1 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠤᠳᠤᠷᠢᠳᠤᠯᠭ᠎ᠠ ᠼᠠᠢ ᠪᠦᠦ ᠵᠢᠶᠦ᠋ᠨ | ᠂ ᠸᠠᠩ ᠬᠠᠢ ᠶᠢᠩ᠂ ᠴᠡᠩᠭᠡᠯᠳᠦ᠂ ᠲᠦᠩ ᠬᠤᠩ ᠶᠠᠨ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠤᠨ ᠲᠥᠯᠥᠭᠡᠯᠡᠭᠴᠢ ᠶᠢᠨ ᠰᠠᠭᠤᠭ᠎ᠠ ᠭᠠᠵᠠᠷ ᠲᠤ ᠬᠦᠷᠴᠦ᠂ ᠶᠡᠭᠡ ᠬᠤᠷᠠᠯ ᠳᠤ ᠣᠷᠣᠯᠴᠠᠭᠰᠠᠨ | ᠲᠥᠯᠥᠭᠡᠯᠡᠭᠴᠢᠳ ᠢ ᠪᠣᠯᠭᠤᠭᠠᠨ ᠦᠵᠡᠵᠦ᠂ ᠲᠡᠳᠡᠨ ᠳᠤ ᠳᠣᠲᠣᠨᠣ ᠮᠡᠨᠳᠦᠴᠢᠯᠡᠯ ᠳᠡᠪᠰᠢᠭᠦᠯᠪᠡ᠃ |  ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠨᠢᠭᠡ ᠵᠢᠯ ᠤᠨ ᠲᠤᠷᠰᠢ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ | ᠪᠠᠶᠢᠬᠤ ᠪᠠᠨ ᠢᠯᠡᠳᠬᠡᠵᠦ᠂ ᠣᠯᠠᠨ ᠢ ᠨᠡᠩ ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ | ᠬᠤᠶᠢᠰᠢᠳᠠ ᠶᠢᠨ ᠠᠵᠢᠯ ᠳᠠᠭᠠᠨ ᠣᠷᠣᠯᠴᠠᠬᠤ ᠶᠢ ᠵᠣᠷᠢᠭᠵᠢᠭᠤᠯᠪᠠ᠃ | ᠼᠠᠢ ᠪᠦᠦ ᠵᠢᠶᠦ᠋ᠨ ᠬᠡᠯᠡᠬᠦ ᠳᠡᠭᠡᠨ᠂ 2024 ᠤᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠢ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠃ ᠪᠦᠬᠦ ᠬᠤᠰᠢᠭᠤᠨ ᠤ ᠳᠡᠭᠡᠳᠦ | ᠳᠣᠣᠷᠠᠳᠤ ᠱᠠᠲᠤᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ᠭᠤᠷᠪᠠᠨ ᠱᠠᠲᠤᠨ ᠤ | ᠨᠠᠮ ᠤᠨ ᠬᠤᠷᠢ᠊ ᠡᠶ᠎ᠡ ᠶᠢᠨ ᠪᠦᠭᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠠᠵᠤ ᠠᠬᠤᠢ ᠶᠢᠨ ᠶᠠᠰᠤ ᠴᠢᠨᠠᠷ ᠢ | ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠤᠨ᠎ᠠ᠃ ᠲᠤᠰ ᠤᠳᠠᠭᠠᠨ ᠤ ᠬᠤᠷᠠᠯ ᠢ ᠰᠠᠶᠢᠲᠤᠷ ᠬᠤᠷᠠᠯᠳᠤᠭᠤᠯᠬᠤ ᠨᠢ ᠦᠵᠡᠯ ᠰᠠᠨᠠᠭ᠎ᠠ ᠪᠠᠨ ᠨᠡᠩ | ᠰᠠᠶᠢᠲᠤᠷ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ | ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠯᠠᠨ ᠢᠶᠠᠷ ᠢᠶᠠᠨ | ᠶᠡᠭᠡ ᠬᠤᠷᠠᠯ ᠤᠨ ᠡᠯ᠎ᠡ ᠵᠥᠪᠯᠡᠬᠦ ᠵᠦᠢᠯ ᠤᠨ ᠲᠣᠭᠤᠷᠢᠨ ᠳᠤ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠰᠡᠳᠬᠢᠯ ᠤᠨ ᠳᠠᠭᠤᠨ ᠢ | ᠲᠤᠰᠬᠠᠵᠤ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ | ᠲᠥᠯᠥᠭᠡᠯᠡᠭᠴᠢᠳ ᠰᠠᠨᠠᠯ ᠨᠢᠭᠡᠲᠡᠢ ᠢᠯᠡᠷᠬᠡᠶᠢᠯᠡᠬᠦ ᠳᠡᠭᠡᠨ᠂ ᠶᠡᠭᠡ ᠬᠤᠷᠠᠯ ᠤᠨ ᠲᠣᠬᠢᠷᠠᠭᠤᠯᠤᠯᠲᠠ ᠶᠣᠰᠣᠭᠠᠷ᠂ | ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠶᠡᠭᠡ | ᠬᠤᠷᠠᠯ ᠤᠨ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠶᠢᠨ | ᠬᠦᠰᠡᠯ ᠪᠠ ᠪᠦᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠪᠦᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠨ᠎ᠡ ᠭᠡᠵᠡᠢ᠃ | ᠬᠤᠰᠢᠭᠤᠨ ᠤ ᠤᠳᠤᠷᠢᠳᠤᠯᠭ᠎ᠠ ᠪᠠᠭᠠᠲᠤᠷ᠂ ᠮᠠᠨᠳᠤᠯ᠂ ᠹᠧᠩ ᠵᠢᠶᠠᠨ ᠵᠦᠩ᠂ ᠵᠢᠶᠠᠩ ᠪᠧᠢ ᠫᠢᠩ ᠨᠡᠷ ᠬᠠᠮᠲᠤ | ᠲᠥᠯᠥᠭᠡᠯᠡᠭᠴᠢᠳ ᠢ ᠪᠣᠯᠭᠤᠭᠠᠨ ᠦᠵᠡᠪᠡ᠃ | |