2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠪᠡᠶᠡᠯᠡᠭᠦᠯᠬᠦ ᠶᠢᠨ ᠲᠥᠯᠥᠭᠡ᠂ ᠴᠡᠷᠢᠭ ᠠᠩᠭᠢ ᠳᠤ ᠴᠢᠨᠠᠷ ᠰᠠᠶᠢᠲᠠᠢ ᠰᠢᠨ᠎ᠡ ᠴᠡᠷᠢᠭ ᠬᠦᠷᠭᠡᠬᠦ ᠶᠢ ᠦᠨᠡᠨ ᠬᠦ | ᠪᠠᠲᠤᠯᠠᠬᠤ ᠶᠢᠨ ᠲᠥᠯᠥᠭᠡ᠂ 1 ᠰᠠᠷ᠎ᠠ ᠶᠢᠨ 23 ᠤ ᠡᠳᠦᠷ᠂ ᠲᠦᠯᠢᠶᠡᠮᠤᠳᠤ ᠪᠠᠯᠭᠠᠰᠤ 2024 ᠣᠨ ᠤ ᠳᠡᠭᠡᠷ᠎ᠡ | ᠬᠠᠭᠠᠰ ᠵᠢᠯ ᠳᠤ ᠴᠡᠷᠢᠭ ᠲᠤ ᠡᠯᠰᠡᠭᠳᠡᠬᠦ ᠵᠠᠯᠠᠭᠤᠴᠤᠳ ᠤᠨ ᠠᠩᠬᠠᠨ ᠤ ᠬᠢᠨᠠᠯᠲᠠ ᠶᠢᠨ ᠬᠤᠷᠠᠯ ᠵᠢᠴᠢ ᠤᠷᠢᠳᠴᠢᠯᠠᠨ | ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ᠶᠠᠷᠢᠯᠴᠠᠬᠤ ᠬᠤᠷᠠᠯ ᠳᠡᠭᠡᠷ᠎ᠡ᠂ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠶᠠᠮᠤᠨ ᠤ ᠰᠠᠶᠢᠳ ᠳ᠋ᠦ᠋ | ᠰᠢᠶᠠᠩ ᠹᠧᠩ ᠲᠤᠬᠠᠢ ᠶᠢᠨ ᠲᠠᠯᠠᠪᠠᠢ ᠳᠤ ᠴᠡᠷᠢᠭ ᠲᠤ ᠡᠯᠰᠡᠭᠳᠡᠬᠦ ᠵᠠᠯᠠᠭᠤᠴᠤᠳ ᠤᠨ ᠰᠤᠷᠤᠯᠭ᠎ᠠ ᠶᠢᠨ ᠨᠠᠮᠲᠠᠷ᠂ | ᠡᠷᠦᠬᠡ ᠠᠮᠠ ᠶᠢᠨ ᠳᠠᠩᠰᠠ᠂ ᠨᠠᠰᠤ ᠵᠢᠯ ᠵᠡᠷᠭᠡ ᠦᠨᠳᠦᠰᠦᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ | ᠴᠡᠷᠢᠭ ᠲᠤ ᠡᠯᠰᠡᠭᠳᠡᠬᠦ ᠵᠠᠯᠠᠭᠤᠴᠤᠳ ᠤᠨ ᠪᠣᠳᠠᠲᠠᠢ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ | ᠮᠡᠳᠡᠭᠡ ᠵᠠᠩᠭᠢ ᠲᠠᠢ ᠨᠢᠭᠡᠳᠦᠯᠲᠡᠢ ᠪᠠᠶᠢᠯᠭᠠᠬᠤ ᠶᠢ ᠪᠠᠲᠤᠯᠠᠪᠠ᠃ ᠡᠭᠦᠨ ᠤ ᠬᠠᠮᠲᠤ ᠴᠡᠷᠢᠭ ᠲᠤ ᠡᠯᠰᠡᠭᠳᠡᠭᠰᠡᠨ | ᠵᠠᠯᠠᠭᠤᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠡᠳᠡᠨ ᠤ ᠦᠨᠳᠦᠰᠦᠨ ᠪᠠᠶᠢᠳᠠᠯ ᠪᠣᠯᠤᠨ ᠦᠵᠡᠯ | ᠰᠠᠨᠠᠭᠠᠨ ᠤ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠴᠡᠷᠢᠭ ᠡᠯᠰᠡᠬᠦ ᠶᠠᠪᠤᠴᠠ᠂ ᠴᠡᠷᠢᠭ ᠲᠤ ᠣᠷᠣᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠴᠡᠷᠢᠭ ᠡᠯᠰᠡᠬᠦ ᠰᠠᠬᠢᠯᠭ᠎ᠠ ᠪᠠᠲᠤ ᠵᠡᠷᠭᠡ ᠠᠭᠤᠯᠭ᠎ᠠ ᠶᠢᠨ ᠲᠤᠬᠠᠢ ᠨᠠᠷᠢᠨ | ᠲᠠᠶᠢᠯᠪᠤᠷᠢᠯᠠᠯᠲᠠ ᠬᠢᠵᠡᠢ᠃ | ᠠᠩᠬᠠᠨ ᠤ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠢ ᠳᠤ᠂ 9 ᠨᠡᠷᠡᠰ ᠴᠡᠷᠢᠭ ᠲᠤ ᠡᠯᠰᠡᠭᠳᠡᠭᠰᠡᠨ | ᠵᠠᠯᠠᠭᠤᠴᠤᠳ ᠠᠵᠢᠯᠲᠠᠨ ᠤ ᠵᠢᠯᠣᠭᠤᠳᠣᠯᠭ᠎ᠠ ᠳᠣᠣᠷ᠎ᠠ ᠡᠮᠬᠢ ᠵᠢᠷᠤᠮ ᠲᠠᠢ ᠪᠠᠷ ᠮᠥᠷᠯᠡᠵᠦ᠂ ᠪᠡᠶ᠎ᠡ ᠶᠢᠨ ᠥᠨᠳᠥᠷ᠂ | ᠪᠡᠶ᠎ᠡ ᠶᠢᠨ ᠬᠦᠨᠳᠦ᠂ ᠬᠠᠷᠠᠭ᠎ᠠ᠂ ᠴᠢᠰᠤᠨ ᠳᠠᠷᠤᠯᠲᠠ᠂ ᠵᠢᠷᠦᠬᠡᠨ ᠤ ᠴᠠᠬᠢᠯᠭᠠᠨ ᠵᠢᠷᠤᠭ ᠵᠡᠷᠭᠡ ᠲᠥᠷᠥᠯ ᠵᠦᠢᠯ ᠤᠨ | ᠴᠢᠩᠭ᠎ᠠ ᠪᠠᠶᠢᠴᠠᠭᠠᠯᠲᠠ ᠶᠢ ᠳᠡᠰ ᠳᠠᠷᠠᠭᠠᠯᠠᠨ ᠬᠦᠯᠢᠶᠡᠪᠡ᠃ ᠡᠮᠨᠡᠯᠭᠡ ᠶᠢᠨ ᠠᠵᠢᠯᠲᠠᠳ ᠪᠡᠶ᠎ᠡ ᠶᠢᠨ ᠪᠠᠶᠢᠴᠠᠭᠠᠯᠲᠠ ᠶᠢᠨ | ᠱᠠᠭᠠᠷᠳᠠᠯᠭ᠎ᠠ ᠪᠣᠯᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠴᠡᠷᠢᠭ ᠲᠤ ᠡᠯᠰᠡᠭᠳᠡᠬᠦ ᠵᠠᠯᠠᠭᠤᠴᠤᠳ ᠤᠨ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠳᠤ ᠪᠠᠶᠢᠴᠠᠭᠠᠯᠲᠠ ᠬᠢᠵᠦ᠂ ᠴᠡᠷᠢᠭ ᠠᠩᠭᠢ ᠳᠤ ᠪᠡᠶ᠎ᠡ ᠮᠠᠬᠠᠪᠣᠳ ᠤᠨ | ᠬᠡᠪ ᠴᠢᠨᠠᠷ ᠢᠶᠠᠷ ᠰᠠᠶᠢᠨ ᠰᠢᠯᠢᠳᠡᠭ ᠴᠡᠷᠢᠭ ᠬᠦᠷᠭᠡᠵᠦ᠂ ᠴᠡᠷᠢᠭ ᠤᠨ ᠢᠷᠡᠯᠲᠡ ᠶᠢᠨ ᠶᠠᠰᠤ ᠴᠢᠨᠠᠷ ᠤᠨ ᠨᠢᠭᠡᠳᠦᠭᠡᠷ | ᠪᠣᠭᠤᠮᠲᠠ ᠶᠢ ᠴᠢᠩᠭ᠎ᠠ ᠠᠳᠬᠤᠬᠤ ᠶᠢ ᠦᠨᠡᠨ ᠬᠦ ᠪᠠᠲᠤᠯᠠᠪᠠ᠃ | 2024 ᠣᠨ ᠤ ᠳᠡᠭᠡᠷ᠎ᠡ ᠬᠠᠭᠠᠰ ᠵᠢᠯ ᠳᠤ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ | ᠲᠦᠯᠢᠶᠡᠮᠤᠳᠤ ᠪᠠᠯᠭᠠᠰᠤ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠳᠠᠶᠢᠴᠢᠯᠠᠵᠤ᠂ ᠡᠷᠲᠡ ᠠᠴᠠ ᠤᠬᠠᠭᠤᠯᠵᠤ᠂ | ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢ ᠵᠣᠬᠢᠶᠠᠨ ᠪᠠᠶᠢᠭᠤᠯᠤᠨ ᠵᠣᠬᠢᠬᠤ ᠨᠠᠰᠤᠨ ᠤ ᠵᠠᠯᠠᠭᠤᠴᠤᠳ ᠤᠨ | ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠣᠯᠠᠨ ᠲᠠᠯ᠎ᠠ ᠶᠢᠨ ᠤᠬᠠᠭᠤᠯᠭ᠎ᠠ ᠶᠢ | ᠥᠷᠨᠢᠭᠦᠯᠵᠦ᠂ ︽ᠴᠡᠷᠢᠭ ᠲᠤ ᠣᠷᠣᠵᠤ ᠤᠯᠤᠰ ᠳᠠᠭᠠᠨ ᠮᠡᠳᠡᠭᠦᠯᠵᠦ᠂ ᠬᠢᠵᠠᠭᠠᠯᠠᠰᠢ ᠦᠭᠡᠢ ᠢᠷᠠᠭᠤ ᠠᠯᠳᠠᠷ ᠲᠠᠢ︾ | ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠢ ᠪᠣᠯᠭᠠᠵᠤ᠂ ᠬᠠᠪᠤᠷ ᠤᠨ ᠤᠯᠠᠷᠢᠯ ᠤᠨ ᠴᠡᠷᠢᠭ ᠡᠯᠰᠡᠬᠦ | ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠳᠤ ᠨᠡᠩ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ |