ᠪᠠᠶᠠᠨᠬᠤᠰᠢᠭᠤ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ 2024 ᠣᠨ ᠤ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/1/24
   2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠢᠳᠡᠪᠬᠢᠲᠡᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠪᠠᠶᠠᠨᠬᠤᠰᠢᠭᠤ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ 2024 ᠣᠨ ᠤ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠵᠣᠷᠢᠭ ᠲᠠᠢ ᠵᠠᠯᠠᠭᠤᠴᠤᠳ ᠤᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠬᠤ ᠶᠢ ᠵᠣᠷᠢᠭᠵᠢᠭᠤᠯᠵᠤ᠂ ᠬᠠᠯᠠᠭᠤᠨ ᠴᠢᠰᠤ ᠲᠠᠢ ᠵᠠᠯᠠᠭᠤ ᠨᠠᠰᠤ ᠪᠠᠷ ᠢᠶᠠᠨ ᠴᠡᠷᠢᠭ ᠢ ᠬᠦᠴᠦᠷᠬᠡᠭᠵᠢᠭᠦᠯᠬᠦ ᠵᠡᠭᠦᠳᠦ ᠳᠤ ᠬᠦᠴᠦᠨ ᠨᠡᠮᠡᠷᠢᠯᠡᠪᠡ᠃
26.jpg    ᠪᠠᠶᠠᠨᠬᠤᠰᠢᠭᠤ ᠪᠠᠯᠭᠠᠰᠤ ᠴᠡᠷᠢᠭ ᠡᠯᠰᠡᠬᠦ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ
ᠪᠠᠷᠢᠮᠲᠠᠯᠠᠵᠤ᠂ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠢ ᠪᠠᠶᠢᠷᠢᠯᠠᠭᠤᠯᠵᠤ᠂ ᠲᠤᠰᠬᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠬᠠᠭᠤᠯᠤᠨ ᠳᠠᠶᠢᠴᠢᠯᠠᠬᠤ ᠪᠠ ᠪᠠᠶᠢᠴᠠᠭᠠᠨ ᠣᠶᠢᠯᠠᠭᠠᠬᠤ ᠠᠵᠢᠯ ᠢ ᠦᠨᠡᠨᠬᠦ ᠥᠷᠨᠢᠭᠦᠯᠵᠦ᠂ ᠴᠡᠷᠢᠭ ᠡᠯᠰᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠪᠠ᠃    ᠴᠡᠷᠢᠭ ᠡᠯᠰᠡᠬᠦ ᠤᠬᠠᠭᠤᠯᠭ᠎ᠠ ᠶᠢᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠨᠡᠩ ᠣᠯᠠᠨ ᠰᠢᠯᠢᠳᠡᠭ ᠰᠤᠷᠬᠤ ᠨᠠᠰᠤᠨ ᠤ ᠵᠠᠯᠠᠭᠤᠴᠤᠳ ᠢ ᠴᠡᠷᠢᠭ ᠲᠤ ᠡᠯᠰᠡᠬᠦ ᠶᠢ ᠤᠷᠢᠶᠠᠯᠠᠨ᠂ ᠪᠠᠶᠠᠨᠬᠤᠰᠢᠭᠤ ᠪᠠᠯᠭᠠᠰᠤ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠪᠠᠳᠠᠷᠠᠭᠤᠯᠵᠤ᠂ ᠰᠦᠯᠵᠢᠶᠡᠨ ᠳᠡᠭᠡᠷ᠎ᠡ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ ᠵᠡᠷᠭᠡ ᠲᠠᠪᠴᠠᠩ ᠢ ᠭᠦᠢᠴᠡᠳ ᠠᠰᠢᠭᠯᠠᠨ ᠥᠷᠭᠡᠨ ᠢᠶᠠᠷ ᠤᠬᠠᠭᠤᠯᠵᠤ᠂ ᠰᠦᠯᠵᠢᠶᠡᠨ ᠭᠠᠳᠠᠨ᠎ᠠ ᠨᠠᠷᠢᠯᠢᠭ ᠣᠨᠣᠴᠠᠲᠠᠢ ᠪᠠᠷ ᠡᠷᠦᠬᠡ ᠳᠤ ᠣᠷᠣᠵᠤ ᠤᠬᠠᠭᠤᠯᠬᠤ ᠠᠵᠢᠯ ᠢ ᠥᠷᠨᠢᠭᠦᠯᠵᠦ᠂ ᠴᠡᠷᠢᠭ ᠡᠯᠰᠡᠬᠦ ᠲᠥᠷᠥ ᠶᠢᠨ ᠪᠣᠳᠣᠯᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠤᠯᠢ ᠲᠣᠭᠲᠠᠭᠠᠯ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠵᠡᠷᠭᠡ ᠰᠢᠨ᠎ᠡ ᠴᠡᠷᠢᠭ ᠡᠯᠰᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠥᠷᠭᠡᠨ ᠣᠯᠠᠨ ᠰᠤᠷᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠴᠡᠷᠢᠭ ᠡᠯᠰᠡᠬᠦ ᠠᠵᠢᠯ ᠤᠨ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠂ ᠢᠳᠡᠪᠬᠢᠲᠡᠢ ᠪᠠᠷ ᠴᠡᠷᠢᠭ ᠡᠯᠰᠡᠬᠦ ᠪᠠᠷ ᠨᠡᠷ᠎ᠡ ᠮᠡᠳᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠶᠢ ᠠᠬᠢᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号