ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠡᠭᠡ ᠬᠤᠷᠠᠯ ᠳᠤ ᠨᠡᠷ᠎ᠡ ᠮᠡᠳᠡᠭᠦᠯᠪᠡ
ᠨᠡᠶᠢᠲᠡᠯᠡᠭᠰᠡᠨ ᠴᠠᠭ᠄
2024/1/24
   ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠨ᠎ᠡ᠃ ᠣᠯᠠᠨ ᠤ ᠠᠩᠬᠠᠷᠤᠯ ᠢ ᠲᠠᠲᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ 1 ᠰᠠᠷ᠎ᠠ ᠶᠢᠨ 25 ᠤ ᠡᠳᠦᠷ ᠬᠤᠷᠠᠯᠳᠤᠵᠤ ᠂ ᠭᠤᠷᠪᠠᠨ ᠡᠳᠦᠷ ᠶᠠᠪᠤᠭᠳᠠᠬᠤ ᠪᠣᠯᠤᠨ᠎ᠠ᠃    1 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠦᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠠᠴᠢᠶᠠᠯᠠᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠯᠠᠭᠤᠨ ᠬᠦᠴᠦᠨ ᠢ ᠡᠪᠦᠷᠯᠡᠨ ᠵᠠᠯᠭᠠᠭ᠎ᠠ ᠪᠠᠷ ᠰᠠᠭᠤᠭ᠎ᠠ ᠭᠠᠵᠠᠷ ᠳᠠᠭᠠᠨ ᠬᠦᠷᠴᠦ᠂ ᠶᠡᠭᠡ ᠬᠤᠷᠠᠯ ᠳᠤ ᠨᠡᠷ᠎ᠡ ᠮᠡᠳᠡᠭᠦᠯᠪᠡ᠃
84.png    ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠬᠦ ᠳᠤ᠂ ᠲᠥᠯᠥᠭᠡᠯᠡᠭᠴᠢᠳ ᠤᠨ ᠴᠤᠭ ᠵᠢᠪᠬᠤᠭ᠎ᠠ ᠲᠡᠭᠦᠯᠳᠡᠷ᠂
ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠨ᠎ᠠ᠃ ᠠᠵᠢᠯᠲᠠᠨ ᠤ ᠵᠢᠯᠣᠭᠤᠳᠣᠯᠭ᠎ᠠ ᠳᠣᠣᠷ᠎ᠠ᠂ ᠭᠠᠷ ᠤᠨ ᠦᠰᠦᠭ ᠵᠢᠷᠤᠵᠤ ᠳᠠᠩᠰᠠᠯᠠᠬᠤ᠂ ᠮᠡᠳᠡᠭᠡ ᠵᠠᠩᠭᠢ ᠶᠢ ᠬᠠᠷᠭᠤᠭᠤᠯᠬᠤ᠂ ᠬᠤᠷᠠᠯ ᠤᠨ ᠮᠠᠲ᠋ᠧᠷᠢᠶᠠᠯ ᠢ ᠠᠪᠬᠤ ᠵᠡᠷᠭᠡ ᠠᠵᠢᠯ ᠢ ᠡᠮᠬᠢ ᠵᠢᠷᠤᠮ ᠲᠠᠢ ᠬᠢᠵᠦ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠶᠠᠪᠤᠭᠳᠠᠭᠤᠯᠪᠠ᠃ ᠨᠡᠷ᠎ᠡ ᠮᠡᠳᠡᠭᠦᠯᠬᠦ ᠳᠡᠰ ᠳᠠᠷᠠᠭᠠᠯᠠᠯ ᠢ ᠪᠡᠶᠡᠯᠡᠭᠦᠯᠦᠭᠰᠡᠨ ᠤ ᠳᠠᠷᠠᠭ᠎ᠠ᠂ ᠲᠡᠳᠡ ᠡᠭᠦᠷᠭᠡ ᠲᠤᠰᠢᠶᠠᠯ ᠢᠶᠠᠨ ᠦᠳᠲᠡᠷ ᠲᠦᠷᠭᠡᠨ ᠭᠦᠢᠴᠡᠳᠬᠡᠬᠦ ᠪᠠᠶᠢᠳᠠᠯ ᠳᠤ ᠲᠦᠷᠭᠡᠨ ᠣᠷᠣᠵᠤ᠂ ᠬᠤᠷᠠᠯ ᠤᠨ ᠵᠥᠪᠯᠡᠬᠦ ᠵᠦᠢᠯ ᠢ ᠣᠶᠢᠯᠠᠭᠠᠵᠤ᠂ ᠰᠠᠨᠠᠭᠤᠯᠭ᠎ᠠ ᠪᠠᠨ ᠡᠮᠬᠢᠯᠡᠵᠦ᠂ ᠠᠩᠬᠠᠷᠴᠤ ᠪᠠᠶᠢᠭ᠎ᠠ ᠬᠠᠯᠠᠭᠤᠨ ᠴᠡᠭ ᠤᠨ ᠶᠠᠷᠢᠶᠠᠨ ᠤ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠵᠤ᠂ ᠲᠤᠰ ᠤᠳᠠᠭ᠎ᠠ ᠶᠢᠨ ᠬᠤᠷᠠᠯ ᠳᠤ ᠰᠠᠶᠢᠲᠤᠷ ᠣᠷᠣᠯᠴᠠᠬᠤ ᠳᠤ ︽ᠠᠵᠢᠯ︾ ᠢ ᠭᠦᠢᠴᠡᠳ ᠬᠢᠪᠡ᠃
    ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠶᠡᠭᠡ ᠬᠤᠷᠠᠯ ᠤᠨ ᠡᠮᠦᠨ᠎ᠡ᠂ ᠠᠷᠠᠳ ᠤᠨ ᠲᠥᠯᠥᠭᠡᠯᠡᠭᠴᠢᠳ ᠤᠨ
ᠶᠡᠭᠡ ᠬᠤᠷᠠᠯ ᠤᠨ ᠲᠥᠯᠥᠭᠡᠯᠡᠭᠴᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠰᠠᠶᠢᠨ ᠬᠠᠪᠰᠤᠷᠤᠭᠴᠢ︾ ᠪᠣᠯᠤᠭᠰᠠᠨ ᠤ ᠬᠤᠪᠢ ᠳᠤ᠂ ᠠᠷᠠᠳ ᠣᠯᠠᠨ ᠤ ︽ᠰᠡᠳᠬᠢᠯ ᠤᠨ ᠬᠥᠭᠦᠷᠭᠡ︾ ᠪᠣᠯᠵᠣ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ︽ᠪᠤᠴᠠᠯᠲᠠ︾ ᠠᠵᠢᠭᠯᠠᠯᠲᠠ ᠪᠠ ᠪᠣᠳᠣᠯᠬᠢᠯᠠᠯ ᠵᠢᠴᠢ ᠨᠢᠭᠡ ᠬᠤᠪᠢ ᠣᠯᠠᠨ ᠲᠦᠮᠡᠨ ᠤ ᠬᠠᠯᠠᠭᠤᠨ ᠬᠦᠰᠡᠯ ᠡᠷᠡᠮᠡᠯᠵᠡᠯ ᠤᠨ ᠰᠠᠨᠠᠭᠤᠯᠭ᠎ᠠ ᠶᠢ ᠠᠪᠴᠢᠷᠠᠵᠤ ᠥᠭᠴᠡᠢ᠂ ᠲᠠᠳᠠ ᠢᠯᠡᠷᠬᠡᠶᠢᠯᠡᠬᠦ ᠳᠡᠭᠡᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳ ᠤᠨ ᠲᠥᠯᠥᠭᠡ ᠦᠭᠡ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠭᠠᠷᠭᠠᠨ᠎ᠠ ᠭᠡᠵᠡᠢ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠶᠠᠨᠮᠠᠩᠬ᠎ᠠ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠵᠣᠣ ᠵᠢᠶᠠᠨ ᠬᠡᠯᠡᠭᠰᠡᠨ ᠨᠢ᠄ ︽ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠤᠰ ᠤᠳᠠᠭᠠᠨ ᠤ ᠶᠡᠭᠡ ᠬᠤᠷᠠᠯ ᠳᠡᠭᠡᠷ᠎ᠡ ᠪᠢ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠳᠤ ᠬᠤᠯᠪᠣᠭᠳᠠᠬᠤ ᠭᠤᠣᠯ ᠮᠥᠷᠡᠨ ᠤ ᠬᠠᠰᠢᠯᠭ᠎ᠠ ᠶᠢ ᠵᠠᠰᠠᠨ ᠪᠠᠶᠢᠭᠤᠯᠬᠤ ᠲᠣᠭᠤᠷᠢᠨ ᠳᠤ ᠭᠤᠣᠯᠳᠠᠯᠭ᠎ᠠ ᠲᠠᠢ ᠰᠠᠨᠠᠭᠤᠯᠭ᠎ᠠ ᠳᠤᠷᠠᠳᠴᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠵᠣᠷᠢᠯᠲᠠ ᠪᠠ ᠲᠤᠰᠤᠯᠲᠠ ᠪᠣᠯᠭᠠᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠦᠷᠭᠦᠯᠵᠢᠯᠡᠨ ᠠᠩᠬᠠᠷᠴᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠶᠢ ᠢᠳᠡᠪᠬᠢᠲᠡᠢ ᠠᠬᠢᠭᠤᠯᠤᠶ᠎ᠠ︾ ᠭᠡᠪᠡ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠳᠥᠷᠥᠯᠵᠢ ᠪᠠᠯᠭᠠᠰᠤᠨ ᠤ ᠱᠤᠸᠠᠩ ᠶᠢᠨ ᠭᠠᠴᠠᠭᠠᠨ ᠤ ᠨᠠᠮ ᠤᠨ ᠡᠭᠦᠷ ᠤᠨ ᠱᠦᠵᠢ ᠬᠠᠨ ᠢᠦᠢ ᠲᠢᠩ᠄ ︽ᠶᠡᠭᠡ ᠬᠤᠷᠠᠯ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠭᠠᠴᠠᠭᠠᠨ ᠤ ᠨᠠᠮ ᠤᠨ ᠡᠭᠦᠷ ᠤᠨ ᠱᠦᠵᠢ ᠪᠣᠯᠤᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠰᠣᠨᠣᠰᠴᠤ᠂ ᠬᠤᠷᠠᠯ ᠤᠨ ᠬᠤᠭᠤᠴᠠᠭᠠᠨ ᠳᠤ ᠪᠢ ᠶᠡᠭᠡ ᠬᠤᠷᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠰᠠᠶᠢᠲᠤᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠠᠷᠭ᠎ᠠ ᠤᠬᠠᠭᠠᠨ ᠭᠠᠷᠭᠠᠬᠤ ᠪᠣᠯᠤᠨ᠎ᠠ︾ ᠭᠡᠵᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号