ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠳᠦᠷ ᠴᠠᠭ ᠤᠨ ᠨᠠᠮ ᠤᠨ ᠬᠤᠷᠢᠶᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/25
    1 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠬᠤᠷᠴᠢᠨ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ᠶᠣᠰᠣᠯᠠᠯ ᠤᠨ ᠲᠠᠩᠬᠢᠮ ᠳᠤ ᠲᠦᠷ ᠴᠠᠭ ᠤᠨ ᠨᠠᠮ ᠤᠨ ᠬᠤᠷᠢᠶᠠᠨ ᠤ ᠠᠵᠢᠯ ᠤᠨ ᠬᠤᠷᠠᠯ ᠬᠤᠷᠠᠯᠳᠤᠭᠤᠯᠪᠠ᠃
588.jpg
    ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠡᠩᠭᠡᠯᠳᠦ ᠬᠤᠷᠠᠯ ᠢ ᠡᠷᠬᠢᠯᠡᠭᠰᠡᠨ ᠪᠥᠭᠡᠳ ᠬᠤᠰᠢᠭᠤᠨ ᠤ ᠨᠠᠮ ᠤᠨ ᠬᠤᠷᠢᠶᠠᠨ ᠤ ᠲᠦᠷ ᠴᠠᠭ ᠤᠨ ᠨᠠᠮ ᠤᠨ ᠬᠤᠷᠶ᠎ᠠ ᠪᠠᠶᠢᠭᠤᠯᠬᠤ ᠲᠤᠬᠠᠢ ᠮᠡᠳᠡᠭᠳᠡᠯ ᠤᠨ ᠠᠯᠪᠠᠨ ᠪᠢᠴᠢᠭ ᠢ ᠤᠩᠰᠢᠨ ᠨᠡᠶᠢᠲᠡᠯᠡᠪᠡ᠃    ᠬᠤᠰᠢᠭᠤᠨ ᠤ ᠤᠳᠤᠷᠢᠳᠤᠯᠭ᠎ᠠ ᠪᠠᠭᠠᠲᠤᠷ᠂ ᠴᠧᠨ ᠴᠢᠩ ᠬᠤᠸᠠ᠂ ᠹᠧᠩ ᠵᠢᠶᠠᠨ ᠵᠦᠩ᠂ ᠴᠧᠨ ᠰᠢᠦᠸᠡᠢ ᠵᠢᠶᠣᠤ᠂ ᠵᠢᠶᠠᠩ ᠪᠧᠢ ᠫᠢᠩ᠂ ᠯᠢᠦ ᠬᠠᠢ ᠪᠦᠸᠧ᠂ ᠸᠠᠩ ᠵᠢᠶᠠ ᠵᠢᠢ ᠵᠡᠷᠭᠡ ᠤᠳᠤᠷᠢᠳᠤᠯᠭ᠎ᠠ ᠵᠢᠴᠢ ᠪᠦᠬᠦ ᠨᠠᠮ ᠤᠨ ᠭᠡᠰᠢᠭᠦᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃    ᠼᠠᠢ ᠪᠦᠦ ᠵᠢᠶᠦ᠋ᠨ ᠶᠠᠷᠢᠶ᠎ᠠ ᠲᠠᠯᠪᠢᠬᠤ ᠳᠠᠭᠠᠨ᠂ ᠨᠠᠮ ᠤᠨ ᠭᠡᠰᠢᠭᠦᠨ ᠲᠥᠯᠥᠭᠡᠯᠡᠭᠴᠢ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠦᠷ ᠴᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠱᠠᠭᠠᠷᠳᠠᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳᠴᠢᠯᠠᠯ ᠢ ᠭᠦᠢᠴᠡᠳ ᠪᠠᠳᠠᠷᠠᠭᠤᠯᠬᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ ᠵᠠᠷᠴᠢᠮ ᠢ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠲᠤᠰ ᠤᠳᠠᠭᠠᠨ ᠤ ᠶᠡᠭᠡ ᠬᠤᠷᠠᠯ ᠢ ᠠᠷᠠᠳᠴᠢᠯᠠᠯ ᠪᠦᠯᠬᠦᠮᠳᠡᠯ ᠲᠠᠢ᠂ ᠪᠣᠳᠠᠲᠠᠢ ᠶᠢ ᠡᠷᠬᠢᠮᠯᠡᠨ ᠡᠷᠡᠯᠬᠡᠭᠯᠡᠨ ᠤᠷᠤᠭᠰᠢᠯᠠᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠶᠢ ᠪᠠᠲᠤᠯᠠᠬᠤ ᠬᠡᠷᠡᠭᠲᠡᠢ᠃    ᠼᠠᠢ ᠪᠦᠦ ᠵᠢᠶᠦ᠋ᠨ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠲᠦᠷᠦᠭᠦᠯᠡᠨ ᠳᠡᠭᠡᠭᠰᠢᠯᠡᠭᠦᠯᠵᠦ ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠪᠠᠲᠤ ᠴᠢᠩᠭ᠎ᠠ ᠲᠡᠦᠬᠡᠲᠦ ᠡᠭᠦᠷᠭᠡᠲᠦ ᠰᠡᠳᠬᠢᠯᠭᠡ ᠶᠢ ᠪᠠᠲᠤᠯᠠᠵᠤ᠂ ᠪᠦᠬᠦ ᠬᠤᠰᠢᠭᠤᠨ ᠤ ᠶᠡᠭᠡ ᠲᠠᠯ᠎ᠠ ᠶᠢ ᠴᠢᠬᠤᠯᠠᠴᠢᠯᠠᠨ᠂ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠲᠦᠷᠦᠭᠦᠯᠡᠨ ᠭᠦᠢᠴᠡᠳᠬᠡᠵᠦ᠂ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠶᠡᠭᠡ ᠬᠤᠷᠠᠯ ᠤᠨ ᠡᠯ᠎ᠡ ᠵᠦᠢᠯ ᠤᠨ ᠢᠯᠡᠳᠬᠡᠯ ᠢ ᠰᠠᠶᠢᠲᠤᠷ ᠬᠢᠨᠠᠨ ᠵᠥᠪᠯᠡᠵᠦ᠂ ᠥᠷᠭᠡᠨ ᠣᠯᠠᠨ ᠲᠥᠯᠥᠭᠡᠯᠡᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠪᠣᠳᠣᠭᠰᠠᠨ ᠢᠶᠠᠨ ᠠᠭᠤᠵᠢᠷᠠᠲᠠᠯ᠎ᠠ ᠶᠠᠷᠢᠵᠤ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠵᠦ᠂ ᠰᠠᠶᠢᠨ ᠠᠷᠭ᠎ᠠ ᠪᠣᠳᠣᠯᠭ᠎ᠠ ᠶᠢ ᠬᠠᠮᠲᠤᠪᠠᠷ ᠰᠦᠪᠡᠭᠴᠢᠯᠡᠬᠦ ᠬᠡᠷᠡᠭᠲᠡᠢ᠃ ᠲᠦᠷᠦᠭᠦᠯᠡᠨ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠤᠨ ᠭᠡᠰᠢᠭᠦᠨ ᠲᠥᠯᠥᠭᠡᠯᠡᠭᠴᠢ ᠰᠠᠬᠢᠯᠭ᠎ᠠ ᠪᠠᠲᠤ ᠪᠠ ᠶᠣᠰᠣ ᠳᠦᠷᠢᠮ ᠢ ᠡᠷᠡᠰ ᠲᠡᠷᠢᠭᠦᠨ ᠳᠤ ᠲᠠᠯᠪᠢᠵᠤ᠂ ᠶᠡᠭᠡ ᠬᠤᠷᠠᠯ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠶᠠᠮᠠᠷᠪᠠ ᠬᠤᠷᠠᠯ ᠲᠠᠢ ᠬᠠᠮᠢᠶ᠎ᠠ ᠦᠭᠡᠢ ᠠᠵᠢᠯᠯᠠᠭ᠎ᠠ ᠬᠢᠬᠦ ᠦᠭᠡᠢ ᠪᠠᠶᠢᠬᠤ ᠬᠡᠷᠡᠭᠲᠡᠢ᠃ ᠲᠦᠷ ᠴᠠᠭ ᠤᠨ ᠨᠠᠮ ᠤᠨ ᠬᠤᠷᠢ᠊ ᠡᠶ᠎ᠡ ᠤᠳᠤᠷᠢᠳᠬᠤ ᠭᠤᠣᠯᠯᠠᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠵᠣᠷᠢᠭᠲᠠᠢ ᠪᠠᠷ ᠬᠠᠷᠢᠭᠤᠴᠠᠬᠤ ᠣᠪᠣᠷ ᠢᠶᠠᠷ ᠲᠥᠪ ᠪᠤᠰᠤ ᠰᠤᠷᠲᠠᠯ ᠪᠣᠯᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠡᠷᠡᠰ ᠡᠰᠡᠷᠭᠦᠴᠡᠵᠦ᠂ ᠴᠢᠩᠭ᠎ᠠ ᠰᠢᠭᠦᠮᠵᠢᠯᠡᠵᠦ᠂ ᠴᠢᠩᠭ᠎ᠠ ᠬᠤᠷᠢᠭᠯᠠᠵᠤ᠂ ᠬᠤᠷᠠᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃    ᠳᠠᠷᠠᠭ᠎ᠠ ᠨᠢ᠂ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠣᠨᠣᠯ ᠤᠨ ᠪᠣᠯᠪᠠᠰᠤᠷᠠᠯ ᠬᠢᠬᠦ ᠶᠢᠨ ᠬᠠᠮᠲᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号