ᠰᠢᠨ᠎ᠡ ᠵᠢᠯ ᠬᠦᠷᠴᠦ ᠢᠷᠡᠬᠦ ᠲᠠᠰᠢᠷᠠᠮ ᠢᠶᠠᠷ᠂ ᠪᠠᠶᠠᠨᠬᠤᠰᠢᠭᠤ ᠪᠠᠯᠭᠠᠰᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ ︽ᠪᠢᠳᠡᠨ ᠤ ᠪᠠᠶᠠᠷ ᠤᠨ ᠡᠳᠦᠷ · | ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠰᠢᠨ᠎ᠡ ᠵᠢᠯ ᠤᠨ ᠲᠣᠬᠤᠨᠢᠭᠤᠯᠬᠤ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠭᠠᠴᠠᠭᠠᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ | ᠦᠵᠡᠭᠦᠯᠬᠦ ᠡᠷᠦᠬᠡ᠂ ᠴᠡᠷᠢᠭ ᠠᠴᠠ ᠬᠠᠯᠠᠭᠳᠠᠭᠰᠠᠳ᠂ ᠠᠬᠠᠮᠠᠳ ᠨᠠᠮ ᠤᠨ ᠭᠡᠰᠢᠭᠦᠨ ᠵᠢᠴᠢ ᠬᠦᠴᠢᠷᠳᠡᠯᠲᠡᠢ ᠣᠯᠠᠨ | ᠲᠦᠮᠡᠨ ᠳᠤ ᠲᠣᠬᠤᠨᠢᠭᠤᠯᠬᠤ ᠪᠣᠳᠠᠰ ᠬᠦᠷᠭᠡᠭᠰᠡᠨ ᠵᠢᠴᠢ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ | ᠦᠨᠳᠦᠰᠦᠲᠡᠨ ᠨᠦᠭᠦᠳ ᠤᠨ ᠪᠦᠯᠬᠦᠮᠳᠡᠨ ᠬᠠᠪᠰᠤᠷᠤᠯᠴᠠᠬᠤ᠂ ᠡᠶ᠎ᠡ ᠵᠣᠬᠢᠴᠠᠯ ᠲᠠᠢ ᠨᠥᠬᠦᠷᠰᠡᠭ ᠨᠥᠬᠦᠷᠰᠡᠭ ᠰᠠᠶᠢᠨ | ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠣᠢ ᠪᠣᠯᠭᠠᠪᠠ᠃ |  ᠲᠣᠬᠤᠨᠢᠭᠤᠯᠬᠤ ᠶᠠᠪᠤᠴᠠ ᠳᠤ᠂ ᠪᠠᠯᠭᠠᠰᠤ᠂ ᠭᠠᠴᠠᠭ᠎ᠠ ᠬᠤᠶᠠᠷ ᠱᠠᠲᠤᠨ ᠤ ᠠᠬᠢᠭᠤᠯᠬᠤ ᠨᠡᠶᠢᠭᠡᠮᠯᠢᠭ ᠤᠨ | ᠪᠦᠷᠢᠯᠳᠦᠬᠦᠨ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠭᠡᠷ | ᠪᠦᠯᠢ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠡᠭᠦᠨ ᠤ ᠬᠠᠮᠲᠤ ᠲᠡᠳᠡᠨ ᠳᠤ ᠠᠭᠤᠷ | ᠠᠮᠢᠰᠬᠤᠯ ᠬᠠᠬᠢᠷ ᠬᠦᠢᠲᠡᠨ ᠢ ᠬᠠᠮᠠᠭᠠᠯᠠᠨ ᠳᠤᠯᠠᠭᠠᠯᠠᠬᠤ ᠵᠢᠴᠢ ᠭᠠᠯ ᠬᠡᠷᠡᠭᠯᠡᠬᠦ ᠠᠮᠤᠷ ᠲᠦᠪᠰᠢᠨ ᠢ ᠠᠩᠬᠠᠷᠴᠤ᠂ | ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ | ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠵᠠᠬᠢᠪᠠ᠃ | ᠪᠠᠶᠠᠨᠬᠤᠰᠢᠭᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠠᠬᠢᠭᠤᠯᠬᠤ ᠨᠡᠶᠢᠭᠡᠮᠯᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠢ | ᠴᠠᠭ ᠢᠮᠠᠭᠲᠠ ᠰᠡᠳᠬᠢᠯ ᠳᠡᠭᠡᠨ ᠪᠣᠳᠣᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠲᠠᠢ ᠪᠦᠯᠬᠦᠮᠳᠡᠵᠦ | ᠂ ᠡᠯ᠎ᠡ ᠵᠦᠢᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠪᠠᠷ ᠰᠠᠭᠤᠵᠤ ᠬᠠᠮᠲᠤᠪᠠᠷ | ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠡᠭᠦᠳᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠥᠷᠭᠡᠨ ᠳᠡᠯᠭᠡᠷ | ᠶᠠᠪᠤᠯᠴᠠᠭ᠎ᠠ᠂ ᠪᠦᠬᠦ ᠲᠠᠯ᠎ᠠ ᠪᠠᠷ ᠰᠣᠯᠢᠯᠴᠠᠬᠤ᠂ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ | ᠬᠦᠴᠦᠨ ᠴᠢᠳᠠᠯ ᠢᠶᠠᠨ ᠡᠷᠭᠦᠪᠡ᠃ |