2023 ᠣᠨ ᠳᠤ ᠮᠠᠨ ᠤ ᠤᠷᠤᠨ ᠠᠴᠠ 194150 ᠰᠣᠷᠣᠭᠴᠢ ᠡᠩ ᠤᠨ ᠶᠡᠭᠡ ᠳᠡᠭᠡᠳᠦ ᠰᠤᠷᠭᠠᠭᠤᠯᠢ ᠳᠤ ᠡᠯᠰᠡᠭᠳᠡᠪᠡ
ᠨᠡᠶᠢᠲᠡᠯᠡᠭᠰᠡᠨ ᠴᠠᠭ᠄
2023/9/12
   2023 ᠣᠨ ᠤ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠠᠵᠢᠯ 8 ᠰᠠᠷ᠎ᠠ ᠶᠢ 23 ᠤ ᠡᠳᠦᠷ ᠲᠡᠭᠦᠰᠪᠡ᠃ ᠡᠨᠡ ᠵᠢᠯ ᠮᠠᠨ ᠤ ᠣᠷᠣᠨ ᠠᠴᠠ ᠪᠦᠬᠦ ᠤᠯᠤᠰ ᠤᠨ 1540 ᠡᠩ ᠤᠨ ᠶᠡᠭᠡ ᠳᠡᠭᠡᠳᠦ ᠰᠤᠷᠭᠠᠭᠤᠯᠢ ᠰᠤᠷᠤᠭᠴᠢ ᠡᠯᠰᠡᠵᠦ᠂ ᠨᠡᠶ᠋ᠢᠲᠡ 194150 ᠰᠤᠷᠤᠭᠴᠢ ᠡᠯᠰᠡᠪᠡ᠃ ᠡᠭᠦᠨ ᠳᠤ ᠵᠢᠩᠬᠢᠨᠢ ᠠᠩᠭᠢ ᠳᠤ 96246 ᠰᠤᠷᠤᠭᠴᠢ ᠡᠯᠰᠡᠵᠦ᠂ ᠲᠤᠰᠬᠠᠢ ᠮᠡᠷᠬᠡᠵᠢᠯ ᠤᠨ ᠠᠩᠭᠢ ᠳᠤ 97904 ᠰᠤᠷᠤᠭᠴᠢ ᠡᠯᠰᠡᠵᠡᠢ᠃   ᠰᠣᠷᠣᠭᠴᠢ ᠡᠯᠰᠡᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤᠯᠤᠰ ᠤᠨ ᠰᠣᠷᠣᠭᠴᠢ ᠡᠯᠰᠡᠬᠦ ᠲᠥᠯᠥ᠋ᠪᠯᠡᠭᠡ ᠪᠠ ᠰᠣᠷᠣᠭᠴᠢ ᠡᠯᠰᠡᠬᠦ ᠲᠥᠷᠥ ᠶᠢ ᠪᠣᠳᠣᠯᠭ᠎ᠠ ᠶᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠣᠷᠣᠭᠴᠢ ᠡᠯᠰᠡᠬᠦ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠶᠡᠭᠡ ᠳᠡᠭᠡᠳᠦ ᠰᠤᠷᠭᠠᠭᠤᠯᠢ ᠶᠢ ᠰᠣᠷᠣᠭᠴᠢ ᠡᠯᠰᠡᠬᠦ ᠳᠤ ︽30 ᠪᠠᠶᠢᠵᠤ ᠪᠣᠯᠬᠤ ᠦᠭᠡᠢ︾᠂ ︽ᠨᠠᠢᠮᠠᠨ ᠦᠨᠳᠦᠰᠦᠨ ᠱᠠᠭᠠᠷᠳᠠᠯᠭ᠎ᠠ︾ ᠵᠡᠷᠭᠡ ᠰᠠᠬᠢᠯᠭ᠎ᠠ ᠪᠠᠲᠤ ᠶᠢ ᠱᠠᠭᠠᠷᠳᠠᠯᠭ᠎ᠠ ᠶᠢ ᠬᠢᠨᠠᠮᠠᠭᠠᠢ ᠵᠢᠷᠤᠮᠯᠠᠵᠤ᠂ ᠰᠤᠷᠤᠭᠴᠢ ᠡᠯᠰᠡᠬᠦ ᠠᠵᠢᠯ ᠤᠨ ᠪᠥᠬᠦ ᠶᠠᠪᠤᠴᠠ ᠶᠢᠨ ᠡᠮᠬᠢ ᠵᠢᠷᠤᠮᠵᠢᠯ ᠲᠠᠢ᠂ ᠡᠷᠬᠡ ᠲᠡᠭᠰᠢ ᠲᠥᠪ ᠭᠤᠥᠯᠴᠢ᠂ ᠢᠯᠡ ᠲᠣᠳᠣ ᠶᠠᠪᠤᠭᠳᠠᠬᠤ ᠶᠢ ᠦᠨᠡᠨ ᠬᠦ ᠪᠠᠳᠤᠯᠠᠪᠠ᠃   ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢ ᠲᠥᠪ ᠠᠴᠠ ᠰᠢᠯᠭᠠᠭᠤᠯᠤᠭᠰᠠᠳ ᠶᠡᠭᠡ ᠳᠡᠭᠡᠳᠦ ᠰᠤᠷᠭᠠᠭᠤᠯᠢ ᠶᠢ ᠰᠣᠷᠣᠭᠴᠢ ᠡᠯᠰᠡᠬᠦ ᠮᠡᠳᠡᠭᠳᠡᠯ ᠤᠨ ᠪᠢᠴᠢᠭ ᠢ ᠲᠤᠰᠴᠤ ᠣᠯᠣᠭᠰᠠᠨ ᠤ ᠳᠠᠷᠠᠭ᠎ᠠ᠂ ᠡᠷᠬᠡᠪᠰᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢ ᠮᠡᠳᠡᠭᠡ ᠵᠠᠩᠭᠢ ᠶᠢ ᠰᠦᠯᠵᠢᠶ᠎ᠡ᠂ ᠰᠣᠷᠣᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠶᠢ ᠠᠯᠪᠠᠨ ᠰᠦᠯᠵᠢᠶ᠎ᠡ ᠪᠠᠷ ᠬᠢᠨᠠᠨ ᠬᠠᠷᠭᠤᠭᠤᠯᠵᠤ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠢ ᠬᠡᠵᠦ ᠰᠠᠨᠠᠭᠤᠯᠵᠤ ᠪᠤᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号