ ᠤ ᠵᠠᠬ᠎ᠠ

ᠳᠡᠯᠭᠡᠭᠦᠷ ᠤᠨ ᠴᠡᠭᠴᠡᠯᠡᠨ ᠵᠠᠰᠠᠬᠤ ᠠᠵᠢᠯ ᠤᠨ ᠲᠥᠰᠦᠯ︾᠎ ᠤᠨ ᠱᠠᠭᠠᠷᠳᠠᠯᠭ᠎ᠠ ᠶᠢ ᠦᠨᠳᠦᠰᠦᠯᠡᠨ᠂

ᠪᠣᠳᠠᠲᠠᠢ ᠲᠠᠢ ᠪᠠᠨ ᠤᠶᠠᠯᠳᠤᠭᠤᠯᠵᠤ᠂ ᠲᠤᠰ ᠠᠵᠢᠯ ᠤᠨ ᠲᠥᠰᠦᠯ ᠢ ᠲᠣᠭᠲᠠᠭᠠᠪᠠ᠃

    ᠨᠢᠭᠡ᠂ ᠶᠡᠷᠦᠩᠬᠡᠢ ᠬᠠᠷᠠᠯᠲᠠ

    100 ᠡᠳᠦᠷ ᠤᠨ ᠬᠤᠭᠤᠴᠠᠭ᠎ᠠ ᠲᠠᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ

ᠥᠷᠨᠢᠭᠦᠯᠬᠦ ᠪᠠᠷ ᠳᠠᠮᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠳᠤ ᠨᠡᠶᠢᠴᠡᠬᠦ ᠦᠭᠡᠢ᠂ ᠦᠨᠡᠮᠯᠡᠯ

ᠦᠭᠡᠢ ᠪᠠᠷ ᠡᠵᠡᠩᠨᠡᠭᠰᠡᠨ ᠬᠠᠤᠯᠢ ᠪᠤᠰᠤ ᠲᠣᠰᠣ ᠨᠡᠮᠡᠬᠦ ᠥᠷᠲᠡᠭᠡ ︵ᠴᠡᠭ︶᠂ ᠲᠣᠰᠣ ᠨᠡᠮᠡᠬᠦ ᠪᠡᠯᠡᠳᠬᠡᠮᠵᠢ ᠶᠢ

ᠬᠠᠤᠯᠢ ᠪᠤᠰᠤ ᠪᠠᠷ ᠭᠦᠨᠵᠡᠭᠡᠶᠢᠷᠡᠬᠦ᠂ ᠲᠣᠰᠣ ᠨᠡᠮᠡᠬᠦ ᠬᠥᠮᠥᠷᠭᠡ ᠶᠢ ᠬᠠᠤᠯᠢ ᠪᠤᠰᠤ ᠪᠠᠷ ᠭᠦᠨᠵᠡᠭᠡᠶᠢᠷᠡᠭᠦᠯᠬᠦ᠂ ᠲᠣᠰᠣ

ᠨᠡᠮᠡᠬᠦ ᠬᠥᠮᠥᠷᠭᠡ ᠶᠢ ᠬᠠᠤᠯᠢ ᠪᠤᠰᠤ ᠪᠠᠷ ᠬᠠᠳᠠᠭᠠᠯᠠᠵᠤ ᠲᠡᠭᠡᠭᠡᠪᠦᠷᠢᠯᠡᠬᠦ᠂ ᠬᠠᠤᠯᠢ ᠪᠤᠰᠤ ᠪᠠᠷ ᠬᠤᠳᠠᠯ ᠬᠠᠭᠤᠷᠮᠠᠭ

ᠶᠠᠭᠤᠮ᠎ᠠ ᠬᠤᠯᠢᠬᠤ ᠵᠡᠷᠭᠡ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ

ᠰᠠᠮᠠᠭᠤᠷᠠᠭᠤᠯᠬᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ

ᠤᠴᠠᠷᠠᠭᠤᠯᠬᠤ᠂ ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ

ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠣᠷᠴᠢᠨ

ᠲᠣᠭᠤᠷᠢᠨ ᠢ ᠴᠡᠪᠡᠷᠰᠢᠭᠦᠯᠦᠨ᠂ ᠬᠠᠤᠯᠢ ᠶᠣᠰᠣᠨ ᠤ ᠡᠵᠡᠩᠨᠡᠯᠲᠡ᠂ ᠥᠷᠢᠰᠥᠯᠳᠦᠭᠡᠨ ᠨᠢ ᠡᠮᠬᠢ ᠵᠢᠷᠤᠮ ᠲᠠᠢ

ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠤᠢ

ᠪᠣᠯᠭᠠᠨ᠎ᠠ᠃

    ᠬᠤᠶᠠᠷ᠂ ᠴᠡᠭᠴᠡᠯᠡᠨ ᠵᠠᠰᠠᠬᠤ ᠭᠤᠣᠯᠳᠠᠯᠭ᠎ᠠ

    ︵ᠨᠢᠭᠡ᠂ ᠦᠨᠡᠮᠯᠡᠯ ᠦᠭᠡᠢ ᠦᠨᠡᠮᠯᠡᠯ ᠵᠢᠴᠢ ᠦᠨᠡᠮᠯᠡᠯ ᠨᠢ ᠪᠦᠷᠢᠨ ᠪᠤᠰᠤ ᠬᠠᠤᠯᠢ ᠪᠤᠰᠤ ᠪᠠᠷ ᠡᠵᠡᠩᠨᠡᠭᠰᠡᠨ

ᠲᠣᠰᠣ ᠨᠡᠮᠡᠬᠦ ᠥᠷᠲᠡᠭᠡ ︵ᠴᠡᠭ︶᠎ ᠶᠢ ᠬᠦᠴᠦᠨ ᠦᠭᠡᠢ ᠪᠣᠯᠭᠠᠵᠤ ᠪᠠᠶᠢᠴᠠᠭᠠᠨ ᠰᠢᠢᠳᠪᠦᠷᠢᠯᠡᠨ᠎ᠡ᠃ ᠠᠶᠤᠯᠲᠠᠢ

ᠬᠢᠮᠢ ᠶᠢᠨ ᠪᠣᠳᠠᠰ ᠢ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ᠂ ᠪᠣᠯᠪᠠᠰᠤᠷᠠᠭᠤᠯᠤᠭᠰᠠᠨ

ᠲᠣᠰᠣ ᠶᠢ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠦᠨᠡᠮᠯᠡᠯ ᠣᠯᠤᠭᠰᠠᠨ

ᠦᠭᠡᠢ᠂ ᠪᠣᠯᠪᠠᠰᠤᠷᠠᠭᠤᠯᠤᠭᠰᠠᠨ ᠲᠣᠰᠣ ᠶᠢ ᠳᠤᠷ᠎ᠠ ᠪᠠᠷ ᠢᠶᠠᠨ ᠪᠣᠷᠣᠯᠠᠭᠤᠯᠤᠭᠰᠠᠨ ᠲᠣᠰᠣ ᠨᠡᠮᠡᠬᠦ ᠥᠷᠲᠡᠭᠡ ︵ᠴᠡᠭ︶

᠎ ᠶᠢ ᠬᠠᠤᠯᠢ ᠶᠣᠰᠣᠭᠠᠷ ᠬᠦᠴᠦᠨ ᠦᠭᠡᠢ ᠪᠣᠯᠭᠠᠪᠠ︔ ᠡᠵᠡᠩᠨᠡᠯᠲᠡ ᠶᠢᠨ ᠦᠨᠡᠮᠯᠡᠯ ᠪᠦᠷᠢᠨ ᠪᠤᠰᠤ ᠲᠣᠰᠣ ᠨᠡᠮᠡᠬᠦ

ᠥᠷᠲᠡᠭᠡ ︵ᠴᠡᠭ︶᠎ ᠶᠢ ᠬᠠᠤᠯᠢ ᠶᠣᠰᠣᠭᠠᠷ ᠬᠦᠴᠦᠨ ᠦᠭᠡᠢ ᠪᠣᠯᠭᠠᠪᠠ᠃︶ ᠬᠠᠤᠯᠢ ᠶᠣᠰᠣᠭᠠᠷ ᠪᠠᠶᠢᠴᠠᠭᠠᠨ

ᠰᠢᠢᠳᠪᠦᠷᠢᠯᠡᠬᠦ ᠬᠡᠷᠡᠭᠲᠡᠢ᠃

    ︵ᠬᠤᠶᠠᠷ︶ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢᠨ ᠬᠠᠤᠯᠢ ᠪᠤᠰᠤ ᠲᠡᠭᠡᠭᠡᠪᠦᠷᠢ ᠶᠢᠨ ᠡᠵᠡᠩᠨᠡᠯᠲᠡ ᠶᠢᠨ

ᠦᠢᠯᠡ ᠠᠵᠢᠯᠯᠠᠭ᠎ᠠ ᠳᠤ ᠴᠣᠬᠢᠯᠲᠠ ᠥᠭᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ

ᠲᠡᠭᠡᠭᠡᠪᠦᠷᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠠᠳᠤᠢ᠂ ᠵᠠᠮ ᠤᠨ ᠠᠶᠤᠯ ᠲᠠᠢ

ᠪᠠᠷᠠᠭ᠎ᠠ ᠲᠡᠭᠡᠭᠡᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠤᠭᠠᠳᠤᠢ ᠳᠤᠷ᠎ᠠ ᠪᠠᠷ ᠢᠶᠠᠨ ᠵᠠᠮ ᠳᠡᠭᠡᠷ᠎ᠡ ᠠᠶᠤᠯ ᠲᠠᠢ

ᠪᠠᠷᠠᠭ᠎ᠠ ᠲᠡᠭᠡᠭᠡᠪᠦᠷᠢᠯᠡᠬᠦ ᠪᠤᠶᠤ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠵᠤ ᠲᠡᠭᠡᠭᠡᠪᠦᠷᠢᠯᠡᠬᠦ ᠶᠢᠨ ᠬᠠᠮᠲᠤ

ᠰᠢᠯᠵᠢᠭᠦᠯᠵᠦ ᠪᠣᠷᠣᠯᠠᠭᠤᠯᠤᠨ ᠬᠤᠳᠠᠯᠳᠤᠬᠤ ᠪᠣᠯᠪᠠᠰᠤᠷᠠᠭᠤᠯᠤᠭᠰᠠᠨ ᠲᠣᠰᠣ ᠶᠢ ᠰᠢᠯᠵᠢᠭᠦᠯᠦᠨ ᠪᠣᠷᠣᠯᠠᠭᠤᠯᠬᠤ ︽

ᠳᠠᠯᠳᠠᠭᠤᠷ ᠤᠷᠤᠰᠤᠭᠰᠠᠨ︾ ᠶᠠᠪᠤᠳᠠᠯ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃

    ︵ᠭᠤᠷᠪᠠ︶ ᠪᠣᠯᠪᠠᠰᠤᠷᠠᠭᠤᠯᠤᠭᠰᠠᠨ ᠴᠢᠯᠠᠭᠤᠨ ᠲᠣᠰᠣ ᠡᠵᠡᠩᠨᠡᠬᠦ ᠠᠵᠤ ᠠᠬᠤᠶᠢᠯᠠᠯ ᠤᠨ ᠬᠠᠤᠯᠢ

ᠲᠣᠭᠲᠠᠭᠠᠯ ᠠᠴᠠ ᠵᠥᠷᠢᠴᠡᠨ ᠡᠵᠡᠩᠨᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃

ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠬᠤᠯᠪᠣᠭᠳᠠᠯ ᠪᠦᠬᠦᠢ

ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠭᠰᠠᠨ ᠪᠣᠯᠪᠠᠰᠤᠷᠠᠭᠤᠯᠤᠭᠰᠠᠨ ᠴᠢᠯᠠᠭᠤᠨ ᠲᠣᠰᠣ ᠵᠢᠴᠢ

ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ᠂ ᠲᠦᠷᠢᠶᠡᠰᠦᠯᠡᠭᠰᠡᠨ ᠭᠡᠷᠡᠴᠢ ᠦᠨᠡᠮᠯᠡᠯ᠂ ᠵᠢᠩ ᠳᠤᠲᠠᠭᠤ ᠬᠤᠶᠠᠷ ᠢ

ᠬᠡᠯᠲᠦᠷᠢᠭᠦᠯᠬᠦ᠂ ᠦᠨ᠎ᠡ ᠬᠠᠩᠰᠢ ᠶᠢᠨ ᠮᠡᠬᠡᠯᠡᠯ ᠬᠢᠬᠦ᠂ ᠭᠠᠶᠢᠯᠢ ᠳᠠᠷᠤᠵᠤ ᠭᠠᠶᠢᠯᠢ ᠠᠴᠠ ᠵᠠᠶᠢᠯᠠᠬᠤ᠂ ᠲᠠᠸᠠᠷ ᠤᠨ

ᠲᠡᠮᠳᠡᠭ ᠤᠨ ᠡᠷᠬᠡ ᠳᠤ ᠬᠠᠯᠳᠠᠬᠤ᠂ ᠳᠤᠷ᠎ᠠ ᠪᠠᠷ ᠢᠶᠠᠨ ᠲᠡᠮᠳᠡᠭ ᠡᠯᠭᠦᠬᠦ ᠵᠡᠷᠭᠡ ᠡᠵᠡᠩᠨᠡᠭᠴᠢ ᠬᠢᠭᠡᠳ

ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠪᠤᠰᠤ ᠦᠢᠯᠡ ᠠᠵᠢᠯᠯᠠᠭ᠎ᠠ ᠶᠢ ᠪᠦᠬᠦ

ᠲᠠᠯ᠎ᠠ ᠪᠠᠷ ᠴᠡᠭᠴᠡᠯᠡᠨ ᠵᠠᠰᠠᠵᠤ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃

    ︵ᠳᠥᠷᠪᠡ︶ ᠪᠠᠷᠢᠮᠵᠢᠶ᠎ᠠ ᠳᠤ ᠦᠯᠦ ᠬᠦᠷᠦᠭᠰᠡᠨ ᠲᠣᠰᠣᠨ ᠤ ᠵᠦᠢᠯ ᠤᠨ ᠪᠣᠷᠣᠯᠠᠭᠤᠯᠭ᠎ᠠ ᠶᠢᠨ ᠠᠵᠢᠯᠯᠠᠭ᠎ᠠ ᠶᠢ

ᠪᠠᠶᠢᠴᠠᠭᠠᠨ ᠰᠢᠢᠳᠪᠦᠷᠢᠯᠡᠨ᠎ᠡ᠃ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠬᠦ ᠦᠭᠡᠢ ᠵᠢᠴᠢ ᠡᠯᠳᠡᠪ

ᠬᠠᠭᠤᠷᠮᠠᠭ ᠶᠠᠭᠤᠮ᠎ᠠ ᠬᠤᠯᠢᠬᠤ᠂ ᠬᠠᠭᠤᠷᠮᠠᠭ ᠢᠶᠠᠷ ᠵᠢᠩᠬᠢᠨᠢ ᠶᠢ ᠣᠷᠣᠯᠠᠭᠤᠯᠬᠤ᠂ ᠮᠠᠭᠤ ᠪᠠᠷ ᠰᠠᠶᠢᠨ ᠢ

ᠣᠷᠣᠯᠠᠭᠤᠯᠬᠤ ᠡᠵᠡᠩᠨᠡᠯᠲᠡ ᠶᠢᠨ ᠠᠵᠤ ᠠᠬᠤᠶᠢᠯᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃

    ︵ᠲᠠᠪᠤ︶ ᠰᠤᠯᠠ ᠰᠠᠪᠠᠯᠠᠭᠰᠠᠨ ᠴᠢᠶᠢᠤ ᠶᠢ ᠬᠠᠤᠯᠢ ᠪᠤᠰᠤ ᠪᠠᠷ ᠪᠣᠷᠣᠯᠠᠭᠤᠯᠬᠤ ᠡᠵᠡᠩᠨᠡᠯᠲᠡ ᠶᠢᠨ ᠦᠢᠯᠡ

ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ

ᠲᠣᠭᠲᠠᠭᠠᠭᠰᠠᠨ ᠦᠨᠡᠨ ᠨᠡᠷ᠎ᠡ ᠪᠠᠷ ᠳᠠᠩᠰᠠᠯᠠᠨ ᠲᠡᠮᠳᠡᠭᠯᠡᠭᠰᠡᠨ ᠦᠭᠡᠢ ᠪᠠᠷ ᠬᠤᠳᠠᠯᠳᠤᠨ ᠠᠪᠤᠭᠴᠢ ᠶᠢᠨ ᠦᠨᠡᠮᠯᠡᠯ᠂

ᠨᠢᠭᠡᠴᠢ ᠵᠢᠴᠢ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠭᠢ ᠶᠢ ᠳᠤᠷ᠎ᠠ ᠪᠠᠷ ᠢᠶᠠᠨ

ᠪᠣᠷᠣᠯᠠᠭᠤᠯᠤᠭᠰᠠᠨ ᠥᠬᠡᠶ ᠠᠵᠤ ᠠᠬᠤᠶᠢᠯᠠᠯ ᠢ ᠬᠠᠤᠯᠢ ᠶᠣᠰᠣᠭᠠᠷ ᠰᠢᠳᠬᠡᠨ ᠲᠣᠷᠭᠠᠵᠤ᠂ ᠵᠠᠷᠯᠢᠭᠳᠠᠵᠤ ᠪᠠᠶᠢᠭᠠᠳ

ᠳᠠᠷᠦ᠋ᠢᠬᠠᠨ ᠴᠡᠭᠴᠡᠯᠡᠨ ᠰᠠᠶᠢᠵᠢᠷᠠᠭᠤᠯᠤᠨ᠎ᠠ᠃

    ︵ᠵᠢᠷᠭᠤᠭ᠎ᠠ︶ ᠳᠦᠷᠢᠮ ᠠᠴᠠ ᠵᠥᠷᠢᠴᠡᠨ ᠲᠣᠰᠣ ᠬᠠᠳᠠᠭᠠᠯᠠᠬᠤ ᠠᠵᠢᠯᠯᠠᠭ᠎ᠠ ᠶᠢ ᠪᠠᠶᠢᠴᠠᠭᠠᠨ ᠰᠢᠳᠬᠡᠵᠦ᠃

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ᠂ ᠭᠠᠯ ᠤᠨᠲᠠᠷᠠᠭᠠᠬᠤ

ᠵᠡᠷᠭᠡ ᠰᠠᠯᠠᠭ᠎ᠠ ᠮᠥᠴᠢᠷ ᠤᠨ ᠵᠥᠪᠰᠢᠶᠡᠷᠡᠯ ᠢ ᠳᠠᠮᠵᠢᠭᠰᠠᠨ ᠦᠭᠡᠢ ᠪᠠᠷ ᠳᠤᠷ᠎ᠠ ᠪᠠᠷ ᠢᠶᠠᠨ ᠬᠠᠤᠯᠢ ᠪᠤᠰᠤ ᠪᠠᠷ ᠲᠣᠰᠣ

ᠬᠠᠳᠠᠭᠠᠯᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃

    ︵ᠳᠣᠯᠤᠭ᠎ᠠ︶ ᠪᠣᠯᠪᠠᠰᠤᠷᠠᠭᠤᠯᠤᠭᠰᠠᠨ ᠴᠢᠯᠠᠭᠤᠨ ᠲᠣᠰᠣ ᠡᠵᠡᠩᠨᠡᠵᠦ ᠪᠠᠶᠢᠭ᠎ᠠ ᠠᠵᠤ ᠠᠬᠤᠶᠢᠯᠠᠯ ᠤᠨ ᠬᠠᠲᠠᠭᠤ

ᠬᠡᠷᠡᠭᠰᠡᠯ ᠤᠨ ᠪᠡᠯᠡᠳᠬᠡᠮᠵᠢ ᠶᠢᠨ ᠪᠠᠷᠢᠮᠵᠢᠶ᠎ᠠ ᠳᠤ ᠬᠦᠷᠬᠦ ᠦᠭᠡᠢ ᠪᠠᠶᠢᠳᠠᠯ ᠢ ᠪᠠᠶᠢᠴᠠᠭᠠᠨ ᠰᠢᠢᠳᠪᠦᠷᠢᠯᠡᠨ᠎ᠡ᠃

ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠠᠮᠤᠷ ᠲᠦᠪᠰᠢᠨ᠂

ᠣᠷᠴᠢᠨ ᠲᠣᠭᠤᠷᠢᠨ ᠤ ᠬᠠᠮᠠᠭᠠᠯᠠᠯᠲᠠ᠂ ᠭᠠᠯ ᠤᠨᠲᠠᠷᠠᠭᠠᠬᠤ᠂ ᠠᠶᠤᠩᠭ᠎ᠠ ᠠᠴᠠ ᠰᠡᠷᠭᠡᠶᠢᠯᠡᠬᠦ ᠵᠡᠷᠭᠡ ᠬᠠᠲᠠᠭᠤ

ᠬᠡᠷᠡᠭᠰᠡᠯ ᠤᠨ ᠪᠡᠯᠡᠳᠬᠡᠮᠵᠢ ᠶᠢ ᠴᠡᠭᠴᠡᠯᠡᠨ ᠵᠠᠰᠠᠬᠤ ᠡᠷᠴᠢᠮ ᠢᠶᠠᠨ ᠨᠡᠮᠡᠭᠳᠡᠭᠦᠯᠵᠦ᠂ ᠬᠠᠮᠢᠶ᠎ᠠ ᠪᠦᠬᠦᠢ ᠪᠠᠷᠢᠮᠵᠢᠶ᠎ᠠ ᠳᠤ

ᠨᠡᠶᠢᠴᠡᠬᠦ ᠦᠭᠡᠢ ᠶᠢ ᠨᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ

ᠰᠠᠶᠢᠵᠢᠷᠠᠭᠤᠯᠬᠤ ᠬᠡᠷᠡᠭᠲᠡᠢ᠃

    ︵ᠨᠠᠢᠮᠠ︶ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ

ᠬᠤᠳᠠᠯᠳᠤᠬᠤ ᠠᠵᠤ ᠠᠬᠤᠶᠢᠯᠠᠯ ᠤᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠳᠤᠮᠳᠠ

ᠭᠠᠶᠢᠯᠢ ᠠᠴᠠ ᠬᠤᠯᠠᠭᠤᠨ ᠵᠠᠶᠢᠯᠠᠭᠰᠠᠨ ᠭᠠᠶᠢᠯᠢ ᠶᠢᠨ ᠵᠣᠭᠤᠰ ᠢ ᠬᠠᠭᠤᠷᠮᠠᠭ ᠢᠶᠠᠷ ᠨᠡᠭᠡᠭᠡᠬᠦ ᠵᠡᠷᠭᠡ ᠭᠠᠶᠢᠯᠢ

ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃

ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠵᠤ

ᠠᠬᠤᠶᠢᠯᠠᠯ ᠤᠨ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢ ᠴᠢᠩᠭᠠᠳᠬᠠᠵᠤ᠂

ᠪᠣᠯᠪᠠᠰᠤᠷᠠᠭᠤᠯᠤᠭᠰᠠᠨ ᠲᠣᠰᠣ ᠪᠣᠷᠣᠯᠠᠭᠤᠯᠬᠤ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠬᠡᠷᠡᠭᠯᠡᠬᠦ ᠵᠠᠭᠪᠤᠷ ᠢ

ᠬᠡᠷᠡᠭᠯᠡᠬᠦ ᠶᠢ ᠴᠢᠩᠭ᠎ᠠ ᠰᠢᠮᠳᠠᠭᠤᠯᠵᠤ᠂ ᠲᠠᠸᠠᠷ ᠤᠨ ᠨᠣᠮᠧᠷ ᠢ ᠳᠤᠷ᠎ᠠ ᠪᠠᠷ ᠢᠶᠠᠨ ᠥᠭᠡᠷᠡᠴᠢᠯᠡᠵᠦ ᠪᠣᠯᠬᠤ ᠦᠭᠡᠢ᠂

ᠭᠠᠷ ᠬᠥᠳᠡᠯᠦᠨ ᠪᠢᠯᠧᠲ ᠬᠤᠳᠠᠯᠳᠤᠭᠰᠠᠨ ᠤ ᠳᠠᠷᠠᠭ᠎ᠠ ᠨᠡᠬᠡᠮᠵᠢᠯᠡᠨ ᠪᠠᠶᠢᠴᠠᠭᠠᠬᠤ᠂ ᠥᠷᠲᠡᠭ ᠨᠡᠮᠡᠭᠳᠡᠯ ᠤᠨ

ᠭᠠᠶᠢᠯᠢ ᠶᠢᠨ ᠭᠤᠭᠤᠵᠢᠵᠤ ᠭᠤᠭᠤᠵᠢᠬᠤ ᠦᠵᠡᠭᠳᠡᠯ ᠢ ᠲᠠᠰᠤ ᠵᠣᠭᠰᠣᠭᠠᠬᠤ ᠬᠡᠷᠡᠭᠲᠡᠢ᠃

    ᠭᠤᠷᠪᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ

    ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠦᠷᠦᠭᠦᠯᠡᠨ᠂ ᠬᠥᠭᠵᠢᠭᠦᠯᠦᠯᠲᠡ

ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠴᠢᠮ

ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠮᠢ ᠠᠬᠤᠢ ᠶᠢᠨ ᠣᠷᠴᠢᠨ ᠲᠣᠭᠤᠷᠢᠨ᠂

ᠭᠠᠯ ᠤᠨᠲᠠᠷᠠᠭᠠᠬᠤ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠲᠤᠰ ᠲᠤᠰ ᠤᠨ ᠠᠵᠢᠯ ᠤᠨ ᠡᠭᠦᠷᠭᠡ

ᠬᠠᠷᠢᠭᠤᠴᠠᠯᠭ᠎ᠠ ᠶᠢᠨ ᠶᠣᠰᠣᠭᠠᠷ᠂ ᠪᠦᠬᠦ ᠬᠤᠰᠢᠭᠤᠨ ᠤ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ

ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠨ᠎ᠠ᠃

    ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ᠄ ᠪᠣᠯᠪᠠᠰᠤᠷᠠᠭᠤᠯᠤᠭᠰᠠᠨ ᠴᠢᠯᠠᠭᠤᠨ

ᠲᠣᠰᠣᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠵᠢᠷᠤᠮᠵᠢᠭᠰᠠᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠬᠤ ᠶᠢ

ᠬᠠᠷᠢᠭᠤᠴᠠᠵᠤ᠂ ᠲᠣᠣᠷ ᠴᠡᠭ ᠤᠨ ᠲᠥᠯᠥᠪᠵᠢᠭᠦᠯᠭᠡ ᠶᠢᠨ ᠵᠥᠪᠰᠢᠶᠡᠷᠡᠯ ᠦᠭᠡᠢ ᠪᠠᠷ ᠥᠪᠡᠰᠦᠪᠡᠨ ᠪᠠᠶᠢᠭᠤᠯᠤᠭᠰᠠᠨ

ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠲᠠᠯᠠᠪᠤᠷ ᠭᠠᠵᠠᠷ ︵ᠲᠣᠰᠣ ᠨᠡᠮᠡᠬᠦ ᠥᠷᠲᠡᠭᠡ᠂

ᠲᠣᠰᠣᠨ ᠤ ᠬᠥᠮᠥᠷᠭᠡ︶᠎ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ︽ᠪᠣᠯᠪᠠᠰᠤᠷᠠᠭᠤᠯᠤᠭᠰᠠᠨ ᠴᠢᠯᠠᠭᠤᠨ

ᠲᠣᠰᠣᠨ ᠤ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠪᠤᠶᠤ ︽

ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠵᠥᠪᠰᠢᠶᠡᠷᠡᠯ ᠤᠨ

ᠦᠨᠡᠮᠯᠡᠯ︾᠎ ᠤᠨ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠮᠥᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ

ᠡᠵᠡᠩᠨᠡᠯᠲᠡ ᠶᠢᠨ ᠠᠵᠢᠯᠯᠠᠭ᠎ᠠ ᠶᠢ ᠡᠷᠬᠢᠯᠡᠨ ᠬᠢᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ

ᠰᠢᠢᠳᠪᠦᠷᠢᠯᠡᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠨ ᠰᠢᠢᠳᠪᠦᠷᠢᠯᠡᠭᠰᠡᠨ

ᠲᠣᠰᠣᠨ ᠤ ᠵᠦᠢᠯ ᠢ ᠬᠠᠤᠯᠢ ᠶᠣᠰᠣᠭᠠᠷ ᠰᠢᠢᠳᠪᠦᠷᠢᠯᠡᠵᠦ᠂ ᠬᠠᠮᠢᠶ᠎ᠠ ᠪᠦᠬᠦᠢ ᠠᠵᠤ ᠠᠬᠤᠶᠢᠯᠠᠯ ᠢ ᠵᠣᠬᠢᠴᠠᠭᠤᠯᠵᠤ

ᠪᠠᠶᠢᠭᠠᠳ ᠲᠣᠷᠭᠠᠵᠤ ᠬᠤᠷᠢᠶᠠᠭᠰᠠᠨ ᠪᠣᠯᠪᠠᠰᠤᠷᠠᠭᠤᠯᠤᠭᠰᠠᠨ ᠲᠣᠰᠣ ᠶᠢ ᠰᠢᠯᠵᠢᠭᠦᠯᠦᠨ ᠲᠡᠭᠡᠭᠡᠪᠦᠷᠢᠯᠡᠬᠦ᠂ ᠬᠠᠳᠠᠭᠠᠯᠠᠨ

ᠬᠠᠮᠢᠶᠠᠷᠬᠤ᠂ ᠬᠤᠷᠢᠶᠠᠨ ᠬᠠᠳᠠᠭᠠᠯᠠᠬᠤ ᠠᠵᠢᠯ ᠢ ᠰᠠᠶᠢᠲᠤᠷ ᠬᠢᠨ᠎ᠡ︔ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ

ᠡᠵᠡᠩᠨᠡᠯᠲᠡ ᠶᠢᠨ ᠲᠠᠯᠠᠪᠤᠷ ᠭᠠᠵᠠᠷ ᠤᠨ ᠲᠤᠬᠠᠢ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠳᠦᠷ

ᠲᠤᠲᠤᠮ ᠤᠨ ᠠᠵᠢᠯ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃

    ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ᠄ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ

ᠬᠡᠢ ᠶᠢ ᠨᠡᠭᠡᠭᠡᠨ ᠠᠰᠢᠭᠯᠠᠬᠤ ᠪᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠤ ᠦᠢᠯᠡᠰ ᠪᠠ

ᠬᠡᠷᠡᠭᠴᠡᠭᠡ ᠶᠢᠨ ᠲᠡᠩᠴᠡᠭᠦᠷᠢ ᠶᠢ ᠵᠣᠯᠭᠠᠭᠤᠯᠬᠤ ᠪᠠ ᠡᠳᠦᠷ ᠲᠤᠲᠤᠮ ᠤᠨ ᠲᠣᠬᠢᠷᠠᠭᠤᠯᠤᠯᠲᠠ ᠶᠢ ᠬᠠᠷᠢᠭᠤᠴᠠᠵᠤ᠂

ᠲᠤᠰ ᠠᠵᠢᠯ ᠲᠥᠷᠥᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠴᠢᠬᠤᠯᠠ ᠶᠡᠭᠡ ᠲᠥᠷᠥᠯ

ᠵᠦᠢᠯ ᠢ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ ᠵᠢᠴᠢ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠬᠦ

ᠠᠵᠢᠯ ᠢ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠡᠭᠦᠷᠭᠡᠯᠡᠨ᠎ᠡ᠃

    ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠄ ᠪᠣᠯᠪᠠᠰᠤᠷᠠᠭᠤᠯᠤᠭᠰᠠᠨ ᠲᠣᠰᠣ ᠶᠢ ᠬᠠᠤᠯᠢ ᠪᠤᠰᠤ ᠪᠠᠷ

ᠡᠵᠡᠩᠨᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠶᠢ

ᠬᠠᠷᠢᠭᠤᠴᠠᠨ᠎ᠠ᠃ ᠡᠭᠦᠨ ᠳᠤ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠬᠠᠤᠯᠢ ᠪᠤᠰᠤ ᠪᠠᠷ ᠲᠡᠭᠡᠭᠡᠪᠦᠷᠢᠯᠡᠬᠦ᠂

ᠬᠠᠳᠠᠭᠠᠯᠠᠬᠤ ᠵᠢᠴᠢ ᠲᠡᠷᠭᠡ ᠬᠥᠰᠬᠡ ᠶᠢᠨ ᠰᠢᠯᠵᠢᠮᠡᠯ ᠲᠣᠰᠣ ᠨᠡᠮᠡᠬᠦ ᠬᠠᠤᠯᠢ ᠠᠴᠠ ᠵᠥᠷᠢᠴᠡᠭᠰᠡᠨ ᠦᠢᠯᠡ

ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠠᠤᠯᠢ ᠪᠤᠰᠤ ᠪᠠᠷ

ᠡᠵᠡᠩᠨᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠶ᠋ᠳᠪᠦᠷᠢᠯᠡᠵᠦ᠂

ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠡᠳ᠋ ᠪᠣᠳᠠᠰ᠂ ᠬᠡᠷᠡᠭ ᠬᠢᠬᠦ ᠪᠠᠭᠠᠵᠢ᠂

ᠬᠡᠷᠡᠭ ᠲᠤ ᠬᠤᠯᠪᠣᠭᠳᠠᠭᠰᠠᠨ ᠰᠦᠪᠡᠭᠴᠢ ᠶᠢ ᠰᠢᠢᠳᠪᠦᠷᠢᠯᠡᠨ᠎ᠡ︔ ᠲᠤᠰᠬᠠᠢ ᠠᠵᠢᠯᠯᠠᠭ᠎ᠠ ᠳᠤᠮᠳᠠ ᠠᠯᠪᠠᠨ ᠠᠵᠢᠯ ᠢ

ᠬᠠᠷᠰᠢᠯᠠᠬᠤ᠂ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ

ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠨ᠎ᠡ᠃

         ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ᠄ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ

ᠵᠠᠮ ᠳᠡᠭᠡᠷ᠎ᠡ ᠠᠶᠤᠯ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠵᠥᠪᠰᠢᠶᠡᠷᠡᠯ ᠢ ᠣᠯᠤᠭᠠᠳᠤᠢ᠂ ᠬᠦᠴᠦᠨ ᠦᠭᠡᠢ ᠪᠣᠯᠤᠭᠰᠠᠨ

ᠪᠠ ᠬᠦᠴᠦᠨ ᠦᠭᠡᠢ ᠪᠣᠯᠭᠠᠭᠰᠠᠨ᠂ ᠬᠦᠴᠦᠨ ᠦᠭᠡᠢ ᠪᠣᠯᠭᠠᠭᠰᠠᠨ ᠵᠡᠷᠭᠡ ᠬᠦᠴᠦᠨ ᠦᠭᠡᠢ ᠵᠠᠮ ᠳᠡᠭᠡᠷ᠎ᠡ

ᠠᠶᠤᠯ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠵᠥᠪᠰᠢᠶᠡᠷᠡᠯ ᠤᠨ ᠦᠨᠡᠮᠯᠡᠯ᠂ ᠵᠥᠪᠰᠢᠶᠡᠷᠡᠭᠰᠡᠨ ᠵᠦᠢᠯ ᠠᠴᠠ ᠳᠠᠪᠠᠭᠰᠠᠨ

ᠵᠡᠷᠭᠡ ᠮᠥᠨ ᠬᠦ ᠵᠠᠮ ᠳᠡᠭᠡᠷ᠎ᠡ ᠠᠶᠤᠯ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ

ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ

ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯ ᠲᠥᠷᠥᠯ ᠤᠨ ᠬᠠᠮᠢᠶᠠᠷᠤᠯᠲᠠ ᠶᠢ ᠬᠠᠤᠯᠢ ᠶᠣᠰᠣᠭᠠᠷ

ᠥᠷᠨᠢᠭᠦᠯᠦᠨ᠎ᠡ᠃

    ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠲᠣᠰᠣ ᠬᠠᠳᠠᠭᠠᠯᠠᠬᠤ ᠬᠥᠮᠥᠷᠭᠡ᠂

ᠲᠣᠰᠣ ᠨᠡᠮᠡᠬᠦ ᠥᠷᠲᠡᠭᠡ ᠶᠢᠨ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ

ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ︽ᠠᠶᠤᠯᠲᠠᠢ ᠬᠢᠮᠢ ᠶᠢᠨ ᠵᠦᠢᠯ ᠢ ᠡᠵᠡᠩᠨᠡᠬᠦ

ᠵᠥᠪᠰᠢᠶᠡᠷᠡᠯ ᠤᠨ ᠦᠨᠡᠮᠯᠡᠯ︾ ᠪᠤᠶᠤ ︽ᠠᠶᠤᠯᠲᠠᠢ ᠬᠢᠮᠢ ᠶᠢᠨ ᠵᠦᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾

᠎ ᠤᠨ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠮᠥᠨ ᠬᠦ ᠪᠣᠯᠪᠠᠰᠤᠷᠠᠭᠤᠯᠤᠭᠰᠠᠨ ᠲᠣᠰᠣᠨ ᠤ ᠡᠵᠡᠩᠨᠡᠯᠲᠡ ᠶᠢᠨ

ᠠᠵᠢᠯᠯᠠᠭ᠎ᠠ ᠬᠢᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠪᠤᠰᠤᠳ ᠠᠵᠢᠯ

ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠠᠵᠢᠯ ᠲᠥᠷᠥᠯ᠂

ᠠᠵᠤ ᠠᠬᠤᠶᠢᠯᠠᠯ ᠤᠨ ᠲᠣᠰᠣ ᠬᠠᠳᠠᠭᠠᠯᠠᠬᠤ ᠪᠡᠯᠡᠳᠬᠡᠮᠵᠢ ᠶᠢᠨ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ

ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃

    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠲᠣᠰᠣ ᠨᠡᠮᠡᠬᠦ ᠥᠷᠲᠡᠭᠡ᠂ ᠲᠣᠰᠣ

ᠬᠠᠳᠠᠭᠠᠯᠠᠬᠤ ᠬᠥᠮᠥᠷᠭᠡ ᠲᠣᠰᠣᠨ ᠤ ᠵᠦᠢᠯ ᠤᠨ ᠶᠠᠰᠤ ᠴᠢᠨᠠᠷ᠂ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ

ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠪᠣᠯᠪᠠᠰᠤᠷᠠᠭᠤᠯᠤᠭᠰᠠᠨ

ᠴᠢᠯᠠᠭᠤᠨ ᠲᠣᠰᠣᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ

ᠬᠡᠷᠡᠭᠵᠢᠭᠦᠯᠦᠭᠰᠡᠨ ᠪᠠᠶᠢᠳᠠᠯ ᠵᠢᠴᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠳᠤ ᠬᠢᠨᠠᠯᠲᠠ

ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔ ᠲᠥᠬᠦᠭᠡᠷᠦᠮᠵᠢ ᠶᠢᠨ ᠪᠠᠶᠢᠳᠠᠯ ᠢ ᠬᠢᠨᠠᠨ ᠬᠡᠮᠵᠢᠬᠦ ᠶᠢ ᠤᠯᠠᠮ ᠨᠢᠭᠡ

ᠠᠯᠬᠤᠮ ᠴᠢᠩᠭᠠᠳᠬᠠᠵᠤ᠂ ᠬᠢᠨᠠᠨ ᠬᠡᠮᠵᠢᠬᠦ ᠠᠷᠭ᠎ᠠ ᠪᠠᠷᠢᠯ ᠢ ᠴᠢᠩᠭᠠᠷᠠᠭᠤᠯᠤᠨ᠂ ᠬᠢᠷᠢ ᠲᠡᠩᠴᠡᠬᠦ ᠦᠭᠡᠢ

ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠪᠤᠶᠤ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢ ᠶᠢᠨ

ᠬᠡᠮᠵᠢᠶ᠎ᠡ ᠶᠢ ᠡᠪᠳᠡᠬᠦ ᠪᠠ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠵᠡᠷᠭᠡ ᠬᠠᠤᠯᠢ ᠠᠴᠠ ᠵᠥᠷᠢᠴᠡᠭᠰᠡᠨ

ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃

    ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ᠄ ᠲᠣᠰᠣ ᠨᠡᠮᠡᠬᠦ ᠥᠷᠲᠡᠭᠡ ︵ᠴᠡᠭ︶᠎ ᠶᠢᠨ

ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ

ᠰᠢᠢᠳᠪᠦᠷᠢᠯᠡᠬᠦ ᠶᠢ ᠬᠠᠷᠢᠭᠤᠴᠠᠵᠤ᠂ ᠪᠤᠰᠤᠳ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ

ᠬᠠᠮᠵᠢᠯᠴᠠᠨ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠲᠣᠰᠣ ᠬᠠᠳᠠᠭᠠᠯᠠᠬᠤ ᠪᠡᠯᠡᠳᠬᠡᠮᠵᠢ ᠶᠢᠨ

ᠴᠡᠭ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ

ᠪᠠᠶᠢᠴᠠᠭᠠᠨ ᠰᠢᠢᠳᠪᠦᠷᠢᠯᠡᠨ᠎ᠡ᠃

    ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ᠄ ᠭᠠᠶᠢᠯᠢ ᠲᠠᠲᠠᠪᠤᠷᠢᠯᠠᠵᠤ ᠬᠠᠮᠢᠶᠠᠷᠬᠤ ᠠᠵᠢᠯ ᠢ ᠴᠢᠩᠭᠠᠳᠭᠠᠵᠤ᠂

ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠲᠤᠱᠢᠶᠠᠭᠴᠢ ᠶᠢᠨ ᠬᠠᠮᠢᠶᠠᠷᠤᠯᠲᠠ ᠶᠢ ᠴᠢᠩᠭᠠᠳᠭᠠᠨ᠎ᠠ᠃ ᠲᠣᠰᠣ ᠨᠡᠮᠡᠬᠦ

ᠥᠷᠲᠡᠭᠡ ︵ᠴᠡᠭ︶᠎ ᠶᠢᠨ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠦᠭᠰᠡᠨ ᠲᠤᠭ᠎ᠠ ᠬᠡᠮᠵᠢᠶ᠎ᠡ ᠨᠢ ᠪᠣᠳᠠᠲᠠᠢ

ᠪᠣᠷᠣᠯᠠᠭᠤᠯᠤᠭᠰᠠᠨ ᠲᠤᠭ᠎ᠠ ᠬᠡᠮᠵᠢᠶ᠎ᠡ ᠠᠴᠠ ᠳᠣᠣᠷ᠎ᠠ ᠵᠡᠷᠭᠡ ᠭᠠᠶᠢᠯᠢ ᠳᠠᠷᠤᠵᠤ ᠭᠠᠶᠢᠯᠢ ᠠᠴᠠ ᠵᠠᠶᠢᠯᠠᠬᠤ ᠦᠢᠯᠡ

ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃

    ᠭᠠᠯ ᠤᠨᠲᠠᠷᠠᠭᠠᠬᠤ ᠰᠠᠯᠠᠭ᠎ᠠ ᠮᠥᠴᠢᠷ᠄ ᠪᠣᠯᠪᠠᠰᠤᠷᠠᠭᠤᠯᠤᠭᠰᠠᠨ ᠲᠣᠰᠣ ᠡᠵᠡᠩᠨᠡᠬᠦ ᠠᠵᠤ ᠠᠬᠤᠶᠢᠯᠠᠯ ᠤᠨ ᠭᠠᠯ

ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂

ᠭᠠᠯ ᠤᠨᠲᠠᠷᠠᠭᠠᠬᠤ ᠳᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠪᠠ ᠰᠢᠮᠳᠠᠭᠤᠯᠤᠨ ᠴᠡᠭᠴᠡᠯᠡᠨ

ᠰᠠᠶᠢᠵᠢᠷᠠᠭᠤᠯᠬᠤ ᠬᠡᠷᠡᠭᠲᠡᠢ᠃

    ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠠᠷᠢᠭᠤᠴᠠᠯᠭ᠎ᠠ ᠪᠠᠨ ᠴᠢᠩᠭ᠎ᠠ

ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠬᠠᠤᠯᠢ

ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ

᠂ ᠴᠡᠭᠴᠡᠯᠡᠨ ᠵᠠᠰᠠᠬᠤ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃

    ᠳᠦᠷᠪᠡ᠂ ᠠᠵᠢᠯ ᠤᠨ ᠱᠠᠭᠠᠷᠳᠠᠯᠭ᠎ᠠ 

    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠡᠯ᠎ᠡ ᠰᠠᠯᠠᠭ᠎ᠠ

ᠮᠥᠴᠢᠷ ᠤᠳ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ

ᠠᠵᠢᠯ ᠢ ᠴᠢᠩᠭᠠᠳᠬᠠᠬᠤ ᠬᠠᠲᠠᠭᠤ ᠪᠡᠷᠬᠡ ᠴᠢᠨᠠᠷ᠂ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ

ᠲᠠᠨᠢᠵᠤ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠲᠤᠰ ᠲᠥᠰᠦᠯ ᠳᠤ

ᠲᠣᠳᠣᠷᠬᠠᠶᠢᠯᠠᠭᠰᠠᠨ ᠴᠡᠭᠴᠡᠯᠡᠨ ᠵᠠᠰᠠᠬᠤ ᠭᠤᠣᠯᠳᠠᠯᠭ᠎ᠠ ᠶᠣᠰᠣᠭᠠᠷ᠂ ᠠᠵᠢᠯ ᠤᠨ ᠡᠷᠴᠢᠮ ᠢᠶᠠᠨ ᠨᠡᠮᠡᠭᠳᠡᠭᠦᠯᠦᠨ᠂

ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ

ᠦᠨᠡᠨᠬᠦ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠠ

ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ

ᠨᠠᠶᠢᠳᠠᠪᠤᠷᠢᠵᠢᠭᠤᠯᠤᠭᠰᠠᠨ ᠦᠭᠡᠢ᠂ ᠬᠢᠨᠠᠯᠲᠠ ᠬᠠᠮᠢᠶᠠᠷᠤᠯᠲᠠ ᠶᠢ ᠬᠢᠭᠰᠡᠨ ᠦᠭᠡᠢ᠂ ᠪᠠᠶᠢᠳᠠᠯ ᠢ ᠮᠡᠳᠡᠭᠦᠯᠦᠭᠰᠡᠨ

ᠦᠭᠡᠢ᠂ ᠠᠰᠠᠭᠤᠳᠠᠯ ᠢ ᠰᠢᠢᠳᠪᠦᠷᠢᠯᠡᠭᠰᠡᠨ ᠦᠭᠡᠢ ᠨᠢᠭᠡᠴᠢ ᠪᠠ ᠠᠵᠢᠯᠲᠠᠨ ᠠᠴᠠ ᠬᠠᠤᠯᠢ ᠲᠣᠭᠲᠠᠭᠠᠯ ᠶᠣᠰᠣᠭᠠᠷ

ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

    ︵ᠬᠤᠶᠠᠷ︶ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠬᠠᠷᠢᠯᠴᠠᠨ ᠨᠡᠪᠲᠡᠷᠡᠯᠴᠡᠬᠦ᠃ ᠪᠣᠯᠪᠠᠰᠤᠷᠠᠭᠤᠯᠤᠭᠰᠠᠨ

ᠴᠢᠯᠠᠭᠤᠨ ᠲᠣᠰᠣ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠦᠷᠢᠯᠳᠦᠬᠦᠨ ᠨᠢᠭᠡᠴᠡ ᠶᠢᠨ ᠮᠡᠳᠡᠭᠡ ᠵᠠᠩᠭᠢ ᠶᠢ

ᠬᠠᠮᠲᠤᠪᠠᠷ ᠡᠳᠯᠡᠬᠦ ᠲᠣᠭᠲᠠᠴᠠ ᠶᠢ ᠪᠠᠶᠢᠭᠤᠯᠤᠨ᠂ ᠮᠡᠳᠡᠭᠡ ᠵᠠᠩᠭᠢ ᠶᠢ ᠬᠠᠮᠲᠤᠪᠠᠷ ᠡᠳᠯᠡᠬᠦ ᠡᠷᠴᠢᠮ ᠢ

ᠴᠢᠩᠭᠠᠷᠠᠭᠤᠯᠵᠤ᠂ ᠪᠣᠯᠪᠠᠰᠤᠷᠠᠭᠤᠯᠤᠭᠰᠠᠨ ᠲᠣᠰᠣᠨ ᠤ ᠠᠵᠢᠯ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ

ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠎ᠡ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠠᠴᠢᠮ

ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ

ᠰᠠᠯᠠᠭ᠎ᠠ ᠮᠥᠴᠢᠷ ᠠᠴᠠ ᠦᠨᠡᠮᠯᠡᠯ ᠣᠯᠭᠤᠭᠰᠠᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠦᠨᠡᠮᠯᠡᠯ

ᠣᠯᠤᠭᠰᠠᠨ ᠮᠡᠳᠡᠭᠡ ᠵᠠᠩᠭᠢ᠂ ᠵᠢᠴᠢ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ ᠵᠡᠷᠭᠡ

ᠰᠠᠯᠠᠭ᠎ᠠ ᠮᠥᠴᠢᠷ ᠤᠳ ᠬᠠᠤᠯᠢ ᠪᠤᠰᠤ ᠪᠠᠷ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠡᠵᠡᠩᠨᠡᠬᠦ ᠵᠡᠷᠭᠡ ᠲᠤᠰᠬᠠᠢ

ᠴᠡᠭᠴᠡᠯᠡᠨ ᠵᠠᠰᠠᠬᠤ ᠲᠠᠯ᠎ᠠ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠴᠣᠬᠢᠯᠲᠠ ᠥᠭᠴᠦ᠂ ᠡᠭᠦᠷᠭᠡ ᠴᠢᠳᠠᠪᠤᠷᠢᠲᠤ

ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠡᠪᠴᠢᠶᠡᠨ ᠳᠤ ᠣᠷᠣᠭᠤᠯᠤᠨ᠎ᠠ︔

ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠳᠣᠲᠣᠭᠠᠳᠤ ᠶᠢ

ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠭᠠᠶᠢᠯᠢ ᠳᠤ

ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠬᠡᠷᠡᠭ ᠤᠨ ᠢᠷᠡᠯᠲᠡ ᠪᠠ ᠰᠦᠪᠡᠭᠴᠢ ᠶᠢ ᠴᠠᠭ ᠲᠤᠬᠠᠢ ᠳᠤᠨᠢ

ᠮᠡᠳᠡᠭᠦᠯᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠳᠠᠲᠠᠢ ᠬᠠᠷᠢᠯᠴᠠᠭᠴᠢ ᠶᠢᠨ ᠣᠪᠣᠭ ᠨᠡᠷ᠎ᠡ ᠵᠢᠴᠢ

ᠬᠠᠷᠢᠯᠴᠠᠬᠤ ᠠᠷᠭ᠎ᠠ ᠮᠠᠶ᠋ᠢᠭ ᠢᠶᠠᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ

ᠲᠣᠪᠴᠢᠶ᠎ᠠ ᠳᠤ ᠮᠡᠳᠡᠭᠦᠯᠵᠦ᠂ ᠬᠠᠷᠢᠯᠴᠠᠬᠤ ᠬᠥᠮᠦᠨ᠄ ᠴᠢᠩ ᠰᠦᠩ᠂ ᠬᠠᠷᠢᠯᠴᠠᠬᠤ ᠤᠲᠠᠰᠤ᠄

18204814747᠃

    ︵ᠭᠤᠷᠪᠠ︶ ᠶᠡᠬᠡᠪᠡᠷ ᠤᠬᠠᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠳ ᠶᠠᠷᠢᠶ᠎ᠠ ᠬᠡᠯᠡᠯᠴᠡᠭᠡᠨ ᠢᠶᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠪᠣᠯᠪᠠᠰᠤᠷᠠᠭᠤᠯᠤᠭᠰᠠᠨ

ᠲᠣᠰᠣᠨ ᠤ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠣᠯᠤᠨ ᠲᠤᠰᠬᠠᠢ ᠵᠦᠢᠯ ᠤᠨ

ᠠᠵᠢᠯᠯᠠᠭ᠎ᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠬᠠᠤᠯᠢ ᠠᠴᠠ

ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠵᠦ᠂ ᠲᠤᠰᠬᠠᠢ ᠵᠦᠢᠯ ᠢᠶᠠᠷ ᠴᠡᠭᠴᠡᠯᠡᠨ ᠵᠠᠰᠠᠭᠠᠳ ᠣᠯᠤᠭᠰᠠᠨ

ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠢ ᠴᠠᠭ ᠲᠤᠬᠠᠢ ᠳᠤᠨᠢ ᠤᠬᠠᠭᠤᠯᠵᠤ᠂ ᠶᠠᠷᠢᠶ᠎ᠠ ᠬᠡᠯᠡᠯᠴᠡᠭᠡᠨ ᠤ

ᠬᠦᠴᠦᠨ ᠢ ᠳᠠᠶᠢᠴᠢᠯᠠᠵᠤ᠂ ᠲᠥᠪ ᠭᠤᠣᠯᠴᠢ ᠰᠢᠳᠤᠷᠭᠤ ᠶᠣᠰᠣᠨ ᠤ ᠭᠦᠨ ᠵᠤᠵᠠᠭᠠᠨ ᠣᠷᠴᠢᠨ ᠠᠬᠤᠢ ᠶᠢ ᠪᠣᠢ

ᠪᠣᠯᠭᠠᠵᠤ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ᠂ ᠠᠶᠤᠯ ᠦᠭᠡᠢ ᠦᠢᠯᠡᠳᠪᠦᠷᠢᠯᠡᠯ ᠪᠣᠯᠤᠨ ᠠᠮᠢ ᠠᠬᠤᠢ ᠶᠢᠨ

ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃

 

 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号