ᠡᠷᠳᠡᠨᠢ ᠰᠢᠰᠢ ᠶᠢᠨ ᠬᠢᠮᠢ ᠶᠢᠨ ᠳᠤᠬᠢᠷᠠᠭᠤᠯᠭ᠎ᠠ ᠡᠵᠡᠮᠳᠡᠯ ᠤᠨ ᠭᠤᠤᠯ ᠮᠡᠷᠭᠡᠵᠢᠯ
ᠨᠡᠶᠢᠲᠡᠯᠡᠭᠰᠡᠨ ᠴᠠᠭ᠄
2024/1/14
   ᠡᠷᠳᠡᠨᠢ ᠰᠢᠰᠢ ᠶᠢᠨ ᠦᠶᠡᠯᠡᠬᠦ ᠬᠤᠭᠤᠴᠠᠭᠠᠨ ᠳᠤ ᠨᠠᠪᠴᠢᠨ ᠤ ᠭᠠᠳᠠᠷᠭᠤ ᠳᠤ ᠲᠤᠰᠬᠠᠢ ᠬᠡᠷᠡᠭᠯᠡᠭᠡᠨ ᠤ ᠤᠷᠭᠤᠯᠲᠠ ᠶᠢ ᠲᠣᠬᠢᠷᠠᠭᠤᠯᠬᠤ ᠡᠳ᠋ ᠢ ᠰᠦᠷᠴᠢᠨ ᠣᠷᠣᠭᠤᠯᠵᠤ ᠬᠢᠮᠢ ᠶᠢᠨ ᠲᠣᠬᠢᠷᠠᠭᠤᠯᠤᠯ ᠡᠵᠡᠮᠳᠡᠯ ᠬᠢᠬᠦ ︵ᠳᠣᠷᠣᠭᠰᠢ ᠬᠢᠮᠢ ᠶᠢᠨ ᠡᠵᠡᠮᠰᠢᠯ ᠭᠡᠵᠦ ᠲᠣᠪᠴᠢᠯᠠᠨ᠎ᠠ︶ ᠨᠢ ᠰᠠᠭᠤᠷᠢ ᠬᠡᠰᠡᠭ ᠤᠨ ᠬᠤᠭᠤᠷᠣᠨᠳᠣᠬᠢ 1-5 ᠦᠶ᠎ᠡ ᠶᠢᠨ ᠬᠤᠭᠤᠷᠣᠨᠳᠣᠬᠢ ᠣᠷᠳᠣ ᠪᠠ ᠪᠦᠳᠦᠭᠦᠨ ᠡᠰᠢ ᠶᠢᠨ ᠦᠶ᠎ᠡ ᠶᠢ ᠪᠦᠲᠦᠮᠵᠢᠲᠡᠶ ᠪᠠᠭᠤᠷᠠᠭᠤᠯᠵᠤ᠂ ᠦᠨᠳᠦᠰᠦ ᠶᠢᠨ ᠰᠢᠰᠲ᠋ᠧᠮ ᠤᠨ ᠤᠷᠭᠤᠯᠲᠠ ᠶᠢ ᠠᠬᠢᠭᠤᠯᠤᠨ᠂ ᠡᠰᠢ ᠨᠢᠷᠤᠭᠤᠨ ᠤ ᠳᠠᠭᠠᠭᠠᠴᠠ ᠴᠢᠳᠠᠪᠤᠷᠢ ᠶᠢ ᠳᠡᠭᠡᠭᠰᠢᠯᠡᠭᠦᠯᠵᠦ᠂ ᠨᠢᠭᠲᠠ ᠳᠠᠷᠢᠬᠤ ᠨᠥᠬᠦᠴᠡᠯ ᠳᠣᠣᠷ᠎ᠠ᠂ ᠥᠨᠳᠥᠷ ᠶᠠᠰᠤ ᠴᠢᠨᠠᠷ ᠲᠠᠢ ᠰᠦᠷᠦᠭᠵᠢᠯ ᠢ ᠪᠠᠶᠢᠭᠤᠯᠵᠤ ᠂ ᠥᠨᠳᠥᠷ ᠤᠨᠠᠯᠲᠠ ᠤᠯᠬᠤ ᠶᠢᠨ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃    ᠬᠢᠮᠢ ᠶᠢᠨ ᠡᠵᠡᠮᠳᠡᠯ ᠤᠨ ᠭᠠᠵᠠᠷ᠄ ᠡᠷᠳᠡᠨᠢ ᠰᠢᠰᠢ ᠶᠢᠨ ᠮᠦ ᠶᠢᠨ ᠬᠠᠮᠠᠭᠠᠯᠠᠯᠲᠠ ᠶᠢᠨ ᠴᠢᠬᠢ 5000 ᠰᠠᠭᠤᠷᠢ / ᠮᠦ ᠶᠢ ᠳᠠᠪᠠᠭᠰᠠᠨ᠃ ᠬᠢᠮᠢ ᠶᠢᠨ ᠡᠵᠡᠮᠰᠢᠯ ᠤᠨ ᠬᠤᠭᠤᠴᠠᠭ᠎ᠠ᠄ ᠡᠷᠳᠡᠨᠢ ᠰᠢᠰᠢ 6 ᠠᠴᠠ 8 ᠨᠠᠪᠴᠢᠨ ᠤ ᠳᠡᠯᠭᠡᠯᠲᠡ ᠶᠢᠨ ᠬᠤᠭᠤᠴᠠᠭ᠎ᠠ᠃ ᠤᠷᠪᠠᠯᠵᠢ ᠶᠢᠨ ᠨᠠᠶᠢᠷᠠᠯᠭ᠎ᠠ᠄ ᠡᠷᠳᠡᠨᠢ ᠰᠢᠰᠢ ᠶᠢᠨ ᠳᠡᠭᠡᠷ᠎ᠡ ᠲᠡᠮᠳᠡᠭᠯᠡᠭᠦᠯᠦᠭᠰᠡᠨ ᠬᠢᠮᠢ ᠶᠢᠨ ᠡᠵᠡᠮᠰᠢᠯ ᠤᠨ ᠪᠦᠲᠦᠭᠡᠭᠳᠡᠬᠦᠨ᠂ ᠵᠢᠱᠢᠶᠡᠯᠡᠪᠡᠯ ᠠᠮᠢᠨ ᠤ ᠰᠣᠷᠭᠤᠭ ᠡᠲ᠋ᠢᠯᠧᠡ ᠢ ᠰᠣᠩᠭᠤᠨ ᠬᠡᠷᠡᠭᠯᠡᠵᠦ᠂ ᠪᠦᠲᠦᠭᠡᠭᠳᠡᠬᠦᠨ ᠤ ᠲᠣᠳᠣᠷᠬᠠᠶᠢᠯᠠᠯᠲᠠ ᠶᠢᠨ ᠬᠡᠮᠵᠢᠶ᠎ᠡ ᠪᠠ ᠥᠳᠬᠡᠴᠡ ᠶᠢ ᠴᠢᠩᠭ᠎ᠠ ᠵᠢᠷᠤᠮᠯᠠᠨ ᠡᠮ ᠤᠨ ᠰᠢᠩᠭᠡᠨ ᠢ ᠨᠠᠶᠢᠷᠠᠭᠤᠯᠤᠨ᠎ᠠ᠂ ᠳᠤᠷ᠎ᠠ ᠪᠠᠷ ᠢᠶᠠᠨ ᠡᠮ ᠤᠨ ᠬᠡᠮᠵᠢᠶ᠎ᠡ ᠪᠠ ᠡᠮ ᠤᠨ ᠰᠢᠩᠭᠡᠨ ᠤ ᠥᠳᠬᠡᠴᠡ ᠶᠢ ᠨᠡᠮᠡᠭᠳᠡᠭᠦᠯᠵᠦ ᠪᠣᠯᠬᠤ ᠦᠭᠡᠢ᠂ ᠡᠮ ᠤᠨ ᠰᠢᠩᠭᠡᠨ ᠢ ᠨᠠᠶᠢᠷᠠᠭᠤᠯᠬᠤ ᠶᠢᠨ ᠳᠠᠭᠠᠤ ᠬᠡᠷᠡᠭᠯᠡᠬᠦ ᠬᠡᠷᠡᠭᠲᠡᠢ᠂ ᠶᠡᠷᠦ ᠳᠡᠭᠡᠨ ᠪᠤᠰᠤᠳ ᠲᠠᠷᠢᠶᠠᠨ ᠡᠮ ᠪᠠ ᠬᠢᠮᠢ ᠶᠢᠨ ᠪᠣᠷᠳᠣᠭᠤᠷ ᠲᠠᠢ ᠬᠤᠯᠢᠵᠤ ᠬᠡᠷᠡᠭᠯᠡᠵᠦ ᠪᠣᠯᠬᠤ ᠦᠭᠡᠢ᠃ ᠬᠢᠮᠢ ᠶᠢᠨ ᠡᠵᠡᠮᠰᠢᠯ ᠤᠨ ᠦᠷ᠎ᠡ ᠪᠦᠲᠦᠮᠵᠢ ᠶᠢ ᠪᠠᠲᠤᠯᠠᠵᠤ᠂ ᠤᠰᠤᠨ ᠤ ᠬᠡᠮᠵᠢᠶ᠎ᠡ ᠶᠢ ᠵᠠᠪᠠᠯ ᠭᠦᠢᠴᠡᠳ ᠬᠠᠩᠭᠠᠬᠤ ᠶᠢᠨ ᠲᠥᠯᠥᠭᠡ᠂ ᠶᠡᠷᠦ ᠳᠡᠭᠡᠨ ᠮᠦ ᠪᠦᠷᠢ ᠳᠤ 30-40 ᠺᠢᠯᠣᠭ᠍ᠷᠠᠮ ᠤᠰᠤ ᠰᠦᠷᠴᠢᠬᠦ ᠶᠢ ᠱᠠᠭᠠᠷᠳᠠᠨ᠎ᠠ᠃    ᠰᠦᠷᠴᠢᠨ ᠣᠷᠣᠭᠤᠯᠬᠤ ᠠᠷᠭ᠎ᠠ᠄ ᠡᠰᠢᠲᠠᠢ ᠰᠦᠷᠴᠢᠭᠦᠷ ᠢᠶᠠᠷ ᠠᠵᠢᠯᠯᠠᠬᠤ ᠶᠢ ᠰᠠᠨᠠᠭᠤᠯᠵᠤ᠂ ᠰᠦᠷᠴᠢᠨ ᠣᠷᠣᠭᠤᠯᠬᠤ ᠳᠤ ᠵᠢᠭᠳᠡ᠂ ᠠᠬᠠᠳᠠᠭᠤᠯᠬᠤ ᠦᠭᠡᠢ ᠭᠤᠭᠤᠵᠢᠭᠤᠯᠬᠤ ᠦᠭᠡᠢ ᠪᠠᠶᠢᠯᠭᠠᠬᠤ ᠶᠢ ᠪᠠᠲᠤᠯᠠᠨ᠎ᠠ︔ ᠵᠢᠯᠣᠭᠤᠴᠢ ᠦᠭᠡᠢ ᠨᠢᠰᠬᠡᠯ ᠢᠶᠠᠷ ᠰᠦᠷᠴᠢᠬᠦ ᠶᠢ ᠰᠠᠨᠠᠭᠠᠴᠢᠯᠠᠬᠤ ᠦᠭᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号