ᠶᠠᠭᠤ ᠶᠢ ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ ᠭᠡᠬᠦ ᠪᠣᠢ
ᠨᠡᠶᠢᠲᠡᠯᠡᠭᠰᠡᠨ ᠴᠠᠭ᠄
2024/1/14
   ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ ᠢ ᠪᠠᠰᠠ ᠦᠬᠡᠷ ᠤᠨ ᠠᠷᠠᠰᠤᠨ ᠤ ᠭᠦᠪᠲᠦᠷᠦᠦ ᠡᠪᠡᠳᠴᠢᠨ ᠭᠡᠳᠡᠭ᠂ ᠡᠨᠡ ᠪᠣᠯ ᠨᠢᠭᠡ ᠵᠦᠢᠯ ᠤᠨ ᠪᠤᠳᠤ ᠶᠢᠨ ᠰᠠᠯᠠᠭᠠᠨ ᠤ ᠬᠤᠨᠢᠨ ᠤ ᠪᠤᠳᠤ ᠶᠢᠨ ᠸᠢᠷᠦ᠋ᠰ ᠤᠨ ᠲᠦᠷᠦᠯ ᠤᠨ DNA ᠶᠢᠨ ᠸᠢᠷᠦ᠋ᠰ ᠠᠴᠠ ᠪᠣᠯᠤᠭᠰᠠᠨ ᠡᠪᠡᠳᠴᠢᠨ ᠶᠤᠮ᠂ ᠲᠡᠷᠡ ᠨᠢ ᠠᠷᠠᠰᠤᠨ ᠤ ᠭᠦᠪᠲᠦᠷᠦᠦ ᠡᠪᠡᠳᠴᠢᠨ ᠤ ᠸᠢᠷᠦ᠋ᠰ ᠠᠴᠠ ᠡᠭᠦᠰᠦᠭᠰᠡᠨ ᠨᠢᠭᠡ ᠵᠦᠢᠯ ᠤᠨ ᠲᠦᠷᠭᠡᠨ ᠴᠢᠨᠠᠷᠲᠠᠢ᠂ ᠳᠡᠳ᠋ ᠲᠦᠷᠭᠡᠨ ᠴᠢᠨᠠᠷᠲᠠᠢ ᠪᠤᠶᠤ ᠤᠳᠠᠭᠠᠨ ᠴᠢᠨᠠᠷᠲᠠᠢ ᠬᠠᠯᠳᠠᠪᠤᠷᠢᠲᠤ ᠡᠪᠡᠳᠴᠢᠨ ᠪᠣᠯᠣᠨ᠎ᠠ᠃ ᠲᠤᠰ ᠡᠪᠡᠳᠴᠢᠨ ᠤ ᠡᠪᠡᠳᠴᠢᠯᠡᠬᠦ ᠨᠤᠷᠮ᠎ᠠ ᠨᠢ 5% ᠠᠴᠠ 45% ᠶᠢᠨ ᠬᠤᠭᠤᠷᠣᠨᠳᠤ ᠪᠠᠶᠢᠵᠤ᠂ ᠦᠬᠦᠬᠦ ᠨᠤᠷᠮ᠎ᠠ ᠨᠢ ᠬᠠᠮᠤᠭ ᠥᠨᠳᠥᠷ ᠲᠡᠭᠡᠨ 10% ᠳᠤ ᠬᠦᠷᠳᠡᠭ᠃ ᠬᠤᠰᠲ ᠤᠨ ᠡᠵᠡᠨ ᠨᠢ ᠦᠬᠡᠷ᠂ ᠡᠭᠦᠨ ᠳᠤ ᠭᠤᠣᠯᠳᠠᠭᠤ ᠰᠢᠷ᠎ᠠ ᠦᠬᠡᠷ᠂ ᠪᠡᠲᠡᠭᠢ ᠶᠢᠨ ᠦᠬᠡᠷ ᠪᠠ ᠲᠡᠵᠢᠭᠡᠪᠦᠷᠢ ᠠᠽᠢᠶ᠎ᠠ ᠶᠢᠨ ᠤᠰᠤᠨ ᠦᠬᠡᠷ ᠪᠠᠭᠲᠠᠨ᠎ᠠ᠃ ᠲᠤᠰ ᠡᠪᠡᠳᠴᠢᠨ ᠤ ᠬᠠᠮᠤᠭ ᠤᠨ ᠭᠤᠣᠯ ᠬᠠᠯᠳᠠᠪᠤᠷᠢᠯᠠᠬᠤ ᠬᠡᠯᠪᠡᠷᠢ ᠪᠣᠯ ᠦᠶᠡᠲᠦ ᠬᠥᠯᠲᠡᠨ ᠤ ᠮᠧᠬᠠᠨᠢᠭ ᠴᠢᠨᠠᠷᠲᠠᠢ ᠲᠠᠷᠬᠠᠬᠤ ᠪᠠ ᠠᠮᠢᠲᠠᠨ ᠤ ᠬᠤᠭᠤᠷᠣᠨᠳᠤ ᠰᠢᠭᠤᠳ ᠬᠦᠷᠦᠯᠴᠡᠵᠦ ᠲᠠᠷᠬᠠᠳᠠᠭ᠃ ᠡᠪᠡᠳᠴᠢᠨ ᠤ ᠢᠯᠡᠷᠡᠯ ᠨᠢ ᠬᠠᠯᠠᠭᠤᠷᠠᠵᠤ᠂ ᠪᠡᠶ᠎ᠡ ᠶᠢᠨ ᠬᠠᠯᠠᠭᠤᠨ ᠨᠢ 41℃ ᠢ ᠳᠠᠪᠠᠭ᠋ᠤ ᠪᠥᠭᠡᠳ ᠨᠢᠭᠡ ᠭᠠᠷᠠᠭ ᠦᠷᠭᠦᠯᠵᠢᠯᠡᠨ᠎ᠡ᠃ ᠬᠠᠮᠠᠷ ᠤᠨ ᠦᠷᠪᠢᠰᠦᠯ᠂ ᠨᠡᠶᠢᠯᠡᠮᠡᠯ ᠪᠦᠷᠬᠦᠪᠴᠢ ᠶᠢᠨ ᠦᠷᠪᠢᠰᠦᠯ ᠤᠨ ᠰᠢᠨᠵᠢ ᠢᠯᠡᠷᠡᠨ᠂ ᠰᠢᠯᠦᠰᠦ ᠠᠷᠪᠢᠨ ᠭᠤᠭᠤᠵᠢᠭᠤᠯᠳᠠᠭ᠃ ᠰᠦ ᠱᠦᠭᠦᠷᠡᠭᠦᠯᠬᠦ ᠦᠨᠢᠶ᠎ᠡ ᠶᠢᠨ ᠰᠦᠨ ᠤ ᠭᠠᠷᠤᠯᠲᠠ ᠮᠡᠳᠡᠭᠳᠡᠮ᠎ᠡ ᠪᠠᠭᠠᠰᠤᠨ᠎ᠠ︔ ᠪᠦᠬᠦ ᠪᠡᠶ᠎ᠡ ᠳᠤᠨᠢ ᠳ᠋ᠢᠶᠠᠮᠧᠳ᠋ᠷ ᠨᠢ 2-5cm ᠤᠨ ᠭᠦᠪᠲᠦᠷᠦᠦ ᠭᠠᠷᠬᠤ ᠶᠢᠨ ᠬᠠᠮᠲᠤ ᠡᠪᠡᠳᠬᠦ ᠰᠡᠷᠡᠯ ᠳᠠᠭᠠᠯᠳᠤᠳᠠᠭ᠂ ᠣᠨᠴᠠᠭᠠᠶᠢᠯᠠᠨ ᠨᠡᠷᠪᠡᠭᠳᠡᠭᠰᠡᠨ ᠤ ᠳᠠᠷᠠᠭ᠎ᠠ 7-19 ᠡᠳᠦᠷ ᠤᠨ ᠬᠤᠭᠤᠷᠣᠨᠳᠤ ᠠᠮᠢᠲᠠᠨ ᠤ ᠲᠣᠯᠣᠭᠠᠢ᠂ ᠬᠦᠵᠦᠭᠦᠦ᠂ ᠬᠥᠬᠦ ᠪᠠ ᠪᠡᠯᠭᠡ ᠶᠢᠨ ᠬᠡᠰᠡᠭ ᠲᠤ ᠦᠷᠭᠦᠯᠵᠢ ᠬᠠᠷᠠᠭᠳᠠᠳᠠᠭ᠂ ᠭᠦᠪᠲᠦᠷᠦᠦ ᠨᠢ ᠭᠠᠳᠠᠷ ᠬᠠᠯᠢᠰᠤ ᠪᠠ ᠵᠢᠩᠬᠢᠨᠢ ᠠᠷᠠᠰᠤᠨ ᠳᠤ ᠬᠠᠯᠳᠠᠵᠤ᠂ ᠡᠬᠢᠨ ᠤ ᠬᠤᠭᠤᠴᠠᠭᠠᠨ ᠳᠤ ᠰᠢᠩᠭᠡᠨ ᠰᠢᠬᠦᠰᠦ ᠨᠡᠪᠴᠢᠵᠦ᠂ 2 ᠭᠠᠷᠠᠭ ᠤᠨ ᠳᠠᠷᠠᠭ᠎ᠠ ᠵᠠᠷᠢᠮ ᠭᠦᠪᠲᠦᠷᠦᠦ ᠨᠢ ᠦᠬᠦᠵᠢᠭᠰᠡᠨ ᠰᠢᠭᠢᠳᠦᠭᠡᠰᠦ ᠪᠣᠯᠵᠤ ᠬᠤᠪᠢᠷᠠᠭᠠᠳ ᠪᠦᠬᠦ᠋ᠢᠯᠡ ᠠᠷᠠᠰᠤᠨ ᠳᠠᠪᠬᠤᠷᠭ᠎ᠠ ᠳᠤ ᠨᠡᠪᠲᠡᠷᠡᠳᠡᠭ᠃ ᠠᠮᠠᠨ ᠬᠥᠨᠳᠡᠢ᠂ ᠰᠢᠩᠭᠡᠭᠡᠯᠲᠡ ᠶᠢᠨ ᠵᠠᠮ ᠤᠨ ᠰᠠᠯᠢᠰᠤᠲᠤ ᠪᠦᠷᠬᠦᠪᠴᠢ᠂ ᠮᠥᠭᠡᠷᠰᠦᠨ ᠬᠤᠭᠤᠯᠠᠢ ᠪᠠ ᠠᠭᠤᠰᠬᠢᠨ ᠤ ᠬᠡᠰᠡᠭ ᠲᠤ ᠪᠤᠳᠤ ᠶᠢᠨ ᠴᠢᠨᠠᠷᠲᠠᠢ ᠡᠪᠡᠳᠴᠢᠨ ᠤ ᠬᠤᠪᠢᠷᠠᠯᠲᠠ ᠭᠠᠷᠴᠤ᠂ ᠡᠭᠦᠨ ᠤ ᠤᠯᠠᠮ ᠠᠴᠠ ᠠᠩᠬᠠᠳᠠᠭᠴᠢ ᠴᠢᠨᠠᠷᠲᠠᠢ ᠪᠤᠶᠤ ᠬᠤᠶᠠᠳᠠᠭᠴᠢ ᠴᠢᠨᠠᠷᠲᠠᠢ ᠠᠭᠤᠰᠬᠢᠨ ᠦᠷᠪᠢᠰᠦᠯ ᠢ ᠡᠭᠦᠰᠬᠡᠳᠡᠭ︔ ᠤᠷᠮ᠎ᠠ ᠮᠠᠭᠤᠲᠠᠬᠤ᠂ ᠬᠤᠭᠤᠯᠠ ᠭᠤᠯᠣᠬᠤ᠂ ᠰᠦ ᠦᠭᠡᠢ ᠪᠣᠯᠬᠤ᠂ ᠡᠴᠡᠵᠦ ᠲᠤᠷᠠᠬᠤ ᠵᠡᠷᠭᠡ ᠡᠪᠡᠳᠴᠢᠨ ᠤ ᠰᠢᠨᠵᠢ ᠢᠯᠡᠷᠡᠨ᠎ᠡ︔ ᠪᠤᠢ ᠪᠦᠬᠦᠢ ᠭᠦᠢᠬᠡᠨ ᠯᠢᠮᠹᠠ ᠶᠢᠨ ᠵᠠᠩᠭᠢᠯᠠᠭ᠎ᠠ ᠬᠠᠪᠤᠳᠴᠤ ᠲᠣᠮᠤᠷᠠᠨ᠎ᠠ᠃ ᠲᠤᠰ ᠡᠪᠡᠳᠴᠢᠨ ᠢ ᠭᠤᠣᠯᠳᠠᠭᠤ ᠤᠷᠢᠳᠴᠢᠯᠠᠨ ᠰᠡᠷᠭᠡᠶᠢᠯᠡᠬᠦ ᠠᠴᠠ ᠪᠢᠰᠢ ᠣᠨᠴᠠᠭᠠᠶ ᠵᠠᠰᠠᠬᠤ ᠠᠷᠭ᠎ᠠ ᠭᠡᠵᠦ ᠪᠠᠶᠢᠬᠤ ᠦᠭᠡᠢ᠃ ᠡᠮᠨᠡᠨ ᠵᠠᠰᠠᠬᠤ ᠳᠤ ᠸᠢᠷᠦ᠋ᠰ ᠢ ᠡᠰᠡᠷᠭᠦᠴᠡᠬᠦ ᠪᠠ ᠬᠦᠴᠦᠲᠡᠢ ᠨᠢᠶᠠᠨ ᠳᠠᠷᠤᠭᠴᠢ ᠪᠠᠷ ᠡᠮᠨᠡᠨ ᠵᠠᠰᠠᠵᠤ ᠦᠷᠭᠦᠯᠵᠢᠯᠡᠨ ᠬᠠᠯᠳᠠᠪᠤᠷᠢᠯᠠᠬᠤ ᠠᠴᠠ ᠵᠠᠶᠢᠯᠠᠰᠬᠢᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号