ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠪᠡᠯᠡᠳᠬᠡᠯ ᠬᠤᠷᠠᠯ ᠬᠢᠪᠠ
ᠨᠡᠶᠢᠲᠡᠯᠡᠭᠰᠡᠨ ᠴᠠᠭ᠄
2024/1/25
   1 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠬᠤᠷᠴᠢᠨ ᠤ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ᠶᠣᠰᠣᠯᠠᠯ ᠤᠨ ᠲᠠᠩᠬᠢᠮ ᠳᠤ ᠪᠡᠯᠡᠳᠬᠡᠯ ᠬᠤᠷᠠᠯ ᠬᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠡᠩᠭᠡᠯᠳᠦ ᠬᠤᠷᠠᠯ ᠢ ᠡᠷᠬᠢᠯᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠯᠢᠶᠠᠨ ᠰᠢ᠂ ᠬᠠᠰ᠂ ᠵᠠᠩ ᠶᠢᠨ ᠱᠤᠸᠠᠩ᠂ ᠯᠢ ᠬᠤᠩ ᠢᠦᠢ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 198 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 172 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃
587.jpg    ᠳᠠᠷᠠᠭ᠎ᠠ ᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠢ ᠬᠤᠷᠠᠯᠳᠤᠭᠤᠯᠪᠠ᠃ ᠭᠠᠷ ᠡᠷᠭᠦᠨ ᠪᠠᠲᠤᠯᠠᠬᠤ ᠬᠡᠯᠪᠡᠷᠢ ᠪᠠᠷ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠢ ᠰᠣᠩᠭᠤᠪᠠ︔ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ᠂ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠵᠢᠱᠢᠭᠳᠡᠭᠴᠢ᠂ ᠬᠤᠷᠠᠯ ᠤᠨ ᠡᠳᠦᠷ ᠤᠨ ᠳᠠᠷᠠᠭᠠᠯᠠᠯ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠶᠢ ᠵᠣᠭᠰᠣᠭᠠᠬᠤ ᠴᠠᠭ᠂ ᠶᠡᠭᠡ ᠬᠤᠷᠠᠯ ᠤᠨ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ᠂ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ᠂ ᠶᠡᠭᠡ ᠬᠤᠷᠠᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠥᠭᠴᠦ ᠲᠣᠭᠲᠠᠭᠠᠬᠤ ᠠᠷᠭ᠎ᠠ ᠶᠢ ᠪᠠᠲᠤᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号