1 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ | ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠤᠯᠤᠰ ᠤᠨ ᠡᠨᠧᠷᠭᠢ ᠶᠢᠨ ᠪᠡᠯᠡ ᠣᠷᠤᠭᠤᠯᠤᠯᠲᠠ ᠶᠢᠨ | ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᠭᠦᠸᠧ | ᠶᠤᠸᠠᠢ ᠨᠠᠷ ᠲᠠᠢ ᠠᠭᠤᠯᠵᠠᠪᠠ᠃ |  ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠡᠮᠦᠨ᠎ᠡ ᠠᠴᠠ ᠯᠢᠦ ᠭᠦᠸᠧ ᠶᠤᠸᠠᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ | ᠵᠠᠰᠠᠬᠤ ᠣᠷᠣᠨ ᠤ ᠡᠨᠡ ᠵᠢᠯ ᠤᠨ ᠭᠤᠣᠯᠳᠠᠯᠭ᠎ᠠ ᠲᠠᠢ ᠬᠡᠷᠡᠭᠵᠢᠭᠦᠯᠬᠦ ︽ᠵᠢᠷᠭᠤᠭᠠᠨ ᠢᠨᠵᠧᠨᠧᠷᠢᠩ︾ ᠢ | ᠲᠠᠨᠢᠯᠴᠠᠭᠤᠯᠪᠠ᠃ ᠲᠡᠷᠡ᠂ ᠤᠷᠲᠤ ᠬᠤᠭᠤᠴᠠᠭᠠᠨ ᠤ ᠲᠤᠷᠰᠢ ᠥᠪᠥᠷ ᠮᠣᠩᠭᠤᠯ ᠪᠣᠯᠣᠨ ᠤᠯᠤᠰ ᠤᠨ ᠡᠨᠧᠷᠭᠢ ᠶᠢᠨ | ᠪᠡᠯᠡ ᠣᠷᠤᠭᠤᠯᠤᠯᠲᠠ ᠶᠢᠨ ᠪᠦᠯᠦᠭᠯᠡᠯ ᠭᠦᠨ ᠵᠤᠵᠠᠭᠠᠨ ᠬᠠᠮᠲᠤᠷᠠᠯᠴᠠᠭᠠᠨ ᠤ ᠰᠠᠭᠤᠷᠢ ᠲᠠᠢ ᠪᠠᠶᠢᠵᠤ᠂ ᠣᠳᠣ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠴᠤ ᠵᠣᠬᠢᠰᠲᠠᠢ ᠰᠢᠢᠳᠪᠦᠷᠢᠯᠡᠵᠦ᠂ ᠢᠷᠡᠭᠡᠳᠦᠢ ᠳᠤ | ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠬᠦᠷᠢᠶ᠎ᠡ ᠮᠠᠰᠢ ᠣᠯᠠᠨ᠂ ᠠᠯᠤᠰ ᠢᠷᠡᠭᠡᠳᠦᠢ ᠥᠷᠭᠡᠨ ᠠᠭᠤᠳᠠᠮ | ᠪᠠᠶᠢᠨ᠎ᠠ᠃ ᠪᠢᠳᠡ ᠳᠤᠷᠠᠲᠠᠶ᠎ᠠ ᠤᠯᠤᠰ ᠤᠨ ᠡᠨᠧᠷᠭᠢ ᠶᠢᠨ ᠪᠡᠯᠡ ᠣᠷᠤᠭᠤᠯᠤᠯᠲᠠ ᠶᠢᠨ ᠪᠦᠯᠦᠭᠯᠡᠯ ᠯᠦᠭᠡ ᠶᠢᠨ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠰᠢᠨ᠎ᠡ ᠡᠨᠧᠷᠭᠢ ᠶᠢ ᠨᠡᠭᠡᠭᠡᠨ | ᠬᠥᠭᠵᠢᠭᠦᠯᠬᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ᠂ ᠰᠢᠨ᠎ᠡ ᠬᠡᠯᠪᠡᠷᠢ ᠶᠢᠨ | ᠡᠨᠧᠷᠭᠢ ᠨᠥᠭᠡᠴᠡᠯᠡᠬᠦ᠂ ᠤᠰᠤᠲᠥ᠋ᠷᠥᠭᠴᠢ ᠡᠨᠧᠷᠭᠢ ᠵᠡᠷᠭᠡ ᠶᠢᠨ ᠲᠣᠭᠤᠷᠢᠨ ᠳᠤ ᠬᠠᠮᠲᠤ ᠪᠠᠷ ᠬᠦᠴᠦᠯᠡᠵᠦ᠂ | ᠬᠤᠷᠳᠤᠴᠠ ᠪᠠᠨ ᠲᠦᠷᠭᠡᠳᠬᠡᠵᠦ ᠦᠷ᠎ᠡ ᠠᠰᠢᠭ ᠢᠶᠠᠨ ᠳᠡᠭᠡᠭᠰᠢᠯᠡᠭᠦᠯᠦᠨ ᠬᠠᠮᠲᠤᠷᠠᠯᠴᠠᠭᠠᠨ ᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ | ᠪᠡᠶᠡᠯᠡᠭᠦᠯᠦᠨ᠎ᠡ ᠭᠡᠪᠡ᠃ | ᠯᠢᠦ ᠭᠦᠸᠧ ᠶᠤᠸᠠᠢ ᠤᠯᠤᠰ ᠤᠨ ᠡᠨᠧᠷᠭᠢ ᠶᠢᠨ ᠪᠡᠯᠡ ᠣᠷᠤᠭᠤᠯᠤᠯᠲᠠ ᠶᠢᠨ ᠪᠦᠯᠦᠭᠯᠡᠯ ᠤᠨ ᠥᠪᠥᠷ | ᠮᠣᠩᠭᠤᠯ ᠳᠠᠬᠢ ᠦᠢᠯᠡᠰ ᠪᠣᠰᠬᠠᠭᠰᠠᠨ ᠥᠩᠭᠡᠷᠡᠯᠲᠡ ᠪᠣᠯᠣᠨ ᠠᠯᠤᠰ ᠬᠡᠳᠦ ᠶᠢᠨ ᠲᠥᠯᠥᠪᠵᠢᠭᠦᠯᠭᠡ ᠵᠡᠷᠭᠡ | ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠪᠣᠯ ᠪᠢᠳᠡᠨ ᠤ ᠪᠦᠯᠦᠭᠯᠡᠯ ᠺᠣᠮᠫᠠᠨᠢ ᠶᠢᠨ ᠠᠵᠢᠯ | ᠦᠢᠯᠡᠰ ᠤᠨ ᠡᠭᠦᠰᠦᠯ ᠤᠨ ᠭᠠᠵᠠᠷ ᠪᠣᠯᠣᠨ᠎ᠠ᠂ ᠪᠢᠳᠡᠨ ᠤ ᠪᠦᠯᠦᠭᠯᠡᠯ ᠺᠣᠮᠫᠠᠨᠢ ᠥᠪᠥᠷ ᠮᠣᠩᠭᠤᠯ ᠯᠤᠭ᠎ᠠ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠪᠠᠶᠢᠷᠢᠰᠢᠭᠤᠯᠤᠯᠲᠠ ᠪᠣᠯᠣᠨ | ᠪᠡᠯᠡ ᠮᠥᠩᠭᠦ ᠶᠢᠨ ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠲᠦᠮᠵᠢᠲᠡᠢ ᠪᠡᠯᠡ ᠣᠷᠤᠭᠤᠯᠤᠯᠲᠠ ᠶᠢ | ᠢᠳᠡᠪᠬᠢᠲᠡᠢ ᠥᠷᠭᠡᠳᠬᠡᠵᠦ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ᠂ ᠨᠡᠭᠦᠷᠡᠰᠦ ᠪᠠᠷ ᠴᠢᠯᠠᠭᠤᠨ ᠲᠣᠰᠣ | ᠦᠢᠯᠡᠳᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠤᠰᠤᠲᠥ᠋ᠷᠥᠭᠴᠢ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠲᠤᠰᠬᠠᠢ ᠬᠠᠮᠲᠤᠷᠠᠯᠴᠠᠭᠠᠨ ᠤ ᠵᠥᠪᠯᠡᠯᠴᠡᠭᠡᠷ ᠢ ᠲᠦᠷᠭᠡᠨ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠢᠶᠠᠷ ᠬᠦᠴᠦᠨ | ᠨᠡᠮᠡᠷᠢᠯᠡᠨ᠎ᠡ ᠭᠡᠵᠦ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠠᠭᠤᠯᠵᠠᠯᠲᠠ ᠳᠤ ᠣᠷᠣᠯᠴᠠᠪᠠ᠃ |