ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠠᠷᠯᠠᠯ | ᠨᠡᠶᠢᠲᠡᠯᠡᠵᠦ᠂ ᠪᠤᠭᠤᠲᠤ ᠬᠤᠲᠠ ᠶᠢᠨ ᠶᠢᠩ ᠰᠧ ᠲᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠤᠮᠫᠠᠨᠢ ᠵᠡᠷᠭᠡ 4 ᠠᠵᠤ ᠠᠬᠤᠶᠢᠯᠠᠯ ᠳᠤ 2023 ᠣᠨ ᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ︾ ᠣᠯᠭᠤᠪᠠ᠃ ᠡᠨᠡ ᠬᠦ ᠢᠷᠠᠭᠤ | ᠠᠯᠳᠠᠷ ᠢ ᠭᠥᠷᠳᠡᠭᠰᠡᠨ ᠳᠥᠷᠪᠡᠨ ᠠᠵᠤ ᠠᠬᠤᠶᠢᠯᠠᠯ ᠪᠣᠯ ᠲᠣᠰ ᠲᠣᠰ ᠪᠤᠭᠤᠲᠤ ᠬᠤᠲᠠ ᠶᠢᠨ ᠶᠢᠩ ᠰᠧ ᠲᠧ | ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ᠂ ᠥᠪᠥᠷ | ᠮᠣᠩᠭᠤᠯ ᠤᠨ ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠠᠲ᠋ᠧᠷᠢᠶᠠᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠶᠢᠦ ᠷᠠᠨ ᠮᠠᠯ ᠠᠵᠤ ᠠᠬᠤᠢ ᠶᠢᠨ ᠬᠢᠵᠠᠭᠠᠷᠲᠤ ᠺᠤᠮᠫᠠᠨᠢ ᠵᠢᠴᠢ ᠥᠪᠥᠷ | ᠮᠣᠩᠭᠤᠯ ᠤᠨ ᠵᠥᠩ ᠬᠤᠸᠠᠨ ᠲᠠᠯᠠᠰᠲᠤ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠪᠣᠯ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ | ᠠᠯᠳᠠᠷ ᠪᠣᠯᠣᠨ᠎ᠠ᠂ ᠬᠤᠶᠠᠷ ᠵᠢᠯ ᠳᠤ ᠨᠢᠭᠡ ᠤᠳᠠᠭ᠎ᠠ ᠰᠢᠯᠭᠠᠷᠠᠭᠤᠯᠵᠤ᠂ ᠣᠲᠣ ᠪᠤᠯᠲᠠᠯ᠎ᠠ ᠨᠢᠭᠡᠨᠲᠡ ᠶᠢᠰᠦᠨ | ᠬᠤᠭᠤᠴᠠᠭ᠎ᠠ ᠰᠢᠯᠭᠠᠷᠠᠭᠤᠯᠵᠤ᠂ ᠪᠦᠭᠦ ᠣᠷᠣᠨ ᠤ ᠨᠡᠶᠢᠲᠡ 41 ᠨᠢᠭᠡᠴᠢ ᠱᠠᠩᠨᠠᠯ ᠭᠦᠷᠳᠡᠪᠡ᠃ 2023 ᠣᠨ ᠳᠤ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠢ | ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠨ | ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠠᠴᠠ ᠲᠠᠨᠢᠯᠴᠠᠭᠤᠯᠬᠤ᠂ ᠬᠢᠷᠢ ᠭᠡᠮ ᠢ ᠬᠢᠨᠠᠨ | ᠪᠠᠶᠢᠴᠠᠭᠠᠬᠤ᠂ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠢ ᠶᠢᠨ ᠲᠠᠯᠠᠪᠠᠶ ᠳᠤ ᠬᠢᠨᠠᠨ ᠲᠣᠭᠲᠠᠭᠠᠬᠤ᠂ ᠲᠣᠭᠠᠴᠢᠨ | ᠬᠠᠷᠢᠭᠤᠯᠬᠤ᠂ ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠢᠨᠠᠨ ᠲᠣᠭᠲᠠᠭᠠᠬᠤ ᠵᠡᠷᠭᠡ 7 ᠵᠦᠢᠯ ᠤᠨ | ᠭᠤᠭᠴᠤᠭ᠎ᠠ ᠶᠢᠨ ᠲᠠᠰ ᠳᠠᠷᠠᠭᠠᠯᠠᠯ ᠪᠠ 7 ᠤᠳᠠᠭ᠎ᠠ ᠢᠯᠡ ᠨᠡᠶᠢᠲᠡᠯᠡᠵᠦ ᠰᠠᠨᠠᠯ ᠬᠤᠷᠢᠶᠠᠬᠤ ᠪᠠᠷ ᠳᠡᠮᠵᠢᠨ᠂ 12 | ᠠᠶᠢᠮᠠᠭ ᠬᠤᠲᠠ ᠶᠢᠨ ᠲᠠᠨᠢᠯᠴᠠᠭᠤᠯᠤᠭᠰᠠᠨ 71 ᠨᠢᠭᠡᠴᠢ ᠶᠢᠨ ᠳᠣᠲᠣᠷ᠎ᠠ ᠠᠴᠠ ᠱᠠᠩᠨᠠᠯ ᠭᠥᠷᠳᠡᠭᠰᠡᠨ 4 ᠨᠢᠭᠡᠴᠢ ᠶᠢ | ᠰᠢᠯᠭᠠᠷᠠᠭᠤᠯᠤᠨ ᠭᠠᠷᠭᠠᠪᠠ᠃ | ᠲᠠᠨᠢᠯᠴᠠᠭᠤᠯᠤᠭᠰᠠᠨ ᠢᠶᠠᠷ᠂ ᠶᠠᠰᠤ ᠴᠢᠨᠠᠷ ᠤᠨ ᠱᠠᠩᠨᠠᠯ ᠤᠨ ᠳᠦᠷᠢᠮ ᠢ ᠲᠣᠭᠲᠠᠭᠠᠬᠤ ᠪᠣᠯ ᠳᠡᠯᠡᠬᠡᠢ ᠶᠢᠨ ᠡᠯ᠎ᠡ | ᠤᠯᠤᠰ ᠤᠨ ᠶᠠᠰᠤ ᠴᠢᠨᠠᠷ ᠤᠨ ᠳᠠᠪᠰᠢᠯᠲᠠ ᠶᠢ ᠵᠣᠷᠢᠭᠵᠢᠭᠤᠯᠬᠤ ᠨᠡᠶᠢᠳᠡᠮ ᠬᠡᠷᠡᠭᠯᠡᠬᠦ ᠠᠷᠭ᠎ᠠ ᠪᠠᠷᠢᠯ ᠮᠥᠨ᠂ | ᠱᠠᠩᠨᠠᠯ ᠤᠨ ᠵᠦᠢᠯ ᠢ ᠰᠢᠯᠭᠠᠷᠠᠭᠤᠯᠬᠤ ᠪᠠᠷ ᠳᠠᠮᠵᠢᠭᠤᠯᠤᠨ᠂ ᠨᠡᠶᠢᠭᠡᠮ ᠳᠠᠶᠠᠭᠠᠷ ᠲᠤ ᠬᠡᠪ ᠳᠠᠭᠤᠷᠢᠶᠠᠯ ᠪᠣᠯᠵᠤ᠂ | ᠥᠷᠭᠡᠨ ᠣᠯᠠᠨ ᠠᠵᠤ ᠠᠬᠤᠶᠢᠯᠠᠯ ᠤᠨ ᠭᠠᠷᠮᠠᠭᠠᠢ ᠬᠠᠮᠢᠶᠠᠷᠤᠯᠲᠠ ᠶᠢ ᠬᠥᠭᠡᠭᠡᠴᠡᠯᠳᠦᠬᠦ ᠶᠢ ᠵᠣᠷᠢᠭᠵᠢᠭᠤᠯᠵᠤ᠂ ᠶᠠᠰᠤ | ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠲᠠᠰᠤᠷᠠᠯᠲᠠ ᠦᠭᠡᠢ ᠰᠠᠶᠢᠵᠢᠷᠠᠭᠤᠯᠤᠨ᠂ ᠦᠢᠯᠡᠳᠬᠦᠨ ᠤ ᠶᠠᠰᠤ | ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ |