1 ᠰᠠᠷ᠎ᠠ ᠶᠢᠨ 23 ᠤ ᠡᠳᠦᠷ᠂ ᠲᠦᠯᠢᠶᠡᠮᠤᠳᠤ ᠪᠠᠯᠭᠠᠰᠤᠨ ᠤ ᠬᠠᠢ ᠯᠢᠨ ᠭᠠᠴᠠᠭ᠎ᠠ᠂ ᠮᠣᠭᠠᠶᠢᠲᠤ ᠭᠠᠴᠠᠭ᠎ᠠ᠂ | ᠬᠥᠨᠳᠡᠯᠡᠨ ᠭᠠᠴᠠᠭ᠎ᠠ᠂ ᠲᠢᠳᠠᠭ ᠭᠠᠴᠠᠭᠠᠨ ᠤ ᠬᠠᠪᠰᠤᠷᠤᠨ ᠲᠡᠳᠬᠦᠬᠦ ᠨᠢᠭᠡᠴᠡ ᠶᠢᠨ ᠬᠤᠰᠢᠭᠤᠨ ᠤ ᠰᠢᠤᠳᠠᠨ ᠤ | ᠬᠤᠪᠢᠶᠠᠷᠢ ᠺᠣᠮᠫᠠᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠲᠦᠯᠢᠶᠡᠮᠤᠳᠤ ᠪᠠᠯᠭᠠᠰᠤᠨ ᠳᠤ ᠬᠦᠷᠴᠦ ᠰᠤᠷᠪᠤᠯᠵᠢᠯᠠᠨ | ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ |  ᠠᠵᠢᠯᠯᠠᠭ᠎ᠠ ᠶᠢᠨ ᠳᠤᠮᠳᠠ᠂ ᠲᠣᠬᠤᠨᠢᠭᠤᠯᠬᠤ ᠳᠤᠭᠤᠶᠢᠯᠠᠩ ᠤᠨ ᠬᠢᠨ ᠮᠠᠯᠴᠢᠨ ᠲᠠᠷᠢᠶᠠᠴᠢᠨ᠂ ᠠᠬᠠᠮᠠᠳ | ᠨᠠᠮ ᠤᠨ ᠭᠡᠰᠢᠭᠦᠨ ᠤ ᠭᠡᠷ ᠲᠤ ᠭᠦᠨᠵᠡᠭᠡᠶᠢᠷᠡᠵᠦ᠂ ᠲᠡᠳᠡᠨ ᠳᠤ ᠠᠮᠤ ᠪᠤᠳᠠᠭ᠎ᠠ ᠭᠤᠯᠢᠷ ᠲᠣᠰᠣ ᠵᠡᠷᠭᠡ ᠡᠳ᠋ ᠪᠣᠳᠠᠰ | ᠬᠦᠷᠭᠡᠵᠦ᠂ ᠲᠡᠳᠡᠨ ᠤ ᠠᠮᠢᠳᠤᠷᠠᠯ ᠤᠨ ᠪᠠᠶᠢᠳᠠᠯ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ | ᠠᠰᠠᠭᠤᠨ ᠯᠠᠪᠯᠠᠭᠰᠠᠨ ᠪᠥᠭᠡᠳ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠤᠨ ᠲᠤᠬᠠᠢ ᠬᠦᠴᠢᠷ | ᠵᠣᠪᠠᠭᠤᠷᠢ ᠶᠢ ᠴᠢᠳᠠᠯ ᠤᠨ ᠬᠢᠷᠢ ᠪᠠᠷ ᠢᠶᠠᠨ ᠬᠠᠪᠰᠤᠷᠤᠨ ᠰᠢᠢᠳᠪᠦᠷᠢᠯᠡᠵᠦ ᠥᠭᠭᠦᠨ᠎ᠡ ᠭᠡᠵᠦ ᠢᠯᠡᠳᠬᠡᠬᠦ ᠶᠢᠨ ᠬᠠᠮᠲᠤ | ᠲᠡᠳᠡᠨ ᠢ ᠪᠡᠶ᠎ᠡ ᠪᠠᠨ ᠭᠠᠮᠨᠠᠵᠤ᠂ ᠢᠳᠡᠪᠬᠢᠲᠡᠢ ᠥᠭᠡᠳᠡᠯᠡᠨ ᠳᠠᠪᠰᠢᠬᠤ ᠠᠮᠢᠳᠤᠷᠠᠯ ᠤᠨ ᠣᠪᠣᠷ ᠢ ᠪᠠᠲᠤᠯᠠᠵᠤ᠂ ᠨᠠᠮ | ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠴᠢᠷᠳᠡᠯᠲᠡᠢ ᠣᠯᠠᠨ ᠲᠦᠮᠡᠨ ᠤ ᠭᠠᠷ ᠲᠤ ᠬᠦᠷᠭᠡᠬᠦ ᠬᠡᠷᠡᠭᠲᠡᠢ | ᠭᠡᠵᠦ ᠵᠠᠬᠢᠪᠠ᠃ | ᠲᠤᠰ ᠤᠳᠠᠭᠠᠨ ᠤ ᠪᠣᠯᠭᠤᠭᠠᠨ ᠲᠣᠬᠤᠨᠢᠭᠤᠯᠤᠭᠰᠠᠨ ᠨᠢ ᠮᠠᠯᠴᠢᠨ ᠲᠠᠷᠢᠶᠠᠴᠢᠨ ᠳᠤ ᠪᠣᠳᠠᠰ ᠤᠨ ᠲᠠᠯ᠎ᠠ ᠶᠢᠨ | ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠣᠶᠤᠨ ᠰᠠᠨᠠᠭᠠᠨ ᠤ ᠲᠠᠯ᠎ᠠ ᠪᠠᠷ ᠲᠡᠳᠡᠨ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠵᠤ᠂ ᠲᠡᠳᠡᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠭᠰᠠᠨ ᠠᠴᠠ | ᠪᠣᠯᠤᠭᠰᠠᠨ ᠬᠠᠶᠢᠷ᠎ᠠ ᠬᠠᠯᠠᠮᠵᠢ ᠪᠠ ᠣᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠢ ᠮᠡᠳᠡᠷᠡᠭᠦᠯᠪᠡ᠃ |