1 ᠳ᠋ᠦ᠋ᠭᠡᠷ ᠰᠠᠷ᠎ᠠ ᠶᠢᠨ 23 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶᠠᠨ ᠤ ᠳᠠᠷᠤᠭ᠎ᠠ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ | ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ |