ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠮᠠᠯᠴᠢᠨ ᠲᠠᠷᠢᠶᠠᠴᠢᠨ ᠭᠠᠷᠤᠯ ᠲᠠᠢ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠢ ᠰᠠᠶᠢᠲᠤᠷ ᠬᠢᠬᠦ ᠲᠤᠬᠠᠢ ᠠᠷᠭ᠎ᠠ ᠬᠡᠮᠵᠢᠶ᠎ᠡ ᠨᠦᠭᠦᠳ
ᠨᠡᠶᠢᠲᠡᠯᠡᠭᠰᠡᠨ ᠴᠠᠭ᠄
2024/1/25
   ︽ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ 724 ᠲᠣᠭᠠᠲᠤ ᠵᠠᠷᠯᠢᠭ︶ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠭᠠᠷᠤᠯ ᠲᠠᠢ ᠬᠥᠯᠥᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠴᠠᠯᠢᠩ ᠤᠨ ᠦᠷᠢᠳᠦᠯ ᠢ ᠵᠠᠰᠠᠬᠤ︾ ᠠᠴᠠ ︽ᠴᠠᠯᠢᠩ ᠤᠨ ᠦᠷᠢᠳᠦᠯ ᠢ ᠰᠡᠷᠭᠡᠶᠢᠯᠡᠬᠦ︾ ᠳᠠᠰᠢ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠳᠦ ᠠᠷᠭ᠎ᠠ ᠬᠡᠮᠵᠢᠶ᠎ᠡ ᠶᠢ ᠲᠤᠭᠳᠠᠭᠠᠪᠠ᠃    ᠨᠢᠭᠡ᠂ ᠠᠵᠢᠯ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃    ︵ᠨᠢᠭᠡ︶ ᠠᠷᠠᠳ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠵᠠᠰᠠᠭ ᠤᠨ ᠣᠷᠳᠣᠨ ᠤ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠬᠦ ᠦᠭᠡᠢ ᠠᠰᠠᠭᠤᠳᠠᠯ ᠳᠤ ᠴᠢᠭᠯᠡᠬᠦᠯᠵᠦ᠂ ᠬᠤᠰᠢᠭᠤ ᠰᠢᠶᠠᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠳᠣᠲᠣᠷᠠᠬᠢ ᠮᠠᠯᠴᠢᠨ ᠲᠠᠷᠢᠶᠠᠴᠢᠨ ᠭᠠᠷᠤᠯ ᠲᠠᠢ ᠬᠥᠯᠥᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠢ ᠬᠠᠷᠢᠭᠤᠴᠠᠨ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯ ᠲᠣᠰ ᠵᠠᠰᠠᠭ ᠵᠠᠬᠢᠷᠭᠠᠨ ᠤ ᠣᠷᠣᠨ ᠳᠠᠬᠢ ᠴᠠᠯᠢᠩ ᠤᠨ ᠪᠠᠳᠤᠯᠠᠭᠠᠨ ᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃    ︵ᠬᠤᠶᠠᠷ︶ ᠭᠡᠰᠢᠬᠦᠨ ᠨᠢᠭᠡᠴᠡ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ ᠃ ᠡᠯ᠎ᠡ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ ᠳᠤ ᠴᠢᠭᠯᠡᠬᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ᠂ ᠬᠠᠮᠢᠶᠠᠷᠴᠤ ᠵᠢᠯᠤᠭᠤᠳᠬᠤ ᠪᠠ ᠬᠢᠨᠠᠨ ᠪᠠᠶᠢᠴᠠᠭᠠᠬᠤ ᠠᠵᠢᠯ ᠢ ᠦᠨᠡᠨᠬᠦ ᠰᠠᠶᠢᠨ ᠬᠢᠵᠦ᠂ ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠤᠯᠢ ᠶᠣᠰᠣᠭᠠᠷ ᠲᠦᠷᠢᠮᠵᠢᠬᠦᠯᠦᠨ᠂ ᠬᠥᠮᠥᠨ ᠬᠡᠷᠡᠭᠯᠡᠬᠦ ᠨᠢᠭᠡᠴᠡ ᠶᠢᠨ ᠴᠠᠯᠢᠩ ᠤᠨ ᠪᠠᠳᠤᠯᠠᠭᠠᠨ ᠤ ᠳᠦᠷᠢᠮ ᠲᠤᠭᠳᠠᠭᠠᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠴᠢᠩᠭ᠎ᠠ ᠬᠢᠨᠠᠯᠲᠠ ᠲᠠᠯᠪᠢᠵᠤ᠂ ᠬᠠᠤᠯᠢ ᠪᠤᠰᠤ ᠲᠠᠭᠠᠭᠠᠴᠢᠯᠠᠭᠤᠯᠤᠯᠳᠠ  ᠶᠢᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠬᠦᠯᠦᠰᠦᠨ ᠠᠵᠢᠯᠴᠢᠨ ᠤ ᠴᠠᠯᠢᠩ ᠢ ᠥᠷᠢᠲᠦᠬᠦ ᠳᠤ ᠬᠦᠷᠦᠭᠦᠯᠦᠭᠰᠡᠨ ᠬᠠᠤᠯᠢ ᠪᠤᠰᠤ ᠦᠶ᠋ᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠤᠭᠠᠬᠤ ᠪᠠ ᠴᠡᠭᠴᠡᠯᠡᠨ ᠵᠠᠯᠠᠷᠠᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ ᠲᠥᠷᠥᠯ ᠵᠦᠢᠯ ᠤᠨ ᠪᠡᠯᠡ ᠮᠥᠩᠭᠦ ᠶᠢᠨ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠥᠪᠰᠢᠶᠡᠷᠡᠭᠦᠯᠦᠭᠰᠡᠨ ᠲᠥᠰᠥᠪ ᠢ ᠦᠨᠳᠦᠰᠦᠯᠡᠵᠦ ᠪᠠᠶᠢᠭᠠᠳ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠴᠦ᠂ ᠬᠡᠷᠡᠭᠰᠡᠬᠦ ᠪᠡᠯᠡ ᠮᠥᠩᠭᠦ ᠶᠢ ᠤᠯᠤᠰ ᠤᠨ ᠬᠤᠯᠪᠣᠭᠳᠠᠯ ᠪᠦᠬᠦᠢ ᠲᠦᠷᠢᠮ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠴᠠᠯᠢᠩ ᠬᠦᠯᠦᠰᠦ ᠳᠤ ᠬᠤᠯᠪᠤᠭᠳᠠᠭᠰᠠᠨ ᠰᠡᠵᠢᠭᠯᠡᠯᠲᠡᠢ ᠬᠡᠷᠡᠭ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠬᠦᠯᠦᠰᠦᠨ ᠠᠵᠢᠯᠴᠢᠨ ᠤ ᠴᠠᠯᠢᠩ ᠤᠨ ᠦᠷᠢᠳᠦᠯ ᠠᠴᠠ ᠪᠣᠯᠤᠭᠰᠠᠨ ᠨᠡᠶᠢᠭᠡᠮ ᠤᠨ ᠠᠮᠤᠷ ᠲᠦᠪᠰᠢᠨ ᠤ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠠᠤᠯᠢ ᠴᠠᠭᠠᠵᠠ ᠶᠢᠨ ᠲᠤᠪᠴᠢᠶ᠎ᠠ᠂ ᠠᠷᠠᠳ ᠤᠨ ᠪᠠᠩᠬᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠡᠷᠭᠡ ᠰᠠᠯᠠᠭ᠎ᠠ ᠮᠥᠴᠢᠷ ᠨᠢ ᠠᠵᠢᠯ ᠡᠬᠦᠷᠭᠡ ᠶᠢᠨ ᠬᠤᠪᠢᠶᠠᠷᠢᠯᠠᠯ ᠶᠣᠰᠣᠭᠠᠷ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠢ ᠰᠠᠶᠢᠲᠤᠷ ᠬᠢᠬᠦ ᠬᠡᠷᠡᠭᠲᠡᠢ᠃    ᠬᠤᠶᠠᠷ᠂ ᠦᠨᠳᠦᠰᠦ ᠰᠤᠷᠪᠤᠯᠵᠢ ᠠᠴᠠ ᠨᠢ ᠵᠠᠰᠠᠬᠤ ᠶᠢ ᠴᠢᠬᠤᠯᠠᠴᠢᠯᠠᠵᠤ᠂ ᠳᠦᠷᠢᠮ ᠲᠤᠭᠳᠠᠭᠠᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃    ︵ᠭᠤᠷᠪᠠ︶ ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ ᠲᠥᠷᠥᠯ ᠵᠦᠢᠯ ᠤᠨ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠭᠦᠭᠰᠡᠨ ᠦᠭᠡᠢ ᠠᠴᠠ ᠪᠣᠯᠵᠤ ᠴᠠᠯᠢᠩ ᠥᠷᠢᠲᠦᠬᠦ ᠠᠰᠠᠭᠤᠳᠠᠯ ᠳᠤ ᠴᠢᠭᠯᠡᠬᠦᠯᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠢᠨ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠬᠠᠤᠯᠢ ᠶᠣᠰᠣᠭᠠᠷ ᠬᠦᠢᠴᠡᠳᠭᠡᠨ᠂ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠶᠣᠰᠣᠭᠠᠷ᠂ ᠲᠥᠷᠥᠯ ᠵᠦᠢᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠨ ᠪᠠᠷᠢᠯᠭ᠎ᠠ ᠶᠢᠨ ᠨᠢᠭᠡᠴᠡ ᠪᠠᠷ ᠪᠡᠯᠡ ᠮᠥᠩᠭᠦ ᠶᠢ ᠣᠷᠣᠯᠠᠨ ᠭᠠᠷᠭᠠᠭᠤᠯᠵᠤ ᠪᠣᠯᠬᠤ ᠦᠭᠡᠢ᠂ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠨᠡᠮᠡᠭᠳᠡᠭᠦᠯᠵᠦ ᠪᠣᠯᠬᠤ ᠦᠭᠡᠢ᠂ ᠪᠡᠯᠡ ᠣᠷᠣᠭᠤᠯᠤᠯᠲᠠ ᠶᠢᠨ ᠲᠦᠢᠮᠣ ᠲᠥᠰᠥᠪ ᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠦᠭᠡᠢ᠂ ᠲᠥᠷᠥᠯ ᠵᠦᠢᠯ ᠢ ᠲᠤᠭᠳᠠᠭᠰᠠᠨ ᠬᠤᠭᠤᠴᠠᠭᠠᠨ ᠳᠤ ᠪᠠᠶᠢᠭᠤᠯᠬᠤ᠂ ᠪᠡᠯᠡ ᠮᠥᠩᠭᠦ ᠶᠢ ᠲᠤᠭᠳᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠬᠤ ᠭᠡᠷᠡᠭᠳᠡᠢ᠂ ᠬᠦᠯᠦᠰᠦᠨ ᠠᠵᠢᠯᠴᠢᠨ ᠤ ᠴᠠᠯᠢᠩ ᠢ ᠦᠷᠢᠳᠦᠵᠦ ᠤᠳᠠᠭᠠᠰᠢᠷᠠᠭᠤᠯᠵᠤ ᠪᠣᠯᠬᠤ ᠦᠭᠡᠢ᠃    ︵ᠳᠥᠷᠪᠡ︶ ᠪᠠᠷᠢᠯᠭ᠎ᠠ ᠶᠢᠨ ᠵᠣᠭᠤᠰ ᠢ ᠥᠭᠬᠦ ᠳᠤ ᠳᠠᠭᠠᠭᠠᠯᠲᠠ ᠬᠢᠬᠦ᠂ ᠪᠠᠷᠢᠯᠭ᠎ᠠ ᠪᠠᠷᠢᠬᠤ ᠶᠠᠪᠤᠴᠠ ᠶᠢ ᠳ᠋ᠦᠩᠨᠡᠨ ᠪᠤᠳᠤᠬᠤ ᠪᠠ ᠲᠠᠩᠰᠠ ᠬᠤᠪᠢᠶᠠᠨ ᠬᠠᠮᠢᠶᠠᠷᠬᠤ ᠵᠡᠷᠭᠡ ᠳᠦᠷᠢᠮ ᠢ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠲᠥᠷᠥᠯ ᠵᠦᠢᠯ ᠤᠨ ᠢᠨᠵᠧᠨᠧᠷᠢᠩ ᠤᠨ ᠵᠣᠭᠤᠰ ᠢ ᠴᠠᠭ ᠲᠤᠬᠠᠢ ᠳᠤᠨᠢ ᠥᠭᠭᠦᠭᠰᠡᠨ ᠦᠭᠡᠢ ᠵᠢᠴᠢ ᠢᠨᠵᠧᠨᠧᠷᠢᠩ ᠤᠨ ᠵᠣᠭᠤᠰ ᠢ ᠥᠷᠢᠲᠦᠭᠰᠡᠨ ᠠᠴᠠ ᠪᠣᠯᠵᠤ ᠴᠠᠯᠢᠩ ᠥᠷᠢᠲᠦᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠪᠠᠷᠢᠭᠤᠯᠬᠤ ᠨᠢᠭᠡᠴᠡ ᠨᠢ ᠪᠠᠷᠢᠯᠭ᠎ᠠ ᠪᠠᠷᠢᠬᠤ ᠨᠢᠭᠡᠴᠡ ᠳᠤ ᠪᠠᠷᠢᠯᠭ᠎ᠠ ᠶᠢᠨ ᠵᠣᠭᠤᠰ ᠥᠭᠬᠦ ᠳᠠᠭᠠᠭᠠᠯᠲᠠ ᠬᠠᠩᠭᠠᠵᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠠᠷᠢᠯᠭ᠎ᠠ ᠪᠠᠷᠢᠭᠤᠯᠬᠤ ᠨᠢᠭᠡᠴᠡ ᠪᠠ ᠪᠠᠷᠢᠯᠭ᠎ᠠ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠶᠢ ᠱᠠᠭᠠᠷᠳᠠᠵᠤ᠂ ᠪᠠᠷᠢᠯᠭ᠎ᠠ ᠶᠢᠨ ᠵᠣᠭᠤᠰ ᠪᠣᠯᠣᠨ ᠬᠥᠮᠥᠨ ᠤ ᠬᠦᠴᠦᠨ ᠤ ᠵᠠᠷᠤᠳᠠᠯ ᠳᠤ ᠲᠠᠩᠰᠠ ᠬᠤᠪᠢᠶᠠᠨ ᠬᠠᠮᠢᠶᠠᠷᠬᠤ ᠠᠷᠭ᠎ᠠ ᠶᠢ ᠬᠡᠷᠡᠭᠵᠢᠭᠦᠯᠵᠦ᠂ ᠪᠠᠷᠢᠯᠭ᠎ᠠ ᠶᠢᠨ ᠭᠡᠷ᠎ᠡ ᠶᠣᠰᠣᠭᠠᠷ ᠪᠠᠷᠢᠯᠭ᠎ᠠ ᠶᠢᠨ ᠵᠣᠭᠤᠰ ᠪᠣᠯᠣᠨ ᠬᠥᠮᠥᠨ ᠤ ᠬᠦᠴᠦᠨ ᠤ ᠵᠠᠷᠤᠳᠠᠯ ᠢ ᠴᠠᠭ ᠲᠤᠬᠠᠢ ᠳᠤᠨᠢ ᠲᠤᠭ᠎ᠠ ᠶᠤᠰᠤᠭᠠᠷ ᠰᠠᠯᠭᠠᠨ ᠥᠭᠬᠦ ᠬᠡᠷᠡᠭᠲᠡᠢ᠃    ︵ᠲᠠᠪᠤ︶ ᠦᠨᠡᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠦᠨᠡᠨ ᠨᠡᠷ᠎ᠡ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠣᠨᠣᠴᠠᠲᠠᠢ ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ ᠳᠤ ᠴᠢᠭᠯᠡᠬᠦᠯᠵᠦ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠪᠤᠶᠤ ᠬᠤᠪᠢᠶᠠᠨ ᠳᠠᠭᠠᠭᠠᠴᠢᠯᠠᠭᠰᠠᠨ ᠨᠢᠭᠡᠴᠡ ᠨᠢ ᠬᠦᠯᠦᠰᠦᠨ ᠠᠵᠢᠯᠴᠢᠳ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠵᠤ ᠂ ᠦᠨᠡᠨ ᠨᠡᠷ᠎ᠡ ᠪᠠᠷ ᠲᠠᠩᠰᠠᠯᠠᠨ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠲᠠᠩᠰᠠ ᠶᠢ ᠪᠠᠶᠢᠭᠤᠯᠬᠤ ᠬᠡᠷᠡᠭᠲᠡᠢ᠃ ᠴᠠᠯᠢᠩ ᠮᠦᠩᠬᠦᠨ ᠤ ᠲᠤᠰᠬᠠᠢ ᠬᠠᠮᠢᠶᠠᠷᠤᠭᠴᠢ ᠨᠢ ᠬᠥᠳᠡᠯᠮᠦᠷᠢ ᠶᠢᠨ ᠭᠡᠷ᠎ᠡ᠂ ᠦᠨᠡᠨ ᠨᠡᠷ᠎ᠡ ᠶᠢᠨ ᠳᠦᠷᠢᠮ ᠢᠶᠠᠷ ᠠᠵᠢᠯ ᠳᠤ ᠭᠠᠷᠬᠤ ᠶᠢ ᠰᠢᠯᠭᠠᠭᠰᠠᠨ ᠵᠡᠷᠭᠡ ᠮᠡᠳᠡᠭᠡ ᠵᠠᠩᠭᠢ ᠶᠢ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠲᠠᠪᠴᠠᠩ ᠳᠤ ᠴᠠᠭ ᠲᠤᠬᠠᠢ ᠳᠤᠨᠢ᠂ ᠵᠦᠪ ᠣᠨᠣᠪᠴᠢᠲᠠᠶ᠂ ᠪᠦᠷᠢᠨ ᠬᠦᠢᠴᠡᠳ ᠳᠠᠮᠵᠢᠭᠤᠯᠵᠤ᠂ ᠴᠠᠯᠢᠩ ᠮᠦᠩᠬᠦ ᠣᠯᠭᠤᠬᠤ ᠳᠤ ᠦᠨᠳᠦᠰᠦᠯᠡᠯ ᠪᠤᠯᠭᠠᠨ᠎ᠠ᠃ ᠦᠨᠡᠨ ᠨᠡᠷ᠎ᠡ ᠶᠢᠨ ᠬᠠᠮᠢᠶᠠᠷᠤᠯᠲᠠ ᠶᠢᠨ ᠲᠦᠷᠢᠮ ᠢ ᠭᠡᠷᠡᠭᠵᠢᠬᠦᠯᠦᠭᠰᠡᠨ ᠦᠭᠡᠢ ᠪᠤᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃    ︵ᠵᠢᠷᠭᠤᠭ᠎ᠠ︶ ᠴᠠᠯᠢᠩ ᠤᠨ ᠲᠤᠰᠬᠠᠢ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠴᠠᠯᠢᠩ ᠤᠨ ᠲᠤᠰᠬᠠᠢ ᠳᠠᠩᠰᠠᠨ ᠡᠷᠦᠬᠡ ᠶᠢᠨ ᠳᠦᠷᠢᠮ ᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠴᠠᠯᠢᠩ ᠥᠷᠢᠲᠦᠬᠦ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠬᠡᠴᠡ ᠨᠢ ᠪᠠᠷᠢᠯᠭ᠎ᠠ ᠶᠢᠨ ᠠᠵᠢᠯ ᠤᠨ ᠭᠡᠷ᠎ᠡ ᠲᠣᠭᠲᠠᠭᠰᠠᠨ ᠡᠳᠦᠷ ᠠᠴᠠ ᠡᠬᠢᠯᠡᠭᠡᠳ 30 ᠡᠳᠦᠷ ᠤᠨ ᠳᠣᠲᠣᠷ᠎ᠠ ᠬᠠᠮᠢᠶ᠎ᠠ ᠪᠦᠬᠦᠢ ᠪᠠᠩᠬᠢ ᠳᠤ ᠴᠠᠯᠢᠩ ᠤᠨ ᠲᠤᠰᠬᠠᠢ ᠲᠠᠩᠰᠠᠨ ᠡᠷᠦᠬᠡ ᠪᠠᠶᠢᠭᠤᠯᠬᠤ ᠶᠢᠨ ᠬᠠᠮᠲᠤ ᠪᠠᠷᠢᠯᠭ᠎ᠠ ᠪᠠᠷᠢᠭᠤᠯᠬᠤ ᠨᠢᠭᠡᠴᠡ᠂ ᠲᠠᠩᠰᠠ ᠪᠠᠶᠢᠭᠤᠯᠤᠭᠰᠠᠨ ᠪᠠᠩᠬᠢ ᠯᠤᠭ᠎ᠠ ᠪᠡᠯᠡ ᠮᠥᠩᠭᠦ ᠶᠢᠨ ᠬᠠᠮᠢᠶᠠᠷᠤᠯᠲᠠ ᠶᠢᠨ ᠭᠤᠷᠪᠠᠨ ᠲᠠᠯ᠎ᠠ ᠶᠢᠨ ᠭᠡᠯᠡᠯᠴᠡᠭᠡᠷ ᠲᠣᠭᠲᠠᠵᠤ᠂ ᠪᠠᠷᠢᠯᠭ᠎ᠠ ᠪᠠᠷᠢᠭᠤᠯᠬᠤ ᠨᠢᠭᠡᠴᠡ  ᠨᠢ ᠬᠡᠯᠡᠯᠴᠡᠭᠡᠷ ᠤᠨ ᠶᠣᠰᠣᠭᠠᠷ ᠬᠥᠮᠥᠨ ᠤ ᠬᠦᠴᠦᠨ ᠤ ᠵᠠᠷᠤᠳᠠᠯ ᠢ ᠰᠠᠯᠭᠠᠨ ᠥᠭᠴᠦ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠨᠢ ᠪᠠᠷᠢᠯᠭ᠎ᠠ ᠶᠢᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠬᠦᠯᠦᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠤᠰᠤᠭᠠᠷ ᠰᠠᠯᠭᠠᠨ ᠥᠭᠬᠦ ᠬᠡᠷᠡᠭᠲᠡᠢ᠃    ︵ᠲᠤᠯᠤᠭ᠎ᠠ︶ ᠴᠠᠯᠢᠩ ᠤᠨ ᠪᠠᠳᠤᠯᠠᠭᠠᠨ ᠤ ᠮᠥᠩᠭᠦ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ ᠃ ᠴᠠᠯᠢᠩ ᠤᠨ ᠪᠠᠳᠤᠯᠠᠭᠠᠨ ᠤ ᠮᠥᠩᠭᠦ ᠶᠢᠨ ᠳᠦᠷᠢᠮ ᠢ ᠰᠠᠶᠢᠳᠤᠷ ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ ᠳᠤ ᠴᠢᠭᠯᠡᠬᠦᠯᠵᠦ᠂ ᠪᠠᠷᠢᠯᠭ᠎ᠠ ᠶᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠨᠢ ᠪᠠᠷᠢᠯᠭ᠎ᠠ ᠶᠢᠨ ᠭᠡᠷ᠎ᠡ ᠲᠣᠭᠲᠠᠭᠰᠠᠨ ᠡᠳᠦᠷ ᠠᠴᠠ ᠡᠬᠢᠯᠡᠭᠡᠳ 20 ᠡᠳᠦᠷ ᠤᠨ ᠳᠣᠲᠣᠷ᠎ᠠ ᠪᠠᠷᠢᠯᠭ᠎ᠠ ᠶᠢᠨ ᠪᠠᠶᠢᠭ᠎ᠠ ᠭᠠᠵᠠᠷ ᠲᠤ ᠪᠡᠯᠡᠨ ᠵᠣᠭᠤᠰ᠂ ᠪᠠᠩᠬᠢ ᠶᠢᠨ ᠪᠠᠳᠤᠯᠠᠭᠠᠨ ᠤ ᠵᠠᠬᠢᠳᠠᠯ᠂ ᠳᠠᠭᠠᠳᠬᠠᠯ ᠤᠨ ᠺᠣᠮᠫᠠᠨᠢ ᠶᠢᠨ ᠪᠠᠳᠤᠯᠠᠭᠠᠨ ᠤ ᠬᠠᠭᠤᠳᠠᠰᠤ᠂ ᠪᠠᠷᠢᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠪᠠᠳᠤᠯᠠᠭᠠᠨ ᠤ ᠵᠠᠬᠢᠳᠠᠯ ᠵᠡᠷᠭᠡ ᠬᠡᠯᠪᠡᠷᠢ ᠪᠠᠷ ᠴᠠᠯᠢᠩ ᠤᠨ ᠪᠠᠳᠤᠯᠠᠭᠠᠨ ᠤ ᠮᠥᠩᠭᠦ ᠪᠠᠨ ᠲᠤᠰᠢᠶᠠᠨ ᠬᠠᠳᠠᠭᠠᠯᠠᠭᠤᠯᠬᠤ ᠭᠡᠷᠡᠭᠳᠡᠢ᠃    ᠭᠤᠷᠪᠠ᠂ ᠬᠢᠨᠠᠨ ᠬᠠᠮᠢᠶᠠᠷᠬᠤ ᠵᠠᠭᠪᠤᠷ ᠤᠨ ᠰᠢᠨ᠎ᠡ ᠶᠢ ᠡᠭᠦᠳᠴᠦ᠂ ᠡᠳᠦᠷ ᠲᠤᠳᠤᠮ ᠤᠨ ᠬᠢᠨᠠᠯᠳᠠ ᠬᠠᠮᠢᠶᠠᠷᠤᠯᠲᠠ ᠶᠢ ᠴᠢᠩᠭᠠᠳᠬᠠᠨ᠎ᠠ᠃    ︵ᠨᠠᠢᠮᠠ︶ ᠮᠡᠳᠡᠭᠡ ᠮᠠᠩᠬᠢᠵᠢᠭᠰᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠢᠭᠡᠨᠲᠡ ᠠᠵᠢᠯ ᠡᠬᠢᠯᠡᠭᠦᠯᠬᠦ ᠶᠢ ᠬᠢᠨᠠᠨ ᠵᠦᠪᠰᠢᠶᠡᠷᠡᠬᠦᠯᠦᠭᠰᠡᠨ ᠪᠦᠭᠡᠳ ᠠᠵᠢᠯ ᠳᠠᠭᠤᠰᠬᠠᠭᠠᠳᠤᠢ ᠲᠥᠷᠥᠯ ᠵᠦᠢᠯ ᠢ ᠬᠢᠨᠠᠨ ᠡᠵᠡᠮᠳᠡᠬᠦ ᠲᠠᠪᠴᠠᠩ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠳᠤ ᠣᠷᠣᠭᠤᠯᠤᠭᠰᠠᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠠᠴᠠ ᠡᠯ᠎ᠡ ᠬᠤᠲᠠ ᠶᠢᠨ ᠵᠢᠯ ᠤᠨ ᠠᠵᠢᠯ ᠤᠨ ᠬᠢᠨᠠᠨ ᠰᠢᠯᠭᠠᠯᠳᠠ ᠳᠤ ᠬᠤᠪᠢ ᠣᠯᠭᠤᠬᠤ ᠦᠨᠳᠦᠰᠦᠯᠡᠯ ᠪᠣᠯᠭᠠᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭᠠᠨ ᠤ ᠰᠠᠯᠠᠭ᠎ᠠ ᠮᠥᠴᠢᠷ ᠪᠣᠯᠣᠨ ᠪᠠᠷᠢᠯᠭ᠎ᠠ ᠶᠢᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠠᠵᠢᠯ ᠡᠬᠢᠯᠡᠬᠦ ᠵᠦᠪᠰᠢᠶᠡᠷᠡᠯ ᠤᠨ ᠭᠠᠷᠳᠠᠮ ᠢ ᠨᠢᠭᠡᠨᠲᠡ ᠭᠦᠢᠴᠡᠳᠬᠡᠭᠰᠡᠨ ᠪᠥᠭᠡᠳ ᠠᠵᠢᠯ ᠳᠠᠭᠤᠰᠬᠠᠭᠠᠳᠤᠢ ᠲᠥᠷᠥᠯ ᠵᠦᠢᠯ ᠳᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠬᠤ ᠶᠢᠨ ᠬᠠᠮᠲᠤ᠂ ᠠᠵᠢᠯᠴᠢᠨ ᠬᠡᠷᠡᠭᠯᠡᠬᠦ ᠲᠤᠭ᠎ᠠ ᠪᠠᠷᠢᠮᠲᠠ ᠬᠢᠭᠡᠳ ᠴᠠᠯᠢᠩ ᠣᠯᠭᠤᠬᠤ ᠮᠡᠳᠡᠭᠡ ᠵᠠᠩᠭᠢ ᠶᠢᠨ ᠬᠠᠷᠢᠴᠠᠯ ᠢᠶᠠᠷ ᠳᠠᠮᠵᠢᠨ ᠴᠠᠯᠢᠩ ᠣᠯᠭᠤᠬᠤ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠬᠦᠯᠦᠨ᠎ᠡ᠃    ︵ᠶᠢᠰᠦ︶ ︽ᠬᠤᠶᠠᠷ ᠲᠤ ᠰᠠᠭᠤᠵᠤ ᠬᠤᠶᠠᠷ ᠢ ᠪᠠᠶᠢᠴᠠᠭᠠᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭᠠᠨ ᠤ ᠰᠠᠯᠠᠭ᠎ᠠ ᠮᠥᠴᠢᠷ᠂ ᠪᠠᠷᠢᠯᠭ᠎ᠠ ᠶᠢᠨ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠡᠬᠢᠯᠡᠬᠦ ᠠᠴᠠ ᠳᠠᠭᠤᠰᠲᠠᠯ᠎ᠠ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠠᠷ᠎ᠠ ᠪᠦᠷᠢ ᠪᠠᠶᠢᠴᠠᠭᠠᠯᠲᠠ ᠬᠢᠵᠦ᠂ ᠴᠠᠯᠢᠩ ᠥᠷᠢᠲᠦᠬᠦ ᠬᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠬᠦ ᠶᠢᠨ ᠬᠠᠮᠲᠤ᠂ ᠪᠠᠶᠢᠴᠠᠭᠠᠯᠳᠠ ᠶᠢᠨ ᠡᠳᠦᠷ ᠤᠨ ᠲᠡᠮᠳᠡᠭᠯᠡᠯ ᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠳᠤ ᠲᠠᠮᠵᠢᠭᠤᠯᠬᠤ ᠬᠡᠷᠡᠭᠲᠡᠢ᠃    ︵ᠠᠷᠪᠠ︶ ᠴᠠᠯᠢᠩ ᠮᠦᠩᠬᠦ ᠶᠢᠨ ᠲᠤᠰᠬᠠᠢ ᠬᠠᠮᠢᠶᠠᠷᠤᠭᠴᠢ ᠳᠤ ᠬᠢᠨᠠᠯᠲᠠ ᠲᠠᠯᠪᠢᠵᠤ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢ ᠰᠠᠶᠢᠨ ᠬᠢᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭᠠᠨ ᠤ ᠰᠠᠯᠠᠭ᠎ᠠ ᠮᠥᠴᠢᠷ᠂ ᠪᠠᠷᠢᠯᠭ᠎ᠠ ᠶᠢᠨ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠯᠢᠩ ᠮᠦᠩᠬᠦ ᠶᠢᠨ ᠲᠤᠰᠬᠠᠢ ᠬᠠᠮᠢᠶᠠᠷᠤᠭᠴᠢ ᠶᠢ ᠱᠠᠭᠠᠷᠳᠠᠵᠤ ᠪᠠᠶᠢᠭᠠᠳ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ ᠬᠥᠳᠡᠯᠮᠦᠷᠢ ᠬᠦᠴᠦᠨ ᠬᠡᠷᠡᠭᠯᠡᠬᠦ ᠳᠤ ᠬᠢᠨᠠᠯᠳᠠ ᠬᠠᠮᠢᠶᠠᠷᠤᠯᠳᠠ ᠬᠢᠯᠬᠡᠵᠦ᠂ ᠬᠦᠯᠦᠰᠦᠨ ᠠᠵᠢᠯᠴᠢᠨ ᠤ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠨᠡᠳᠭᠡᠨ᠂ ᠪᠠᠷᠢᠯᠭ᠎ᠠ ᠶᠢᠨ ᠭᠠᠵᠠᠷ ᠤᠨ ᠬᠦᠮᠦᠨ ᠬᠡᠷᠡᠭᠯᠡᠬᠦ᠂ ᠠᠵᠢᠯ ᠳᠤ ᠭᠠᠷᠬᠤ ᠶᠢ ᠰᠢᠯᠭᠠᠬᠤ᠂ ᠴᠠᠯᠢᠩ ᠬᠦᠯᠦᠰᠦ ᠣᠯᠭᠤᠬᠤ ᠵᠡᠷᠭᠡ ᠪᠠᠶᠢᠳᠠᠯ ᠢ ᠡᠵᠡᠮᠰᠢᠵᠦ᠂ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ ᠵᠤᠬᠢᠶᠠᠭᠰᠠᠨ ᠴᠠᠯᠢᠩ ᠤᠨ ᠬᠦᠰᠦᠨᠦᠭᠲᠦ ᠶᠢ ᠬᠢᠨᠠᠨ ᠬᠠᠷᠭᠤᠭᠤᠯᠬᠤ ᠶᠢᠨ ᠬᠠᠮᠲᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠲᠠᠩᠰᠠ ᠶᠢ ᠪᠠᠶᠢᠭᠤᠯᠤᠨ᠂ ᠠᠵᠢᠯᠴᠢᠨ ᠬᠡᠷᠡᠭᠯᠡᠬᠦ ᠪᠠ ᠴᠠᠯᠢᠩ ᠣᠯᠭᠤᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ  ᠳᠤᠨᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠳᠤ ᠳᠠᠮᠵᠢᠭᠤᠯᠬᠤ ᠬᠡᠷᠡᠭᠲᠡᠢ᠃    ︵ᠠᠷᠪᠠᠨ ᠨᠢᠭᠡ︶ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭᠠᠨ ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠬᠤᠶᠠᠷ ᠢ ᠰᠤᠭᠤᠴᠢᠨ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠵᠡᠷᠭᠡ ᠠᠷᠭ᠎ᠠ ᠬᠡᠯᠪᠡᠷᠢ ᠪᠠᠷ ᠬᠤᠨᠤᠭ ᠪᠠᠶᠢᠷᠢ᠂ ᠬᠤᠭᠤᠯᠠ ᠤᠮᠳᠠ᠂ ᠡᠳ᠋ᠰᠢᠭᠦᠯᠦᠨ ᠦᠢᠯᠡᠳᠬᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠰᠠᠭᠤᠭᠠᠯᠢ ᠠᠷᠠᠳ ᠤᠨ ᠦᠢᠯᠡᠴᠢᠯᠡᠭᠡ ᠵᠡᠷᠭᠡ ᠬᠦᠯᠦᠰᠦᠨ ᠠᠵᠢᠯᠴᠢᠨ ᠭᠡᠷᠡᠭᠯᠡᠬᠦ ᠨᠢ ᠣᠯᠠᠨ ᠠᠵᠢᠯ ᠲᠥᠷᠥᠯ ᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠬᠥᠮᠥᠨ ᠬᠡᠷᠡᠭᠯᠡᠬᠦ ᠨᠢᠭᠡᠴᠡ ᠶᠢ ᠱᠠᠭᠠᠷᠳᠠᠵᠤ ᠪᠠᠶᠢᠭᠠᠳ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃    ᠳᠥᠷᠪᠡ᠂ ᠬᠠᠤᠯᠢ ᠪᠤᠰᠤ ᠦᠶ᠋ᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    ︵ᠠᠷᠪᠠᠨ ᠬᠤᠶᠠᠷ︶ ᠴᠠᠯᠢᠩ ᠦᠷᠢᠳᠦᠬᠦ ᠬᠡᠷᠡᠭ ᠢ ᠬᠠᠷᠭᠤᠭᠤᠯᠤᠨ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠴᠠᠯᠢᠩ ᠥᠷᠢᠲᠦᠬᠦ ᠬᠡᠷᠡᠭ ᠢ ᠰᠢᠢᠳᠪᠦᠷᠢᠯᠡᠭᠰᠡᠨ ᠶᠠᠰᠤ ᠴᠢᠨᠠᠷ ᠦᠷ᠎ᠡ ᠪᠦᠲᠦᠮᠵᠢ ᠥᠨᠳᠥᠷ ᠪᠢᠰᠢ ᠠᠰᠠᠭᠤᠳᠠᠯ ᠳᠤ ᠴᠢᠭᠯᠡᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ︽1 ᠡᠳᠦᠷ ᠲᠤ ᠰᠦᠪᠡᠭᠴᠢ ᠶᠢ ᠭᠥᠯᠢᠶᠡᠨ ᠠᠪᠴᠤ᠂ 5 ᠡᠳᠦᠷ ᠲᠤ ᠰᠢᠢᠳᠪᠦᠷᠢᠯᠡᠬᠦ ᠰᠠᠨᠠᠯ ᠭᠠᠷᠭᠠᠵᠤ᠂ 15 ᠡᠳᠦᠷ ᠲᠤ ᠰᠢᠢᠳᠪᠦᠷᠢᠯᠡᠵᠦ ᠳᠠᠭᠤᠰᠬᠠᠬᠤ︾ ᠪᠠ ︽ᠥᠪᠡᠷᠲᠡᠭᠡᠨ ᠵᠠᠰᠠᠬᠤ ᠣᠷᠣᠨ ᠤ ᠴᠠᠯᠢᠩ ᠥᠷᠢᠲᠦᠭᠰᠡᠨ ᠭᠡᠷᠡᠭ ᠤᠨ ᠰᠦᠪᠡᠭᠴᠢ ᠶᠢ ᠲᠤᠰᠬᠠᠬᠤ ᠲᠠᠪᠴᠠᠩ ᠳᠤ ᠲᠤᠰᠬᠠᠭᠰᠠᠨ ᠤ ᠳᠠᠷᠠᠭ᠎ᠠ᠂ ᠭᠠᠷ ᠤᠳᠠᠰᠤᠨ ᠤ ᠴᠠᠬᠢᠮ ᠮᠡᠳᠡᠭᠡᠨ ᠤ ᠬᠡᠯᠪᠡᠷᠢ ᠪᠠᠷ ᠳᠠᠮᠵᠢᠨ᠂ ᠬᠡᠷᠡᠭ ᠢ ᠭᠥᠯᠢᠶᠡᠨ ᠠᠪᠬᠤ᠂ ᠰᠢᠢᠳᠪᠦᠷᠢᠯᠡᠬᠦ᠂ ᠦᠷ᠎ᠡ ᠳ᠋ᠦᠩ ᠢ ᠮᠡᠳᠡᠭᠳᠡᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠢᠳᠪᠦᠷᠢᠯᠡᠵᠦ ᠲᠠᠭᠤᠰᠬᠠᠭᠰᠠᠨ ᠤ ᠲᠠᠷᠠᠭ᠎ᠠ ᠬᠠᠷᠢᠭᠤ ᠰᠤᠷᠪᠤᠯᠵᠢᠯᠠᠵᠤ ᠬᠠᠨᠤᠮᠵᠢ ᠶᠢᠨ ᠪᠠᠶᠢᠳᠠᠯ ᠢ ᠠᠰᠠᠭᠤᠬᠤ ᠬᠡᠷᠡᠭᠲᠡᠢ᠃ ᠬᠤᠳᠠᠯ ᠬᠠᠭᠤᠷᠮᠠᠭ ᠢᠶᠠᠷ ᠬᠡᠷᠡᠭ ᠢ ᠳᠠᠭᠤᠰᠬᠠᠭᠰᠠᠨ ᠵᠡᠷᠭᠡ ᠪᠠᠶᠢᠳᠠᠯ ᠤᠷᠤᠰᠢᠪᠠᠯ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠢᠯᠭᠠᠨ ᠪᠠᠶᠢᠴᠠᠭᠠᠯᠳᠠ  ᠶᠢᠨ ᠬᠤᠪᠢ ᠬᠠᠰᠤᠬᠤ ᠵᠦᠢᠯ ᠳᠤ ᠣᠷᠣᠭᠤᠯᠤᠨ᠎ᠠ᠃    ︵ᠠᠷᠪᠠᠨ ᠭᠤᠷᠪᠠ︶ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠ ᠨᠡᠶᠢᠭᠡᠮ ᠨᠡᠶᠢᠲᠡ ᠳᠤ ᠨᠡᠶᠢᠲᠡᠯᠡᠬᠦ ᠠᠵᠢᠯ ᠢ ᠰᠠᠶᠢᠨ ᠬᠢᠨ᠎ᠡ᠃ ᠴᠠᠯᠢᠩ ᠥᠷᠢᠲᠦᠬᠦ ᠬᠠᠤᠯᠢ ᠪᠤᠰᠤ ᠦᠶ᠋ᠯᠡ ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠡᠷᠴᠢᠮ ᠰᠤᠯᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠴᠠᠯᠢᠩ ᠥᠷᠢᠲᠦᠬᠦ ᠬᠠᠤᠯᠢ ᠪᠤᠰᠤ ᠦᠶ᠋ᠯᠡ ᠠᠵᠢᠯᠯᠠᠭ᠎ᠠ ᠶᠢ ︽ᠬᠡᠷᠡᠭ ᠪᠣᠯᠭᠠᠨ ᠳᠠᠩᠰᠠᠯᠠᠬᠤ ᠶᠣᠰᠣᠲᠠᠢ ᠪᠠᠶᠢᠪᠠᠯ ᠵᠠᠪᠠᠯ ᠬᠡᠷᠡᠭ ᠪᠣᠯᠭᠠᠨ ᠳᠡᠩᠰᠡᠯᠡᠵᠦ︾᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠭᠡᠯ ᠲᠤᠷᠭᠤᠭᠤᠯᠢ ᠦᠭᠬᠦᠨ᠎ᠡ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠨᠦᠬᠦᠴᠡᠯ ᠪᠠᠶᠢᠳᠠᠯ ᠳᠤ ᠨᠡᠶᠢᠴᠡᠭᠰᠡᠳ ᠢ ︽ᠵᠠᠯᠬᠠᠭᠠᠨ ᠴᠡᠭᠡᠷᠯᠡᠭᠦᠯᠬᠦ ᠢᠲᠡᠭᠡᠯ ᠠᠯᠳᠠᠭᠰᠠᠳ ᠤᠨ ᠨᠡᠷᠡᠰ︾ ᠲᠤ ᠤᠷᠤᠭᠤᠯᠤᠨ᠎ᠠ᠃ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠨᠢ ᠪᠠᠷᠢᠯᠭ᠎ᠠ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠵᠠᠯᠬᠠᠭᠠᠨ ᠴᠡᠭᠡᠷᠯᠡᠭᠦᠯᠬᠦ ᠢᠲᠡᠭᠡᠯ ᠠᠯᠳᠠᠭᠰᠠᠳ ᠤᠨ ᠨᠡᠷᠡᠰ︾ ᠲᠤ ᠤᠷᠤᠭᠰᠠᠨ ᠠᠵᠤ ᠠᠬᠤᠶᠢᠯᠠᠯ ᠳᠤ ᠵᠠᠯᠬᠠᠭᠠᠨ ᠴᠡᠭᠡᠷᠯᠡᠭᠦᠯᠬᠦ ᠠᠷᠭ᠎ᠠ ᠲᠦᠷᠢᠮ ᠢ ᠭᠡᠷᠡᠭᠵᠢᠬᠦᠯᠦᠨ᠎ᠡ᠂ ᠡᠬᠦᠨ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠲᠠᠭᠠᠭᠠᠴᠢᠯᠠᠯ ᠳᠤ ᠣᠷᠣᠯᠴᠠᠬᠤ ᠬᠢᠷᠢ ᠬᠡᠮ ᠢ ᠬᠦᠴᠦᠨ ᠦᠭᠡᠢ ᠪᠣᠯᠭᠠᠬᠤ᠂ ᠲᠦᠷᠦᠯ ᠵᠦᠢᠯ ᠤᠨ ᠵᠥᠪᠰᠢᠶᠡᠷᠡᠯ ᠢ ᠬᠢᠵᠠᠭᠠᠷᠯᠠᠬᠤ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠲᠦᠷᠦᠯ ᠵᠦᠢᠯ ᠤᠨ ᠡᠷᠡᠮᠡᠯᠵᠡᠯ ᠢ ᠬᠢᠵᠠᠭᠠᠷᠯᠠᠬᠤ ᠵᠡᠷᠭᠡ ᠪᠠᠭᠲᠠᠨ᠎ᠠ᠃ 1 ᠵᠢᠯ ᠤᠨ ᠳᠣᠲᠣᠷ᠎ᠠ 3 ᠤᠳᠠᠭ᠎ᠠ ᠠᠴᠠ ᠳᠡᠭᠡᠭᠰᠢ ᠪᠤᠶᠤ 3 ᠵᠢᠯ ᠳᠠᠷᠠᠭᠠᠯᠠᠨ ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠣᠷᠣᠭᠤᠯᠬᠤ ᠵᠦᠪᠰᠢᠶᠡᠷᠡᠯ ᠵᠡᠷᠭᠡ ᠲᠠᠯ᠎ᠠ ᠪᠠᠷ ᠬᠢᠵᠠᠭᠠᠷᠯᠠᠬᠤ ᠶᠢᠨ ᠬᠠᠮᠲᠤ᠂ ᠬᠠᠮᠢᠶ᠎ᠠ ᠪᠦᠬᠦᠢ ᠲᠦᠷᠢᠮ ᠲᠣᠭᠲᠠᠭᠠᠯ ᠶᠣᠰᠣᠭᠠᠷ᠂ ᠬᠠᠤᠯᠢ ᠪᠤᠰᠤ ᠦᠶ᠋ᠯᠡ ᠠᠵᠢᠯᠯᠠᠭ᠎ᠠ ᠶᠢ ᠨᠢ ᠤᠯᠠᠷᠢᠯ ᠪᠦᠷᠢ ᠨᠡᠶᠢᠭᠡᠮ ᠨᠡᠶᠢᠲᠡ ᠳᠤ ᠨᠡᠶᠢᠳᠡᠯᠡᠨ ᠮᠡᠳᠡᠭᠳᠡᠨ᠎ᠡ᠃    ︵ᠠᠷᠪᠠᠨ ᠳᠥᠷᠪᠡ︶ ᠬᠠᠤᠯᠢ ᠪᠤᠰᠤ ᠪᠠᠷ ᠴᠠᠯᠢᠩ ᠨᠡᠬᠡᠬᠦ ᠦᠶ᠋ᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠨ᠎ᠡ᠃ ᠬᠥᠳᠡᠯᠮᠦᠷᠢ ᠦᠢᠯᠡᠴᠢᠯᠡᠭᠡᠨ ᠤ ᠵᠢᠭᠤᠷᠠᠯᠳᠤᠭᠠᠨ ᠢᠶᠠᠷ ᠰᠢᠯᠲᠠᠭ ᠪᠣᠯᠭᠠᠵᠤ ᠬᠠᠤᠯᠢ ᠪᠤᠰᠤ ᠪᠠᠷ ᠴᠠᠯᠢᠩ ᠨᠡᠬᠡᠵᠦ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠰᠠᠮᠠᠭᠤᠷᠠᠭᠤᠯᠤᠭᠰᠠᠨ ᠠᠰᠠᠭᠤᠳᠠᠯ ᠳᠤ ᠴᠢᠭᠯᠡᠬᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠴᠠᠯᠢᠩ ᠨᠡᠬᠡᠬᠦ ᠶᠠᠪᠤᠴᠠ ᠳᠠᠬᠢ ᠠᠯᠪᠠᠨ ᠠᠵᠢᠯ ᠤᠨ ᠡᠮᠬᠢ ᠵᠢᠷᠤᠮ ᠢ ᠬᠠᠷᠰᠢᠯᠠᠬᠤ ᠪᠤᠶᠤ ᠰᠠᠮᠠᠭᠤᠷᠠᠭᠤᠯᠬᠤ᠂ ᠤᠯᠠᠨ ᠢ ᠴᠤᠭᠯᠠᠭᠤᠯᠤᠨ ᠬᠡᠷᠡᠭ ᠥᠳᠥᠭᠡᠵᠦ ᠤᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠬᠤ᠂ ᠦᠨᠡᠨ ᠪᠣᠳᠠᠲᠠᠢ ᠪᠤᠰᠤ ᠦᠭᠡ ᠶᠠᠷᠢᠶ᠎ᠠ ᠲᠠᠷᠬᠠᠭᠠᠬᠤ ᠵᠡᠷᠭᠡ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠬᠦᠨ᠎ᠡ᠃    ︵ᠠᠷᠪᠠᠨ ᠲᠠᠪᠤ︶ ᠴᠠᠯᠢᠩ ᠥᠷᠢᠲᠦᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠨᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠴᠠᠯᠢᠩ ᠥᠷᠢᠲᠦᠬᠦ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠴᠠᠯᠢᠩ ᠥᠷᠢᠲᠦᠬᠦ ᠬᠠᠷᠢᠭᠤᠴᠠᠯᠭ᠎ᠠ ᠶᠢᠨ ᠭᠤᠤᠯ ᠴᠣᠭᠴᠠ ᠳᠤ ᠬᠠᠤᠯᠢ ᠬᠡᠷᠡᠭᠵᠢᠭᠦᠯᠬᠦ ᠠᠵᠢᠯ ᠢ ᠦᠷᠨᠢᠬᠦᠯᠦᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠳ᠋ ᠬᠥᠷᠥᠩᠭᠡ ᠶᠢ ᠰᠢᠯᠵᠢᠭᠦᠯᠬᠦ᠂ ᠣᠷᠭᠤᠨ ᠳᠠᠯᠳᠠᠯᠠᠬᠤ ᠵᠡᠷᠭᠡ ᠠᠷᠭ᠎ᠠ ᠮᠠᠶ᠋ᠢᠭ ᠢᠶᠠᠷ ᠬᠥᠳᠡᠯᠮᠦᠷᠢᠴᠢᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠥᠭᠬᠦ ᠠᠴᠠ ᠵᠠᠶᠢᠯᠠᠭᠰᠠᠨ ᠪᠤᠶᠤ ᠥᠭᠬᠦ ᠴᠢᠳᠠᠪᠤᠷᠢ ᠲᠠᠢ ᠪᠠᠶᠢᠭᠠᠳ ᠬᠥᠳᠡᠯᠮᠦᠷᠢᠴᠢᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠥᠭᠬᠦ ᠦᠭᠡᠢ ᠪᠠᠶᠢᠵᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠥᠭᠭᠦᠭᠦᠯᠬᠦ ᠪᠠᠷ ᠱᠠᠭᠠᠷᠳᠠᠭᠰᠠᠨ ᠪᠣᠯᠪᠠᠴᠤ ᠮᠥᠨ ᠬᠦ᠋ ᠥᠭᠬᠦ ᠦᠭᠡᠢ ᠪᠠᠶᠢᠭ᠎ᠠ ᠰᠡᠵᠢᠭᠯᠡᠯᠲᠡᠢ ᠦᠶ᠋ᠯᠡ ᠠᠵᠢᠯᠯᠠᠭ᠎ᠠ ᠶᠢ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠢ ᠦᠢᠯᠡ ᠠᠵᠢᠯᠯᠠᠭ᠎ᠠ ᠶᠢ ᠲᠦᠷᠭᠡᠨ ᠪᠠᠶᠢᠴᠠᠭᠠᠵᠤ᠂ ᠲᠦᠷᠭᠡᠨ ᠰᠢᠢᠳᠪᠦᠷᠢᠯᠡᠬᠦ ᠬᠡᠷᠡᠭᠲᠡᠢ᠃    ︵ᠠᠷᠪᠠᠨ ᠵᠢᠷᠭᠤᠭ᠎ᠠ︶ ᠬᠠᠭᠤᠴᠢᠨ ᠥᠷᠢ ᠰᠢᠷᠢ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠵᠠᠷᠢᠮ ᠬᠠᠭᠤᠴᠢᠨ ᠥᠷᠢ ᠰᠢᠷᠢ ᠶᠢᠨ ᠲᠠᠷᠤᠭᠳᠠᠮᠠᠯ ᠬᠡᠷᠡᠭ ᠢ ᠰᠢᠢᠳᠪᠦᠷᠢᠯᠡᠬᠦ ᠦᠭᠡᠢ ᠤᠳᠠᠭᠠᠰᠢᠷᠠᠭᠤᠯᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠵᠦ ᠪᠠᠶᠢᠭᠠᠳ ᠬᠠᠭᠤᠴᠢᠨ ᠥᠷᠢ ᠰᠢᠷᠢ ᠶᠢᠨ ᠬᠡᠷᠡᠭ ᠢ ᠵᠣᠬᠢᠴᠠᠭᠤᠯᠤᠨ ᠰᠢᠢᠳᠪᠦᠷᠢᠯᠡᠵᠦ᠂ ᠪᠡᠯᠡ ᠮᠥᠩᠭᠦ ᠶᠢᠨ ᠬᠡᠯᠬᠢᠶ᠎ᠡ ᠲᠠᠰᠤᠷᠠᠭᠰᠠᠨ᠂ ᠬᠠᠭᠠᠰ ᠬᠠᠶᠠᠭᠳᠠᠭᠰᠠᠨ ᠪᠠᠷᠢᠯᠭ᠎ᠠ᠂ ᠮᠦᠩᠬᠦ ᠵᠣᠭᠤᠰ ᠤᠨ ᠬᠠᠮᠢᠶᠠᠳᠠᠢ ᠵᠠᠭᠠᠯᠳᠤᠯᠭ᠎ᠠ ᠰᠤᠷᠪᠤᠯᠵᠢᠯᠠᠭ᠎ᠠ ᠲᠤᠰᠬᠠᠭᠰᠠᠨ ᠵᠡᠷᠭᠡ ᠠᠰᠠᠭᠤᠳᠠᠯ ᠪᠤᠶᠤ ᠪᠠᠷᠢᠯᠭ᠎ᠠ ᠶᠢᠨ ᠶᠠᠰᠤ ᠴᠢᠨᠠᠷ᠂ ᠬᠥᠳᠡᠯᠮᠦᠷᠢ ᠦᠢᠯᠡᠴᠢᠯᠡᠭᠡ ᠶᠢᠨ ᠵᠢᠭᠤᠷᠠᠯᠳᠤᠭᠠᠨ ᠵᠡᠷᠭᠡ ᠪᠠᠶᠢᠳᠠᠯ ᠣᠷᠣᠰᠢᠵᠤ ᠪᠠᠶᠢᠪᠠᠯ ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠪᠠᠷ ᠳᠠᠮᠵᠢᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢᠨ ᠭᠡᠰᠢᠬᠦᠨ ᠨᠢᠭᠡᠴᠡ ᠨᠦᠭᠦᠳ ᠨᠢ ᠨᠢᠭᠲᠠ ᠬᠠᠮᠵᠢᠯᠴᠠᠵᠤ᠂ ᠡᠶᠡᠳᠡᠬᠦᠯᠬᠡ ᠶᠢᠨ ᠡᠷᠴᠢᠮ ᠢ ᠴᠢᠩᠭᠠᠷᠠᠭᠤᠯᠬᠤ᠂ ᠬᠠᠤᠯᠢ ᠶᠢᠨ ᠨᠤᠲᠠᠯᠠᠯᠲᠠ ᠶᠢ ᠴᠠᠭ ᠲᠤᠬᠠᠢ ᠳᠤᠨᠢ ᠬᠢᠬᠦ᠂ ᠬᠥᠳᠡᠯᠮᠦᠷᠢ ᠶᠢᠨ ᠵᠢᠭᠤᠷᠠᠭᠠᠨ ᠢ ᠬᠥᠨᠳᠡᠯᠡᠨ ᠠᠴᠠ ᠲᠠᠰᠤᠯᠬᠤ᠂ ᠵᠠᠷᠭᠤ ᠶᠢᠨ ᠦᠢᠯᠡᠴᠢᠯᠡᠭᠡᠨ ᠤ ᠬᠠᠷᠰᠢ ᠰᠠᠭᠠᠳ ᠦᠬᠡᠢ ᠠᠷᠭ᠎ᠠ ᠵᠠᠮ ᠢ ᠨᠡᠪᠳᠡᠷᠡᠬᠦᠯᠬᠦ᠂ ᠵᠠᠷᠭᠤ ᠶᠢᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ᠂ ᠲᠠᠷᠤᠭᠳᠠᠮᠠᠯ ᠬᠠᠭᠤᠴᠢᠨ ᠬᠡᠷᠡᠭ ᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃    ᠲᠠᠪᠤ᠂ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠪᠠᠳᠤᠯᠠᠭᠠᠨ ᠤ ᠰᠢᠰᠲ᠋ᠧᠮᠵᠢ ᠶᠢ ᠲᠡᠬᠦᠯᠳᠡᠷᠵᠢᠬᠦᠯᠦᠨ᠎ᠡ᠃    ︵ᠠᠷᠪᠠᠨ ᠳᠣᠯᠤᠭ᠎ᠠ︶ ᠰᠢᠯᠭᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠢᠨᠠᠨ ᠰᠢᠯᠭᠠᠬᠤ  ︽ᠳᠣᠬᠢᠭᠤᠷ︾ ᠤᠨ ᠦᠢᠯᠡᠳᠦᠯ ᠢᠶᠠᠨ ᠰᠠᠶᠢᠳᠤᠷ ᠪᠠᠳᠠᠷᠠᠭᠤᠯᠬᠤ ᠦᠭᠡᠢ᠂ ᠡᠳᠦᠷ ᠲᠤᠲᠤᠮ ᠤᠨ ᠬᠢᠨᠠᠯᠲᠠ ᠲᠠᠯᠪᠢᠬᠤ ᠡᠷᠴᠢᠮ ᠢᠶᠠᠷ ᠬᠦᠷᠦᠯᠴᠡᠬᠦ ᠦᠭᠡᠢ ᠪᠠᠶᠢᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠨᠢ ᠲᠣᠰ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠢ ᠬᠢᠨᠠᠨ ᠰᠢᠯᠭᠠᠵᠤ᠂ ᠰᠢᠯᠢᠳᠡᠭ ᠢ ᠨᠢ ᠰᠠᠶᠢᠰᠢᠶᠠᠨ ᠬᠦᠬᠢᠬᠦᠯᠵᠦ᠂ ᠠᠵᠢᠯ ᠳᠠᠭᠠᠨ ᠬᠢᠷᠢ ᠲᠡᠩᠴᠡᠭᠰᠡᠨ ᠦᠭᠡᠢ᠂ ᠴᠠᠯᠢᠩ ᠥᠷᠢᠲᠦᠬᠦ ᠠᠰᠠᠭᠤᠳᠠᠯ ᠣᠯᠠᠨ ᠭᠠᠷᠤᠭᠰᠠᠨ ᠭᠠᠵᠠᠷ ᠣᠷᠣᠨ᠂ ᠡᠰᠡᠬᠦᠯ᠎ᠡ ᠡᠭᠦᠷᠭᠡ ᠬᠠᠷᠢᠭᠤᠴᠠᠯᠭ᠎ᠠ ᠪᠠᠨ ᠰᠠᠶᠢᠨ ᠭᠦᠢᠴᠡᠳᠬᠡᠭᠰᠡᠨ ᠦᠭᠡᠢ ᠰᠠᠯᠠᠭ᠎ᠠ ᠮᠥᠴᠢᠷ ᠲᠤ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠨ᠎ᠠ᠃    ︵ᠠᠷᠪᠠᠨ ᠨᠠᠢᠮᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠯᠦᠭᠡ ᠬᠠᠮᠲᠤᠷᠠᠨ ᠠᠵᠢᠯᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠤᠨ ᠠᠬᠢᠴᠠ ᠶᠢ ᠲᠤᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠠᠷ᠎ᠠ ᠪᠦᠷᠢ ᠮᠡᠳᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠵᠡᠷᠭᠡ ᠪᠠᠶᠢᠳᠠᠯ ᠢ ᠴᠠᠭ ᠲᠤᠬᠠᠢ ᠳᠤᠨᠢ ᠱᠠᠭᠠᠷᠳᠠᠵᠤ ᠰᠠᠨᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢᠨ ᠠᠯᠪᠠᠨ ᠭᠡᠷ ᠠᠴᠠ ᠵᠣᠬᠢᠴᠠᠭᠤᠯᠬᠤ ᠪᠠᠶᠢᠭᠤᠯᠤᠮᠵᠢ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭ ᠶᠠᠪᠤᠳᠠᠯ ᠳᠤ ᠬᠤᠯᠪᠣᠭᠳᠠᠭᠰᠠᠨ ᠠᠶᠢᠮᠠᠭ ᠬᠤᠲᠠ ᠶᠢᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠥᠮᠥᠰ ᠲᠠᠢ ᠪᠣᠯᠵᠣᠨ ᠶᠠᠷᠢᠯᠴᠠᠵᠤ᠂ ᠬᠠᠷᠢᠯᠴᠠᠨ ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ᠂ ᠴᠡᠭᠴᠡᠯᠡᠨ ᠰᠠᠶᠢᠵᠢᠷᠠᠭᠤᠯᠤᠭᠰᠠᠨ ᠨᠢ ᠡᠷᠴᠢᠮ ᠦᠭᠡᠢ ᠠᠴᠠ ᠪᠣᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠡᠢ᠃    ︵ᠠᠷᠪᠠ ᠶᠢᠰᠦ︶ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠡᠩᠨᠡᠭᠡᠨ ᠤ ᠬᠦᠴᠦᠨ ᠪᠠᠭᠤᠷᠠᠢ᠂ ᠵᠠᠷᠤᠳᠠᠯ ᠤᠨ ᠪᠠᠲᠤᠯᠠᠭ᠎ᠠ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠣᠷᠣᠨ ᠳᠣᠲᠣᠷᠠᠬᠢ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠬᠤ ᠭᠤᠣᠯ ᠴᠣᠭᠴᠠ ᠪᠠ ᠲᠠᠰ ᠳᠠᠪᠬᠤᠷᠭ᠎ᠠ ᠶᠢ ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠬᠦᠴᠦᠨ ᠢ ᠲᠡᠭᠦᠯᠳᠡᠷᠵᠢᠭᠦᠯᠦᠨ᠂ ᠠᠵᠢᠯᠲᠠᠨ ᠤ ᠲᠣᠬᠢᠷᠠᠭᠤᠯᠤᠯᠲᠠ ᠶᠢ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭᠠᠨ ᠤ ᠠᠵᠢᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠱᠠᠭᠠᠷᠳᠠᠯᠭ᠎ᠠ ᠳᠤ ᠤᠯᠠᠮ ᠢᠯᠡᠭᠦᠦ ᠨᠡᠶᠢᠴᠡᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠥᠳᠡᠯᠮᠦᠷᠢ ᠶᠢᠨ ᠪᠠᠳᠤᠯᠠᠭᠠᠨ ᠤ ᠬᠢᠨᠠᠨ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ ᠭᠡᠷᠡᠭᠳᠡᠢ᠃    ︵ᠬᠤᠷᠢ︶ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠡᠩᠨᠡᠭᠡᠨ ᠤ ᠬᠢᠷᠢ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ︽ᠴᠢᠩᠭ᠎ᠠ ᠂ ᠲᠦᠷᠢᠮᠵᠢᠬᠦᠨ᠂ ᠭᠤᠥᠯᠴᠢ᠂ ᠪᠣᠯᠪᠠᠰᠤᠨ ︾ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠬᠠᠮᠢᠶ᠎ᠠ ᠪᠦᠬᠦᠢ ᠠᠵᠢᠯᠲᠠᠨ ᠤ ᠲᠤᠬᠠᠶᠢᠯᠠᠭᠰᠠᠨ ᠠᠵᠢᠯ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠤᠨ᠂ ᠬᠦᠯᠦᠰᠦᠨ ᠠᠵᠢᠯᠴᠢᠨ ᠤ ᠴᠠᠯᠢᠩ ᠤᠯᠭᠤᠮᠵᠢ ᠶᠢ ᠪᠠᠳᠤᠯᠠᠬᠤ ᠵᠡᠷᠭᠡ ᠬᠥᠳᠡᠯᠮᠦᠷᠢ ᠶᠢᠨ ᠪᠠᠳᠤᠯᠠᠭᠠᠨ ᠤ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠳᠠᠭᠠᠭᠠᠮᠠᠯ᠂ ᠴᠠᠯᠢᠩ ᠤᠨ ᠲᠤᠰᠬᠠᠢ ᠬᠠᠮᠢᠶᠠᠷᠤᠭᠴᠢ ᠵᠡᠷᠭᠡ ᠬᠠᠮᠢᠶ᠎ᠠ ᠪᠦᠬᠦᠢ ᠠᠵᠢᠯᠲᠠᠨ ᠤ ᠪᠣᠯᠪᠠᠰᠤᠷᠠᠯ ᠢ ᠰᠠᠶᠢᠨ ᠬᠢᠵᠦ᠂ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号