ᠸᠠᠩ ᠯᠢ ᠰᠢᠶᠠ ᠳᠤᠯᠠᠭᠠᠯᠠᠭ᠎ᠠ ᠪᠤᠯᠤᠨ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/1/1
    12 ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠢᠯᠴᠢ ᠶᠢᠨ ᠬᠦᠴᠦᠨ ᠤ ᠺᠣᠮᠫᠠᠨᠢ ᠪᠣᠯᠤᠨ ᠲᠠᠷᠢᠶᠠᠯᠠᠩ ᠤᠨ ᠪᠥᠲᠥᠬᠡᠭᠲᠡᠬᠦᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠦᠨᠵᠡᠭᠡᠶᠢᠷᠡᠵᠦ᠂ ᠳᠤᠯᠠᠭᠠᠯᠠᠭ᠎ᠠ ᠪᠣᠯᠤᠨ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠪᠠᠶᠢᠴᠠᠭᠠᠪᠠ᠃    ︽ᠳᠤᠯᠠᠭᠠᠯᠠᠬᠤ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾᠎ ᠤᠨ ᠨᠢᠭᠡ ᠪᠣᠯᠤᠨ᠎ᠠ᠃ ᠸᠠᠩ ᠯᠢ ᠰᠢᠶᠠ ᠰᠠᠶᠢᠬᠠᠨ ᠲᠣᠭᠤᠷᠢᠭ ᠤᠨ ᠴᠧᠩ ᠹᠠ ᠢᠯᠴᠢ ᠶᠢᠨ ᠬᠠᠩᠭᠠᠯᠭ᠎ᠠ ᠶᠢᠨ ᠰᠢᠨ ᠵᠢᠶᠠ ᠵᠢᠩ ᠢᠯᠴᠢ ᠬᠠᠩᠭᠠᠬᠤ ᠬᠤᠪᠢᠶᠠᠷᠢ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠳᠤᠯᠠᠭᠠᠯᠠᠭ᠎ᠠ ᠶᠢᠨ ᠪᠠᠶᠢᠳᠠᠯ ᠢ ᠪᠠᠶᠢᠴᠠᠭᠠᠪᠠ᠃ ᠲᠡᠷᠡ᠂ ᠬᠥᠬᠡᠬᠤᠲᠠ ᠣᠷᠣᠨ ᠤ ᠲᠥᠪ ᠪᠣᠯᠤᠭᠰᠠᠨ ᠤ ᠬᠤᠪᠢ ᠳᠤ᠂ ᠳᠤᠯᠠᠭᠠᠯᠠᠭ᠎ᠠ ᠶᠢᠨ ᠲᠥᠯᠥᠪᠵᠢᠭᠦᠯᠭᠡ᠂ ᠪᠦᠳᠦᠬᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠠᠯ᠎ᠠ ᠪᠠᠷ ᠲᠦᠷᠦᠭᠦᠯᠡᠵᠦ᠂ ᠡᠮᠦᠨ᠎ᠡ ᠨᠢ ᠶᠠᠪᠤᠬᠤ ᠬᠡᠷᠡᠭᠲᠡᠢ᠃ ᠣᠳᠣᠬᠠᠨ ᠳᠤ ᠴᠠᠭ ᠠᠭᠤᠷ ᠤᠨ ᠬᠤᠪᠢᠷᠠᠯᠲᠠ ᠶᠢ ᠴᠢᠩᠭ᠎ᠠ ᠠᠩᠬᠠᠷᠴᠤ᠂ ᠳᠤᠯᠠᠭᠠᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠠᠶᠢᠯ ᠡᠷᠦᠬᠡ ᠳᠤ ᠬᠦᠷᠳᠡᠯ᠎ᠡ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠢᠨ ︽ᠡᠪᠦᠯ ᠤᠨ ᠡᠪᠡᠳᠴᠢᠨ ᠢ ᠵᠣᠨ ᠵᠠᠰᠠᠬᠤ︾ ᠢᠢ ᠪᠠᠷᠢᠮᠲᠠᠯᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠭᠤᠯᠠᠶ ᠲᠣᠤᠷ ᠢ ᠡᠷᠳᠡᠭᠡᠨ ᠰᠢᠭ ᠪᠥᠬᠦ ᠲᠠᠯ᠎ᠠ ᠪᠠᠷ ᠣᠶᠢᠯᠠᠭᠠᠵᠤ᠂ ᠨᠠᠩ ᠣᠯᠠᠨ ᠪᠠᠷᠠᠭᠠᠨ ᠤ ᠰᠦᠯᠵᠢᠶ᠎ᠡ᠂ ᠤᠶᠤᠨᠲᠤ ᠲᠠᠪᠴᠠᠩ ᠵᠡᠷᠭᠡ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠠᠶᠤᠯ ᠲᠦᠭᠰᠢᠭᠦᠷᠢ ᠶᠢᠨ ᠭᠡᠮ ᠰᠤᠭᠤᠭ ᠢ ᠡᠷᠢᠵᠦ᠂ ᠠᠳᠡᠯ ᠢ ᠴᠠᠭ ᠲᠤᠬᠠᠶ ᠳᠤᠨᠢ ᠠᠷᠢᠯᠭᠠᠵᠤ᠂ ᠠᠮᠤᠷ ᠲᠦᠪᠰᠢᠨ ᠢᠶᠠᠷ ᠢᠯᠴᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃    ᠸᠠᠩ ᠯᠢ ᠰᠢᠶᠠ ᠰᠠᠶᠢᠬᠠᠨ ᠲᠣᠭᠤᠷᠢᠭ ᠤᠨ ᠾᠧ ᠴᠢᠶᠦ᠋ᠨ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠲᠤ ᠢᠷᠡᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠪᠠᠷᠠᠭᠠᠨ ᠤ ᠳᠡᠯᠭᠡᠭᠦᠷ ᠤᠨ ᠡᠮᠦᠨ᠎ᠡ ᠬᠦᠷᠴᠦ᠂ ᠪᠠᠷᠠᠭ᠎ᠠ ᠬᠤᠳᠠᠯᠳᠤᠨ ᠠᠪᠴᠤ ᠪᠠᠶᠢᠭ᠎ᠠ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ᠃ ᠪᠠᠷᠠᠭ᠎ᠠ ᠣᠷᠣᠭᠤᠯᠬᠤ ᠳᠤ ᠵᠠᠮ ᠬᠤᠯᠠ ᠤᠤ︖ ᠦᠨ᠎ᠡ ᠨᠢ ᠬᠡᠳᠦᠶ ᠪᠤᠶ ︖ ᠪᠤᠷᠤᠯᠠᠭᠤᠯᠭ᠎ᠠ ᠬᠢᠷᠢ ᠵᠡᠷᠭᠡ ᠪᠠᠶᠢᠬᠤ ᠪᠤᠢ︖ ᠭᠡᠵᠤ ᠸᠠᠩ ᠯᠢ ᠰᠢᠶᠠ ᠨᠠᠷᠢᠨ ᠠᠰᠠᠭᠤᠪᠠ᠃ ᠦᠨ᠎ᠡ ᠬᠠᠩᠰᠢ ᠨᠢ ᠬᠠᠮ ᠳᠡᠯᠭᠡᠭᠦᠷ ᠠᠴᠠ ᠬᠢᠮᠳᠠ ᠪᠠᠶᠢᠨ᠎ᠠ ᠭᠡᠵᠤ ᠤᠯᠠᠨ ᠲᠦᠮᠡᠨ ᠤ ᠬᠡᠯᠡᠬᠦ ᠶᠢ ᠰᠣᠨᠣᠰᠤᠭᠠᠳ᠂ ᠲᠡᠷᠡ ᠡᠨᠡ ᠪᠣᠯ ᠣᠯᠠᠨ ᠲᠦᠮᠡᠨ ᠳᠤ ᠳᠥᠭᠦᠮ ᠦᠵᠡᠭᠦᠯᠵᠦ᠂ ᠣᠯᠠᠨ ᠲᠦᠮᠡᠨ ᠳᠤ ᠠᠰᠢᠭ ᠬᠦᠷᠲᠡᠭᠡᠵᠤ ᠪᠠᠶᠢᠭ᠎ᠠ ᠰᠠᠶᠢᠨ ᠶᠠᠪᠤᠳᠠᠯ ᠮᠥᠨ ᠬᠡᠪᠡ᠃ ᠸᠠᠩ ᠯᠢ ᠰᠢᠶᠠ᠂ ᠵᠠᠬ᠎ᠠ ᠳᠡᠯᠭᠡᠭᠦᠷ ᠤᠨ ᠬᠠᠩᠭᠠᠯᠭ᠎ᠠ ᠳᠤ ᠡᠩ ᠤᠨ ᠦᠨ᠎ᠡ ᠪᠠᠷ ᠠᠷᠠᠳ ᠲᠤ ᠲᠥᠬᠦᠮ ᠦᠵᠡᠭᠦᠯᠬᠦ ᠪᠦ᠋ᠭᠡᠳ ᠨᠠᠩ ᠴᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠳᠤ ᠴᠤᠬᠴᠠᠯᠠᠵᠤ᠂ ᠣᠯᠠᠨ ᠲᠦᠮᠡᠨ ᠢ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠢᠳᠡᠬᠦ ᠪᠣᠯᠭᠠᠬᠤ ᠬᠡᠷᠡᠭᠲᠡᠶ ᠭᠡᠵᠦ ᠠᠵᠢᠯᠲᠠᠳ ᠲᠤ ᠵᠠᠬᠢᠪᠠ᠃ ᠲᠤᠬᠠᠢ ᠶᠢᠨ ᠲᠠᠯᠠᠪᠠᠢ ᠳᠤ ᠪᠠᠶᠢᠭᠰᠠᠨ ᠤᠯᠠᠨ ᠲᠦᠮᠡᠨ ᠳᠤᠯᠠᠭᠠᠯᠠᠭ᠎ᠠ ᠶᠢᠨ ᠳᠠᠷᠤᠯᠲᠠ ᠬᠦᠷᠦᠯᠴᠡᠬᠦ ᠦᠭᠡᠢ᠂ ᠭᠡᠷ ᠤᠨ ᠳᠤᠯᠠᠭᠠᠨ ᠳᠣᠣᠷ᠎ᠠ ᠪᠠᠶᠢᠬᠤ ᠵᠡᠷᠭᠡ ᠠᠰᠠᠭᠤᠳᠠᠯ ᠢ ᠲᠤᠰᠬᠠᠬᠰᠡᠨ ᠳᠤ᠂ ᠸᠠᠩ ᠯᠢ ᠰᠢᠶᠠ ᠬᠥᠬᠡᠬᠤᠲᠠ ᠶᠢᠨ ᠬᠢᠨ ᠢ ᠢᠯᠡᠭᠦᠬᠡᠨ ᠠᠷᠭ᠎ᠠ ᠪᠤᠳᠤᠵᠤ ᠪᠠᠶᠢᠭᠠᠳ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ ᠲᠡᠷᠡ᠂ ᠥᠪᠡᠷᠲᠡᠭᠡᠨ ᠵᠠᠰᠠᠬᠤ ᠣᠷᠣᠨ ᠢᠷᠡᠬᠦ ᠵᠢᠯ ᠳᠤ ︽ᠳᠤᠯᠠᠭᠠᠯᠠᠬᠤ ᠢᠨᠵᠧᠨᠧᠷᠢᠩ︾ ᠢ ᠬᠡᠷᠡᠭᠵᠢᠭᠦᠯᠦᠨ᠎ᠡ᠂ ᠣᠯᠠᠨ ᠢᠶᠠᠷ ᠢᠶᠠᠨ ᠢᠯᠡᠭᠦᠬᠡᠨ ᠳᠡᠮᠵᠢᠵᠦ᠂ ᠢᠯᠡᠭᠦᠬᠡᠨ ᠬᠠᠮᠵᠢᠯᠴᠠᠬᠤ ᠶᠢ ᠬᠦᠰᠡᠵᠤ ᠪᠠᠶᠢᠨ᠎ᠠ᠂ ᠬᠦᠴᠢᠷᠳᠡᠯᠲᠡᠶ ᠠᠰᠠᠭᠤᠳᠠᠯ ᠪᠠᠶᠢᠪᠠᠯ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢ ᠵᠠᠯᠭᠠᠵᠤ ᠪᠤᠯᠤᠨ᠎ᠠ᠂ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠯᠠᠪᠲᠠᠶ ᠬᠠᠪᠰᠤᠷᠤᠨ ᠰᠢᠢᠳᠪᠦᠷᠢᠯᠡᠵᠦ ᠥᠭᠬᠦᠨ᠎ᠠ ᠬᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号