ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
   1 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠭᠦᠸᠧ ᠬᠤᠩ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠡᠷᠬᠢᠯᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠡᠩᠭᠡᠯᠳᠦ ᠬᠤᠷᠠᠯ ᠳᠤ ᠰᠤᠯᠠ ᠣᠷᠣᠯᠴᠠᠪᠠ᠃
9889.jpg    ᠬᠤᠷᠠᠯ ᠠᠴᠠ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ
2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠪᠡ᠃ ᠼᠠᠢ ᠪᠦᠦ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠠᠰᠠᠭᠤᠳᠠᠯ ᠢ ᠪᠠᠶᠢᠴᠠᠭᠠᠨ ᠳᠡᠯᠭᠡᠵᠦ᠂ ᠦᠵᠡᠯ ᠰᠠᠨᠠᠭᠠᠨ ᠤ ᠦᠨᠳᠦᠰᠦ ᠰᠤᠷᠪᠤᠯᠵᠢ ᠶᠢ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠭᠦᠨᠵᠡᠭᠡᠢ ᠥᠷᠨᠢᠭᠦᠯᠪᠡ᠃    ᠯᠢ ᠭᠦᠸᠧ ᠬᠤᠩ ᠦᠨᠡᠯᠡᠯᠲᠡ ᠶᠢᠨ ᠶᠠᠷᠢᠶᠠᠨ ᠳᠠᠭᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢ᠊ ᠡᠶ᠎ᠡ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠬᠦ ᠶᠢ ᠠᠬᠢᠭᠤᠯᠵᠤ᠂ ᠪᠦᠬᠦ ᠬᠤᠰᠢᠭᠤᠨ ᠤ ᠺᠠᠳ᠋ᠷ ᠤᠨ ᠣᠨᠣᠯ ᠢᠶᠠᠷ ᠵᠡᠪᠰᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠰᠡᠳᠬᠢᠮᠵᠢ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠲᠤᠰ ᠤᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠭᠦᠢᠴᠡᠳ᠂ ᠪᠣᠳᠠᠲᠠᠢ ᠲᠠᠢ ᠤᠶᠠᠯᠳᠤᠵᠤ᠂ ᠴᠢᠷᠠᠢ ᠤᠯᠠᠶᠢᠯᠭᠠᠨ ᠬᠥᠯᠥᠰᠥ ᠭᠠᠷᠴᠤ᠂ ᠵᠢᠱᠢᠭᠰᠡᠨ ᠦᠷ᠎ᠡ ᠪᠦᠲᠦᠮᠵᠢ ᠳᠤ ᠬᠦᠷᠴᠡᠢ᠃ ᠳᠠᠷᠠᠭᠠᠴᠢ ᠶᠢᠨ ᠠᠯᠬᠤᠮ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠣᠨᠣᠯ ᠤᠨ ᠰᠤᠷᠤᠯᠴᠠᠯᠭ᠎ᠠ ᠶᠢ ᠰᠤᠯᠠᠷᠠᠭᠤᠯᠤᠯ ᠦᠭᠡᠢ ᠠᠳᠬᠤᠵᠤ᠂ ︽ᠬᠤᠶᠠᠷ ᠶᠡᠭᠡ ᠶᠠᠪᠤᠳᠠᠯ︾ ᠢ ᠡᠷᠡᠰ ᠭᠤᠶᠢᠪᠢᠰᠢ ᠦᠭᠡᠢ ᠠᠳᠬᠤᠵᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠠᠷᠠᠳ ᠤᠨ ᠠᠮᠢᠳᠤᠷᠠᠯ ᠤᠨ ᠠᠵᠢᠯ᠂ ᠰᠤᠷᠲᠠᠯ ᠤᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠳᠠᠷᠤᠯᠲᠠ ᠦᠵᠡᠭᠦᠯᠦᠨ ᠬᠦᠴᠦᠯᠡᠵᠦ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠢ᠃    ᠼᠠᠢ ᠪᠦᠦ ᠵᠢᠶᠦ᠋ᠨ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠡᠳᠬᠡᠨ ᠰᠦᠭ ᠰᠦᠨᠡᠰᠦ ᠶᠢ ᠱᠤᠭᠤᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠦᠨᠡᠨ ᠬᠦ ᠬᠠᠩᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠦᠷᠭᠦᠯᠵᠢᠯᠡᠨ ᠪᠣᠢ ᠪᠣᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠠᠵᠢᠯ︾ ᠢ ᠴᠢᠨᠠᠷ ᠰᠠᠶᠢᠲᠠᠢ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠡᠢ᠃    ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠶᠠᠪᠤᠳᠠᠯ ᠤᠨ ᠭᠡᠰᠢᠭᠦᠨ ᠹᠠᠨ ᠶᠢᠩ ᠴᠧᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号