ᠤᠢᠢᠷ᠎ᠡ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠰᠠᠨᠠᠯ︾ ᠢ | ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ︽ᠰᠠᠨᠠᠯ︾ ᠤᠨ ᠪᠥᠬᠦ ᠠᠭᠤᠯᠭ᠎ᠠ ᠨᠢ ᠳᠤᠤᠷᠠᠬᠢ ᠮᠡᠲᠦ᠄ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠲᠦᠷᠢᠮ ᠪᠣᠯ ᠥᠪᠥᠷ ᠮᠣᠩᠭᠤᠯ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠴᠢᠬᠤᠯᠠ ᠪᠦᠬᠦᠢ ᠲᠦᠷᠢᠮ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ | ᠡᠭᠦᠳᠦᠯᠲᠡ ᠪᠣᠯᠤᠨ᠎ᠠ᠂ ᠣᠯᠠᠨ ᠲᠦᠮᠡᠨ ᠤ ᠭᠤᠮᠤᠳᠠᠯ ᠱᠠᠭᠠᠷᠳᠠᠯᠭ᠎ᠠ ᠪᠠᠨ ᠲᠤᠰᠬᠠᠬᠤ ᠳᠤ ᠲᠥᠬᠦᠮ ᠦᠵᠡᠭᠦᠯᠵᠦ᠂ | ᠵᠥᠷᠢᠴᠡᠯ ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠠᠬᠢᠭᠤᠯᠬᠤ ᠳᠤ ᠠᠰᠢᠭᠲᠠᠶ ᠪᠠᠶᠢᠵᠤ᠂ | ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ | ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠠᠬᠢᠳᠠᠯ | ᠰᠤᠷᠪᠤᠯᠵᠢᠯᠠᠯ ᠢ ᠣᠷᠣᠯᠠᠨ ᠭᠦᠢᠴᠡᠳᠭᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ | ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠬᠡ᠂ ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠳᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ︽ᠹᠤᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠤᠷᠢᠳᠴᠢᠯᠠᠨ ᠰᠡᠷᠭᠡᠶᠢᠯᠡᠯᠳᠡ ᠶᠢ ᠬᠠᠤᠯᠢᠵᠢᠭᠤᠯᠬᠤ᠂ | ᠬᠦᠯᠢᠶᠡᠨ ᠠᠪᠴᠤ ᠰᠢᠢᠳᠪᠦᠷᠢᠯᠡᠬᠦ ᠶᠢ ᠬᠠᠤᠯᠢᠵᠢᠭᠤᠯᠬᠤ᠂ ᠭᠦᠢᠴᠡᠳᠭᠡᠨ ᠰᠶᠢᠳᠪᠦᠷᠢᠯᠡᠬᠦ ᠶᠢ ᠬᠠᠤᠯᠢᠵᠢᠭᠤᠯᠬᠤ᠂ | ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠬᠠᠤᠯᠢᠵᠢᠭᠤᠯᠬᠤ᠂ ᠡᠮᠬᠢ ᠵᠢᠷᠤᠮ ᠢ ᠬᠠᠮᠠᠭᠠᠯᠠᠬᠤ ᠶᠢ | ᠬᠠᠤᠯᠢᠵᠢᠭᠤᠯᠬᠤ ᠶᠢ ᠪᠠᠷᠢᠮᠳᠠᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠬᠥᠮᠦᠨ ᠢᠶᠠᠷ | ᠦᠨᠳᠦᠰᠦ ᠪᠣᠯᠭᠠᠬᠤ᠂ ᠡᠷᠬᠡ ᠲᠡᠭᠰᠢ ᠰᠡᠶᠢᠠ ᠳᠤᠷ᠎ᠠ ᠶᠢᠨ᠂ ᠬᠠᠤᠯᠢ ᠶᠣᠰᠣᠭᠠᠷ ᠣᠷᠣᠯᠠᠨ ᠭᠦᠢᠴᠡᠳᠭᠡᠬᠦ ᠶᠢ | ᠪᠠᠷᠢᠮᠳᠠᠯᠠᠵᠤ᠂ ᠣᠯᠠᠨ ᠲᠦᠮᠡᠨ ᠤ ᠭᠤᠮᠤᠳᠠᠯ ᠱᠠᠭᠠᠷᠳᠠᠯᠭ᠎ᠠ ᠪᠠᠨ ᠢᠯᠡᠳᠭᠡᠬᠦ᠂ ᠠᠰᠢᠭ ᠲᠤᠰᠠ ᠶᠢ ᠵᠤᠬᠢᠴᠠᠭᠤᠯᠬᠤ᠂ | ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠨ ᠵᠢᠷᠤᠮᠵᠢᠭᠤᠯᠵᠤ᠂ ᠵᠥᠷᠢᠴᠡᠯ ᠵᠠᠭᠤᠷᠠᠯᠳᠤᠭᠠᠨ ᠢ ᠦᠨᠳᠦᠰᠦᠨ | ᠱᠠᠲᠤᠨ ᠳᠤ ᠠᠷᠢᠯᠭᠠᠬᠤ᠂ ᠴᠤᠬᠤᠶᠢᠵᠤ ᠪᠠᠶᠢᠭ᠎ᠠ ᠪᠠᠶᠢᠳᠠᠯ ᠳᠤ ᠠᠷᠢᠯᠭᠠᠬᠤ᠂ ᠣᠯᠠᠨ ᠲᠦᠮᠡᠨ ᠳᠤ ᠦᠢᠯᠡᠴᠢᠯᠡᠬᠦ ᠶᠢ | ᠠᠬᠢᠭᠤᠯᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠦᠨᠡᠨ ᠬᠦ ᠨᠡᠪᠳᠡᠷᠡᠬᠦᠯᠦᠨ᠎ᠡ᠃ | ᠬᠤᠶᠠᠷ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢ ᠳᠤᠬᠢᠷᠠᠭᠤᠯᠤᠨ᠎ᠠ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠲᠤᠬᠢᠷᠠᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠢᠢᠨ ᠣᠷᠣᠯᠠᠨ ᠭᠦᠢᠴᠡᠳᠭᠡᠭᠴᠢ ᠨᠢ ᠶᠡᠷᠦ ᠳᠡᠭᠡᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ | ᠬᠤᠷᠢᠶ᠎ᠠ ︵ᠨᠠᠮ ᠤᠨ ᠬᠤᠷᠢᠶ᠎ᠠ ᠶᠢᠨ ᠠᠵᠢᠯ ᠤᠨ ᠬᠤᠷᠢᠶ᠎ᠠ︶᠂ ᠵᠠᠰᠠᠭ ᠤᠨ ᠣᠷᠳᠣᠨ ︵ᠬᠡᠷᠡᠭ ᠡᠷᠬᠢᠯᠡᠬᠦ ᠭᠠᠵᠠᠷ︶ ᠤ | ᠤᠳᠤᠷᠢᠳᠬᠤ ᠪᠠᠭ ᠤᠨ ᠪᠦᠷᠢᠯᠳᠦᠬᠦᠨ ᠪᠠ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠡᠶᠢᠭᠡᠮ ᠤᠨ | ᠵᠠᠰᠠᠯᠲᠠ ᠶᠢᠨ ᠠᠵᠢᠯ ᠤᠨ ᠪᠠᠶᠢᠭᠤᠯᠤᠮᠵᠢ ᠶᠢᠨ ᠠᠵᠢᠯᠲᠠᠨ ᠵᠡᠷᠭᠡ ᠪᠠᠷ ᠪᠦᠷᠢᠯᠳᠦᠨ᠎ᠡ︔ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠣᠷᠣᠯᠠᠨ ᠭᠦᠢᠴᠡᠳᠭᠡᠭᠴᠢ ᠨᠢ ᠶᠡᠷᠦ ᠳᠡᠭᠡᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠨᠠᠮ ᠤᠨ ᠵᠣᠬᠢᠶᠠᠨ ᠪᠠᠶᠢᠭᠤᠯᠤᠯᠲᠠ᠂ ᠭᠠᠴᠠᠭ᠎ᠠ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ | ᠪᠦᠷᠢᠯᠳᠦᠬᠦᠨ ᠪᠠ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠲᠠᠨ᠂ ᠭᠠᠴᠠᠭ᠎ᠠ ᠲᠣᠰᠬᠤᠨ ᠳᠤ | ᠰᠠᠭᠤᠭ᠎ᠠ ᠺᠠᠳ᠋ᠷ ᠵᠡᠷᠭᠡ ᠪᠠᠷ ᠪᠦᠷᠢᠯᠳᠦᠨ᠎ᠡ᠃ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠠᠬᠠᠮᠠᠳ ᠨᠠᠮ ᠤᠨ ᠭᠡᠰᠢᠭᠦᠨ᠂ | ᠠᠵᠢᠯ ᠠᠴᠠ ᠪᠠᠨ ᠠᠮᠠᠷᠠᠭᠰᠠᠨ ᠺᠠᠳ᠋ᠷ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠳᠠᠨ ᠵᠡᠷᠭᠡ ᠶᠢ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠪᠠᠷ ᠲᠠᠳᠠᠨ ᠠᠪᠬᠤ ᠶᠢ ᠴᠢᠬᠤᠯᠠᠴᠢᠯᠠᠨ᠎ᠠ᠃ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠠᠴᠠ | ᠲᠣᠭᠲᠠᠭᠠᠭᠰᠠᠨ ᠤ ᠳᠠᠷᠠᠭ᠎ᠠ᠂ ᠳᠡᠭᠡᠷ᠎ᠡ ᠨᠢᠭᠡ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠭᠤᠯᠤᠮᠵᠢ ᠳᠤ | ᠮᠡᠳᠡᠭᠦᠯᠦᠨ ᠳᠠᠩᠰᠠᠯᠠᠭᠤᠯᠤᠨ᠎ᠠ᠃ | ᠭᠤᠷᠪᠠ᠂ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ ᠲᠤᠰᠢᠶᠠᠯ ᠬᠠᠷᠢᠭᠤᠴᠠᠯᠭ᠎ᠠ ᠶᠢ | ᠲᠣᠳᠣᠷᠬᠠᠶᠢᠯᠠᠨ᠎ᠠ | ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ ᠭᠤᠣᠯ ᠲᠤᠰᠢᠶᠠᠯ ᠬᠠᠷᠢᠭᠤᠴᠠᠯᠭ᠎ᠠ᠄ ᠨᠠᠮ ᠤᠨ | ᠴᠢᠭᠯᠡᠯᠲᠡ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ | ᠲᠦᠮᠡᠨ ᠢ ᠬᠥᠲᠥᠯᠥᠨ ᠵᠢᠯᠤᠭᠤᠳᠴᠤ ᠵᠦᠢ ᠶᠣᠰᠣᠨ ᠤ ᠠᠷᠭ᠎ᠠ ᠵᠠᠮ ᠢᠶᠠᠷ ᠬᠠᠤᠯᠢ ᠶᠣᠰᠣᠭᠠᠷ ᠡᠮᠬᠢ ᠵᠢᠷᠤᠮ ᠲᠠᠢ | ᠵᠠᠬᠢᠳᠠᠯ ᠰᠣᠷᠪᠤᠯᠵᠢᠯᠠᠯ ᠬᠢᠯᠭᠡᠨ᠎ᠡ︔ ᠤᠯᠠᠨ ᠲᠦᠮᠡᠨ ᠤ ᠳᠤᠮᠳᠠ ᠭᠦᠨᠵᠡᠭᠡᠶᠢᠷᠡᠨ ᠭᠤᠮᠣᠳᠠᠯ ᠱᠠᠭᠠᠷᠳᠠᠯᠭ᠎ᠠ ᠶᠢ | ᠣᠶᠢᠯᠠᠭᠠᠵᠤ᠂ ᠤᠯᠠᠨ ᠲᠦᠮᠡᠨ ᠤ ᠰᠣᠷᠪᠤᠯᠵᠢᠯᠠᠯ ᠢ ᠬᠦᠯᠢᠶᠡᠨ ᠠᠪᠴᠤ᠂ ᠪᠠᠴᠢᠮᠲᠠᠵᠦ ᠬᠦᠴᠢᠷᠲᠡᠵᠦ ᠵᠤᠪᠠᠨᠢᠵᠦ | ᠬᠦᠰᠡᠵᠦ ᠪᠠᠶᠢᠭ᠎ᠠ ᠠᠰᠠᠭᠤᠳᠠᠯ ᠢ ᠬᠠᠪᠰᠤᠷᠤᠨ ᠰᠶᠢᠳᠪᠦᠷᠢᠯᠡᠵᠦ᠂ ᠤᠯᠠᠨ ᠲᠦᠮᠡᠨ ᠢ ᠣᠷᠣᠯᠠᠨ ᠲᠤᠰ ᠱᠠᠲᠤᠨ ᠤ | ᠪᠤᠶᠤ ᠳᠡᠭᠡᠷ᠎ᠡ ᠨᠢᠭᠡ ᠱᠠᠲᠤᠨ ᠤ ᠰᠶᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠳᠤ ᠭᠤᠮᠣᠳᠠᠯ | ᠱᠠᠭᠠᠷᠳᠠᠯᠭ᠎ᠠ ᠶᠢ ᠨᠢ ᠲᠤᠰᠬᠠᠨ᠎ᠠ︔ ᠵᠠᠬᠢᠳᠠᠯ ᠰᠣᠷᠪᠤᠯᠵᠢᠯᠠᠯ ᠤᠨ ᠵᠦᠢᠯᠡᠰ ᠢ ᠰᠶᠢᠳᠪᠦᠷᠢᠯᠡᠬᠦ ᠰᠠᠯᠠᠭ᠎ᠠ ᠮᠥᠴᠢᠷ | ᠨᠢᠭᠡᠴᠢ ᠠᠴᠠ ᠰᠶᠢᠳᠪᠦᠷᠢᠯᠡᠭᠰᠡᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠵᠠᠬᠢᠳᠠᠯ ᠰᠣᠷᠪᠤᠯᠵᠢᠯᠠᠯ | ᠬᠢᠭᠰᠡᠨ ᠣᠯᠠᠨ ᠲᠦᠮᠡᠨ ᠳᠤ ᠰᠶᠢᠳᠪᠦᠷᠢᠯᠡᠭᠰᠡᠨ ᠠᠬᠢᠴᠠ ᠪᠠ ᠦᠷ᠎ᠡ ᠳ᠋ᠦᠩ ᠢ ᠴᠠᠭ ᠲᠤᠬᠠᠢ ᠳᠤᠨᠢ ᠬᠠᠷᠢᠭᠤ | ᠮᠡᠳᠡᠭᠳᠡᠨ᠎ᠡ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠳᠤ ᠵᠠᠬᠢᠳᠠᠯ ᠰᠣᠷᠪᠤᠯᠵᠢᠯᠠᠯ ᠬᠢᠭᠰᠡᠨ ᠣᠯᠠᠨ ᠲᠦᠮᠡᠨ ᠤ ᠬᠥᠳᠡᠯᠦᠯ ᠪᠠᠶᠢᠳᠠᠯ ᠢ ᠠᠩᠬᠠᠷᠤᠨ ᠴᠠᠭ ᠲᠤᠬᠠᠢ ᠳᠤᠨᠢ | ᠮᠡᠳᠡᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠵᠢᠯᠴᠠᠨ ᠵᠠᠬᠢᠳᠠᠯ ᠰᠣᠷᠪᠤᠯᠵᠢᠯᠠᠯ ᠬᠢᠭᠰᠡᠨ | ᠣᠯᠠᠨ ᠲᠦᠮᠡᠨ ᠢ ᠬᠥᠮᠥᠵᠢᠭᠦᠯᠦᠨ ᠬᠦᠲᠦᠯᠦᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃ | ᠳᠥᠷᠪᠡ᠂ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ ᠴᠣᠩᠬᠤᠪᠴᠢ ᠶᠢ ᠪᠠᠶᠢᠭᠤᠯᠤᠨ᠎ᠠ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ | ᠴᠣᠩᠬᠤᠪᠴᠢ ᠶᠢ ᠪᠠᠶᠢᠭᠤᠯᠵᠤ᠂ ᠣᠷᠣᠯᠠᠨ ᠭᠦᠢᠴᠡᠳᠭᠡᠭᠴᠢ ᠶᠢᠨ ᠣᠷᠣᠯᠠᠨ ᠭᠦᠢᠴᠡᠳᠬᠡᠬᠦ ᠵᠦᠢᠯᠡᠰ ᠢ ᠭᠥᠯᠢᠶᠡᠨ | ᠠᠪᠴᠤ ᠰᠶᠢᠳᠪᠦᠷᠢᠯᠡᠬᠦ᠂ ᠣᠷᠣᠯᠠᠨ ᠭᠦᠢᠴᠡᠳᠬᠡᠬᠦ ᠠᠵᠢᠯ ᠥᠷᠨᠢᠭᠦᠯᠬᠦ ᠶᠢ ᠲᠤᠬᠢᠷᠠᠭᠤᠯᠤᠨ᠎ᠠ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠰᠠᠯᠠᠭ᠎ᠠ ᠮᠥᠴᠢᠷ ᠨᠢᠭᠡᠴᠢ ᠨᠦᠭᠦᠳ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ | ᠵᠦᠢᠯᠡᠰ ᠢ ᠳᠠᠭᠠᠭᠠᠨ ᠠᠪᠬᠤ ᠴᠣᠩᠬᠤᠪᠴᠢ ᠲᠤᠬᠢᠷᠠᠭᠤᠯᠬᠤ ᠶᠢᠨ ᠬᠠᠮᠲᠤ᠂ ᠠᠵᠢᠯᠲᠠᠨ ᠢ ᠲᠣᠳᠣᠷᠬᠠᠶᠢᠯᠠᠨ ᠣᠷᠣᠯᠠᠨ | ᠭᠦᠢᠴᠡᠳᠬᠡᠬᠦ ᠵᠦᠢᠯᠡᠰ ᠢ ᠭᠥᠯᠢᠶᠡᠨ ᠠᠪᠬᠤ ᠪᠠ ᠭᠦᠢᠴᠡᠳᠬᠡᠬᠦ ᠶᠢ ᠬᠠᠷᠢᠭᠤᠴᠠᠭᠤᠯᠤᠨ᠎ᠠ᠃ | ᠲᠠᠪᠤ᠂ ᠵᠠᠬᠢᠳᠠᠯ ᠰᠣᠷᠪᠤᠯᠵᠢᠯᠠᠯ ᠤᠨ ᠣᠷᠣᠯᠠᠨ ᠬᠦᠢᠴᠡᠳᠬᠡᠬᠦ ᠵᠦᠢᠯᠡᠰ ᠤᠨ ᠬᠦᠷᠢᠶ᠎ᠡ ᠬᠡᠪᠴᠢᠶ᠎ᠡ ᠶᠢ | ᠲᠣᠳᠣᠷᠬᠠᠶᠢᠯᠠᠨ᠎ᠠ | ᠣᠷᠣᠯᠠᠨ ᠭᠦᠢᠴᠡᠳᠬᠡᠬᠦ ᠵᠦᠢᠯᠡᠰ ᠪᠤᠯ ᠭᠤᠣᠯᠳᠠᠭᠤ ᠤᠯᠠᠨ ᠲᠦᠮᠡᠨ ᠤ ᠪᠠᠴᠢᠮᠲᠠᠵᠦ ᠬᠦᠴᠢᠷᠲᠡᠵᠦ ᠵᠤᠪᠠᠨᠢᠵᠦ | ᠬᠦᠰᠡᠵᠦ ᠪᠠᠶᠢᠭ᠎ᠠ ᠠᠰᠠᠭᠤᠳᠠᠯ ᠪᠠ ᠰᠠᠨᠠᠭᠠᠰᠢᠷᠠᠬᠤ ᠶᠠᠪᠤᠳᠠᠯ ᠪᠤᠬᠢᠨᠢᠳᠤᠬᠤ ᠶᠠᠪᠤᠳᠠᠯ ᠰᠢᠮᠰᠢᠷᠡᠭᠦ ᠶᠠᠪᠤᠳᠠᠯ ᠪᠣᠯᠣᠨ᠎ᠠ᠃ | ᠣᠯᠠᠨ ᠲᠦᠮᠡᠨ ᠤ ᠲᠤᠰᠬᠠᠭᠰᠠᠨ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠦᠢᠯᠡᠰ ᠢ | ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠴᠠ ᠬᠤᠯᠪᠣᠭᠳᠠᠯ ᠪᠦᠬᠦᠢ ᠤᠯᠤᠰ ᠲᠥᠷᠥ ᠬᠠᠤᠯᠢ | ᠴᠠᠭᠠᠵᠠ ᠶᠢᠨ ᠰᠠᠯᠠᠭ᠎ᠠ ᠮᠥᠴᠢᠷ ᠲᠤ ᠣᠷᠣᠯᠠᠨ ᠲᠤᠰᠬᠠᠨ᠎ᠠ︔ ᠰᠠᠬᠢᠯᠭ᠎ᠠ ᠪᠠᠲᠤ ᠳᠤ ᠬᠤᠯᠪᠣᠭᠳᠠᠬᠤ ᠵᠦᠢᠯᠡᠰ ᠢ ᠪᠣᠯ | ᠬᠥᠲᠥᠯᠥᠨ ᠵᠢᠯᠤᠭᠤᠳᠴᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠲᠤᠰᠬᠠᠨ᠎ᠠ᠃ | ᠣᠷᠣᠯᠠᠨ ᠭᠦᠢᠴᠡᠳᠬᠡᠬᠦ ᠠᠴᠠ ᠡᠮᠦᠨ᠎ᠡ᠂ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠴᠠ ᠵᠠᠬᠢᠳᠠᠯ | ᠰᠣᠷᠪᠤᠯᠵᠢᠯᠠᠯ ᠬᠢᠭᠰᠡᠨ ᠤᠯᠠᠨ ᠲᠦᠮᠡᠨ ᠲᠠᠢ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠲᠧ ᠭᠠᠷ ᠤᠨ ᠦᠰᠦᠭ | ᠵᠢᠷᠤᠵᠤ᠂ ᠬᠤᠶᠠᠷ ᠲᠠᠯ᠎ᠠ ᠶᠢᠨ ᠡᠷᠬᠡ ᠡᠭᠦᠷᠭᠡ ᠶᠢ ᠲᠣᠳᠣᠷᠬᠠᠶᠢᠯᠠᠨ᠎ᠠ᠃ | ᠵᠢᠷᠭᠤᠭ᠎ᠠ᠂ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ ᠲᠡᠰ ᠲᠠᠷᠠᠭ᠎ᠠ ᠶᠢ ᠵᠢᠷᠤᠮᠵᠢᠭᠤᠯᠤᠨ᠎ᠠ | ᠵᠠᠬᠢᠳᠠᠯ ᠰᠣᠷᠪᠤᠯᠵᠢᠯᠠᠯ ᠤᠨ ᠣᠷᠣᠯᠠᠨ ᠬᠦᠢᠴᠡᠳᠬᠡᠬᠦ ᠠᠵᠢᠯ ᠳᠤ ︽ᠭᠥᠯᠢᠶᠡᠨ ᠠᠪᠴᠤ ᠳᠠᠩᠰᠠᠯᠠᠬᠤ — | ᠡᠮᠬᠢᠯᠡᠵᠦ ᠰᠠᠯᠭᠠᠬᠤ — ᠤᠷᠤᠯᠠᠨ ᠲᠤᠰᠬᠠᠬᠤ — ᠰᠶᠢᠳᠪᠦᠷᠢᠯᠡᠬᠦ ᠶᠢ ᠠᠬᠢᠭᠤᠯᠬᠤ — ᠴᠠᠭ ᠲᠤᠬᠠᠢ ᠳᠤᠨᠢ | ᠬᠠᠷᠢᠭᠤ ᠲᠤᠰᠬᠠᠬᠤ — ᠰᠶᠢᠳᠪᠦᠷᠢᠯᠡᠵᠦ ᠳᠠᠭᠤᠰᠬᠠᠭᠠᠳ ᠲᠠᠩᠰᠠ ᠡᠪᠬᠡᠮᠡᠯ ᠳᠤ ᠣᠷᠣᠭᠤᠯᠬᠤ︾ ᠲᠡᠰ | ᠲᠠᠷᠠᠭᠠᠯᠠᠯ ᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠤᠨ᠎ᠠ᠃ | ︵ᠨᠢᠭᠡ︶ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠴᠠ ᠰᠶᠢᠳᠪᠦᠷᠢᠯᠡᠬᠦ᠃ ᠣᠯᠠᠨ ᠲᠦᠮᠡᠨ ᠤ | ᠲᠤᠰᠬᠠᠭᠰᠠᠨ ᠠᠰᠠᠭᠤᠳᠠᠯ ᠪᠤᠶᠤ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠵᠥᠷᠢᠴᠡᠯ ᠤᠨ ᠳᠠᠯᠳᠠ ᠬᠡᠮ ᠳᠤ᠂ | ᠣᠷᠣᠯᠠᠨ ᠭᠦᠢᠴᠡᠳᠭᠡᠭᠴᠢ ᠠᠴᠠ ᠲᠠᠶᠢᠯᠪᠤᠷᠢᠯᠠᠨ ᠵᠢᠯᠤᠭᠤᠳᠴᠤ ᠡᠶᠡᠳᠡᠭᠦᠯᠬᠦ ᠠᠵᠢᠯ ᠢ ᠰᠠᠶᠢᠲᠤᠷ ᠬᠢᠵᠦ᠂ | ᠬᠠᠮᠤᠭ ᠤᠨ ᠶᠡᠭᠡ ᠴᠢᠷᠮᠠᠶᠢᠯᠭ᠎ᠠ ᠪᠠᠷ ᠠᠰᠠᠭᠤᠳᠠᠯ ᠢ ᠰᠶᠢᠳᠪᠦᠷᠢᠯᠡᠵᠦ᠂ ᠵᠥᠷᠢᠴᠡᠯ ᠢ ᠠᠷᠢᠯᠭᠠᠨ᠎ᠠ︔ ᠯᠠᠪᠯᠠᠯᠭ᠎ᠠ ᠥᠭᠬᠦ | ᠂ ᠲᠤᠰᠠᠯᠠᠮᠵᠢ ᠭᠤᠶᠤᠴᠢᠯᠠᠬᠤ᠂ ᠰᠠᠨᠠᠯ ᠭᠠᠷᠭᠠᠬᠤ᠂ ᠰᠠᠨᠠᠭᠤᠯᠭ᠎ᠠ ᠦᠭᠬᠦ ᠲᠥᠷᠥᠯ ᠵᠦᠢᠯᠡᠰ ᠲᠧ᠂ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠪᠠᠯ ᠴᠠᠭ ᠲᠤᠬᠠᠢ ᠳᠤᠨᠢ ᠬᠠᠷᠢᠭᠤᠯᠲᠠ ᠥᠭᠴᠦ᠂ ᠬᠠᠪᠰᠤᠷᠤᠯᠭ᠎ᠠ | ᠦᠵᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠠᠴᠠ ᠬᠠᠷᠢᠭᠤᠯᠲᠠ ᠥᠭᠬᠦ ᠪᠤᠶᠤ ᠵᠣᠬᠢᠴᠠᠭᠤᠯᠤᠨ | ᠰᠶᠢᠳᠪᠦᠷᠢᠯᠡᠬᠦ ᠴᠢᠬᠤᠯᠠᠲᠠᠢ ᠶᠢ ᠨᠢ ᠴᠠᠭ ᠲᠤᠬᠠᠢ ᠳᠤᠨᠢ ᠲᠤᠰᠬᠠᠵᠤ᠂ ᠰᠶᠢᠳᠪᠦᠷᠢᠯᠡᠬᠦ ᠶᠢ ᠢᠳᠡᠪᠬᠢᠲᠡᠢ ᠪᠠᠷ ᠲᠦᠯᠬᠢᠨ | ᠠᠬᠢᠭᠤᠯᠤᠨ᠎ᠠ᠃ | ︵ᠬᠤᠶᠠᠷ︶ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ | ︶ ᠠᠴᠠ ᠭᠦᠢᠴᠡᠳᠬᠡᠬᠦ᠃ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ ᠳᠡᠭᠡᠭᠰᠢ ᠮᠡᠳᠡᠭᠦᠯᠦᠭᠰᠡᠨ | ᠵᠢᠴᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠴᠣᠩᠬᠤᠪᠴᠢ ᠳᠤ ᠬᠦᠷᠴᠦ | ᠲᠤᠰᠬᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠣᠷᠣᠯᠠᠨ ᠭᠦᠢᠴᠡᠳᠭᠡᠬᠦ ᠳᠡᠰ ᠳᠠᠷᠠᠭᠠᠯᠠᠯ ᠳᠤ ᠴᠠᠭ ᠲᠤᠬᠠᠶ ᠳᠤᠨᠢ | ᠣᠷᠣᠭᠤᠯᠵᠤ᠂ ᠲᠣᠰ ᠱᠠᠲᠤᠨ ᠤ ᠠᠵᠢᠯ ᠶᠠᠪᠤᠳᠠᠯ ᠤᠨ ᠡᠷᠬᠡ ᠶᠢᠨ ᠬᠡᠪᠴᠢᠶᠡᠨ ᠳᠤ ᠬᠠᠷᠢᠶᠠᠯᠠᠭᠳᠠᠵᠤ᠂ ᠰᠢᠭᠤᠳ | ᠬᠠᠷᠢᠭᠤᠯᠲᠠ ᠥᠭᠴᠦ ᠰᠢᠢᠳᠪᠦᠷᠢᠯᠡᠵᠦ ᠪᠣᠯᠬᠤ ᠳᠤᠨᠢ ᠰᠢᠭᠤᠳ ᠬᠠᠷᠢᠭᠤᠯᠳᠠ ᠦᠭᠴᠤ᠂ ᠲᠡᠷᠡ ᠳᠠᠷᠤᠶ ᠳᠤᠨᠢ | ᠰᠢᠢᠳᠪᠦᠷᠢᠯᠡᠨ᠎ᠡ︔ ᠪᠠᠶᠢᠳᠠᠯ ᠨᠢ ᠪᠤᠳᠤᠯᠢᠶᠠᠨᠲᠠᠶ᠂ ᠰᠢᠭᠤᠳ ᠬᠠᠷᠢᠭᠤᠯᠲᠠ ᠥᠭᠴᠦ ᠰᠢᠢᠳᠪᠦᠷᠢᠯᠡᠬᠦ ᠶᠢᠨ ᠠᠷᠭ᠎ᠠ | ᠦᠭᠡᠶ ᠪᠣᠯ ᠣᠯᠠᠨ ᠲᠦᠮᠡᠨ ᠳᠤ ᠲᠠᠷᠠᠭᠠᠴᠢ ᠶᠢᠨ ᠭᠦᠢᠴᠡᠳᠭᠡᠬᠦ ᠳᠡᠰ ᠳᠠᠷᠠᠭᠠᠯᠠᠯ ᠢᠶᠠᠨ ᠮᠡᠳᠡᠭᠳᠡᠵᠦ᠂ ᠴᠠᠭ | ᠲᠤᠬᠠᠶ ᠳᠤᠨᠢ ᠭᠦᠢᠴᠡᠳᠭᠡᠬᠦ ᠶᠢᠨ ᠬᠠᠮᠲᠤ ᠣᠯᠠᠨ ᠲᠦᠮᠡᠨ ᠳᠤ ᠬᠠᠷᠢᠭᠤ ᠲᠤᠰᠬᠠᠨ᠎ᠠ︔ ᠲᠤᠰ ᠱᠠᠲᠤᠨ ᠤ ᠠᠵᠢᠯ | ᠶᠠᠪᠤᠳᠠᠯ ᠤᠨ ᠡᠷᠬᠡ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠠᠶᠢᠵᠤ᠂ ᠳᠡᠭᠡᠳᠦ ᠱᠠᠲᠤᠨ ᠤ ᠰᠠᠯᠠᠭ᠎ᠠ ᠮᠥᠴᠢᠷ | ᠨᠢᠭᠡᠴᠢ ᠶᠢ ᠵᠣᠬᠢᠴᠠᠭᠤᠯᠤᠨ ᠰᠢᠢᠳᠪᠦᠷᠢᠯᠡᠭᠦᠯᠬᠦ ᠴᠢᠬᠤᠯᠠᠲᠠᠢ ᠪᠠᠶᠢᠪᠠᠯ᠂ ᠤᠯᠠᠨ ᠲᠦᠮᠡᠨ ᠢ ᠣᠷᠣᠯᠠᠨ ᠳᠡᠭᠡᠳᠦ | ᠱᠠᠲᠤᠨ ᠤ ᠰᠠᠯᠠᠭ᠎ᠠ ᠮᠥᠴᠢᠷ ᠨᠢᠭᠡᠴᠢ ᠳᠤ ᠲᠤᠰᠬᠠᠬᠤ ᠶᠢᠨ ᠬᠠᠮᠲᠤ ᠰᠢᠢᠳᠪᠦᠷᠢᠯᠡᠬᠦ ᠶᠢ ᠢᠳᠡᠪᠬᠢᠲᠡᠢ ᠲᠦᠯᠬᠢᠨ | ᠠᠬᠢᠭᠤᠯᠤᠨ᠎ᠠ᠃ | ︵ᠭᠤᠷᠪᠠ︶ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠭᠦᠢᠴᠡᠳᠭᠡᠬᠦ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠰᠠᠯᠠᠭ᠎ᠠ ᠮᠥᠴᠢᠷ ᠨᠢᠭᠡᠴᠢ ᠨᠢ ᠬᠦᠯᠢᠶᠡᠨ ᠠᠪᠤᠭᠰᠠᠨ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠳᠡᠭᠡᠭᠰᠢ ᠮᠡᠳᠡᠭᠦᠯᠦᠭᠰᠡᠨ ᠪᠤᠶᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ | ᠳᠤᠷᠠᠳᠤᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠠᠩᠰᠠᠯᠠᠨ ᠲᠡᠮᠳᠡᠭᠯᠡᠵᠦ᠂ ᠲᠤᠰ ᠰᠠᠯᠠᠭ᠎ᠠ ᠮᠥᠴᠢᠷ | ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠪᠠᠯ᠂ ᠵᠠᠬᠢᠳᠠᠯ ᠰᠤᠷᠪᠤᠯᠵᠢᠯᠠᠯ ᠤᠨ ᠮᠡᠳᠡᠭᠡ | ᠵᠠᠩᠭᠢ ᠶᠢᠨ ᠰᠢᠰᠲ᠋ᠧᠮ ᠳᠤ ᠣᠷᠣᠭᠤᠯᠵᠤ᠂ ᠲᠤᠰᠬᠠᠶ ᠬᠥᠮᠦᠨ ᠢ ᠲᠤᠳᠤᠷᠬᠠᠶᠢᠯᠠᠵᠤ ᠴᠠᠭ ᠲᠤᠬᠠᠶ ᠳᠤᠨᠢ | ᠭᠦᠢᠴᠡᠳᠭᠡᠯᠭᠡᠨ᠎ᠡ︔ ᠲᠤᠰ ᠰᠢᠰᠲ᠋ᠧᠮ ᠤᠨ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠪᠠᠯ᠂ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ | ᠣᠷᠣᠭᠤᠯᠵᠤ᠂ ᠣᠯᠠᠨ ᠲᠦᠮᠡᠨ ᠢ ᠣᠷᠣᠯᠠᠨ ᠳᠡᠭᠡᠳᠦ ᠱᠠᠲᠤᠨ ᠳᠤ ᠲᠤᠰᠬᠠᠬᠤ ᠶᠢᠨ ᠬᠠᠮᠲᠤ ᠬᠦᠢᠴᠡᠳᠭᠡᠬᠦ ᠢᠢ | ᠢᠳᠡᠪᠬᠢᠲᠡᠶ ᠪᠠᠷ ᠲᠦᠯᠬᠢᠨ ᠠᠬᠢᠭᠤᠯᠤᠨ᠎ᠠ︔ ᠲᠤᠰ ᠰᠠᠯᠠᠭ᠎ᠠ ᠮᠥᠴᠢᠷ ᠨᠢᠭᠡᠴᠢ ᠪᠤᠶᠤ ᠲᠤᠰ ᠰᠢᠰᠲ᠋ᠧᠮ ᠤᠨ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ ᠪᠣᠯ ᠳᠡᠭᠡᠭᠰᠢ ᠮᠡᠳᠡᠭᠦᠯᠬᠦ ᠰᠠᠯᠠᠭ᠎ᠠ ᠮᠥᠴᠢᠷ ᠨᠢᠭᠡᠴᠢ ᠪᠤᠶᠤ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠳᠤ ᠮᠡᠳᠡᠭᠳᠡᠵᠦ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠳᠤ ᠲᠤᠷᠠᠳᠤᠨ᠎ᠠ᠃ | ︵ᠳᠥᠷᠪᠡ︶ ᠠᠶᠢᠮᠠᠭ ᠬᠤᠲᠠ ᠠᠴᠠ ᠭᠦᠢᠴᠡᠳᠭᠡᠬᠦ᠃ ᠠᠶᠢᠮᠠᠭ ᠬᠤᠲᠠ ᠶᠢᠨ ᠰᠠᠯᠠᠭ᠎ᠠ ᠮᠥᠴᠢᠷ ᠨᠢᠭᠡᠴᠢ ᠶᠢᠨ | ᠬᠦᠯᠢᠶᠡᠨ ᠠᠪᠤᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠳᠡᠭᠡᠭᠰᠢ ᠮᠡᠳᠡᠭᠦᠯᠦᠭᠰᠡᠨ ᠵᠠᠬᠢᠳᠠᠯ | ᠰᠤᠷᠪᠤᠯᠵᠢᠯᠠᠯ ᠤᠨ ᠵᠦᠢᠯᠡᠰ ᠨᠢ ᠲᠤᠰ ᠰᠠᠯᠠᠭ᠎ᠠ ᠮᠥᠴᠢᠷ ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠪᠠᠯ᠂ ᠲᠤᠰᠬᠠᠶ ᠬᠥᠮᠦᠨ ᠢ ᠲᠤᠳᠤᠷᠬᠠᠶᠢᠯᠠᠵᠤ ᠴᠠᠭ ᠲᠤᠬᠠᠶ ᠳᠤᠨᠢ ᠭᠦᠢᠴᠡᠳᠭᠡᠯᠭᠡᠨ᠎ᠡ︔ ᠲᠤᠰ | ᠰᠢᠰᠲ᠋ᠧᠮ ᠤᠨ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠪᠠᠯ᠂ ᠣᠯᠠᠨ ᠲᠦᠮᠡᠨ ᠢ ᠣᠷᠣᠯᠠᠨ ᠳᠡᠭᠡᠳᠦ ᠱᠠᠲᠤᠨ ᠳᠤ ᠲᠤᠰᠬᠠᠬᠤ ᠶᠢᠨ ᠬᠠᠮᠲᠤ ᠬᠦᠢᠴᠡᠳᠭᠡᠬᠦ ᠢᠢ | ᠢᠳᠡᠪᠬᠢᠲᠡᠶ ᠪᠠᠷ ᠲᠦᠯᠬᠢᠨ ᠠᠬᠢᠭᠤᠯᠤᠨ᠎ᠠ︔ ᠲᠤᠰ ᠰᠠᠯᠠᠭ᠎ᠠ ᠮᠥᠴᠢᠷ ᠨᠢᠭᠡᠴᠢ ᠪᠤᠶᠤ ᠲᠤᠰ ᠰᠢᠰᠲ᠋ᠧᠮ ᠤᠨ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ ᠪᠣᠯ ᠳᠡᠭᠡᠭᠰᠢ ᠮᠡᠳᠡᠭᠦᠯᠬᠦ ᠰᠠᠯᠠᠭ᠎ᠠ ᠮᠥᠴᠢᠷ ᠨᠢᠭᠡᠴᠢ ᠳᠤ | ᠮᠡᠳᠡᠭᠳᠡᠨ ᠠᠶᠢᠮᠠᠭ ᠬᠤᠲᠠ ᠶᠢᠨ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠳᠤ ᠲᠤᠷᠠᠳᠤᠨ᠎ᠠ᠃ | ︵ᠲᠠᠪᠤ︶ ᠥᠪᠡᠷᠲᠡᠭᠡᠨ ᠵᠠᠰᠠᠬᠤ ᠣᠷᠣᠨ ᠠᠴᠠ ᠭᠦᠢᠴᠡᠳᠭᠡᠬᠦ᠃ ᠥᠪᠡᠷᠲᠡᠭᠡᠨ ᠵᠠᠰᠠᠬᠤ ᠣᠷᠣᠨ ᠤ ᠰᠠᠯᠠᠭ᠎ᠠ | ᠮᠥᠴᠢᠷ ᠨᠢᠭᠡᠴᠢ ᠶᠢᠨ ᠬᠦᠯᠢᠶᠡᠨ ᠠᠪᠤᠭᠰᠠᠨ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠵᠠᠬᠢᠳᠠᠯ | ᠰᠤᠷᠪᠤᠯᠵᠢᠯᠠᠯ ᠤᠨ ᠵᠦᠢᠯᠡᠰ ᠨᠢ ᠲᠤᠰ ᠰᠠᠯᠠᠭ᠎ᠠ ᠮᠥᠴᠢᠷ ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠪᠠᠯ᠂ ᠲᠤᠰᠬᠠᠶ ᠬᠥᠮᠦᠨ ᠢ ᠲᠤᠳᠤᠷᠬᠠᠶᠢᠯᠠᠵᠤ ᠴᠠᠭ ᠲᠤᠬᠠᠶ ᠳᠤᠨᠢ ᠭᠦᠢᠴᠡᠳᠭᠡᠯᠭᠡᠨ᠎ᠡ︔ ᠲᠤᠰ | ᠰᠢᠰᠲ᠋ᠧᠮ ᠤᠨ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠪᠠᠯ᠂ ᠣᠯᠠᠨ ᠲᠦᠮᠡᠨ ᠢ ᠣᠷᠣᠯᠠᠨ ᠳᠡᠭᠡᠳᠦ ᠱᠠᠲᠤᠨ ᠳᠤ ᠲᠤᠰᠬᠠᠬᠤ ᠶᠢᠨ ᠬᠠᠮᠲᠤ ᠬᠦᠢᠴᠡᠳᠭᠡᠬᠦ | ᠢᠢ ᠨᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ︔ ᠲᠤᠰ ᠰᠠᠯᠠᠭ᠎ᠠ ᠮᠥᠴᠢᠷ ᠨᠢᠭᠡᠴᠢ ᠪᠤᠶᠤ ᠲᠤᠰ ᠰᠢᠰᠲ᠋ᠧᠮ ᠤᠨ | ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ ᠪᠣᠯ ᠳᠡᠭᠡᠭᠰᠢ ᠮᠡᠳᠡᠭᠦᠯᠬᠦ ᠰᠠᠯᠠᠭ᠎ᠠ ᠮᠥᠴᠢᠷ ᠲᠤ | ᠮᠡᠳᠡᠭᠳᠡᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠳᠤ ᠲᠤᠷᠠᠳᠤᠨ᠎ᠠ᠃ | | ︵ᠵᠢᠷᠭᠤᠭ᠎ᠠ︶ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠬᠦᠢᠴᠡᠳᠬᠡᠬᠦ᠃ ᠣᠯᠠᠨ ᠲᠦᠮᠡᠨ ᠬᠤᠰᠢᠭᠤ | ᠰᠢᠶᠠᠨ ︵ᠬᠤᠲᠠ᠂ ᠲᠣᠭᠤᠷᠢᠭ︶᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ | ᠰᠤᠷᠪᠤᠯᠵᠢᠯᠠᠯ ᠤᠨ ᠰᠠᠯᠠᠭ᠎ᠠ ᠮᠥᠴᠢᠷ ᠲᠤ ᠪᠠᠶᠢᠳᠠᠯ ᠢᠶᠠᠨ ᠲᠤᠰᠬᠠᠵᠤ᠂ ᠭᠤᠮᠣᠳᠠᠯ ᠱᠠᠭᠠᠷᠳᠠᠯᠭ᠎ᠠ ᠪᠠᠨ ᠳᠤᠷᠠᠳᠤᠭᠰᠠᠨ | ᠪᠣᠯ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠠᠴᠠ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠳᠤ | ᠴᠠᠭ ᠲᠤᠬᠠᠶ ᠳᠤᠨᠢ ᠳᠠᠮᠵᠢᠭᠤᠯᠤᠨ ᠬᠦᠷᠭᠡᠵᠦ᠂ ᠣᠷᠣᠯᠠᠨ ᠭᠦᠢᠴᠡᠳᠭᠡᠬᠦ ᠲᠡᠰ ᠲᠠᠷᠠᠭᠠᠯᠠᠯ ᠶᠣᠰᠣᠭᠠᠷ ᠭᠦᠢᠴᠡᠳᠭᠡᠨ | ᠰᠶᠢᠳᠪᠦᠷᠢᠯᠡᠬᠦ ᠶᠢ ᠠᠬᠢᠭᠤᠯᠤᠨ᠎ᠠ᠃ | ︵ᠳᠣᠯᠤᠭ᠎ᠠ︶ ᠴᠠᠭ ᠲᠤᠬᠠᠶ ᠳᠤᠨᠢ ᠮᠥᠷᠳᠡᠨ ᠳᠠᠭᠠᠵᠤ ᠬᠠᠷᠢᠭᠤ ᠲᠤᠰᠬᠠᠬᠤ᠃ ᠵᠠᠬᠢᠳᠠᠯ ᠰᠤᠷᠪᠤᠯᠵᠢᠯᠠᠯ ᠤᠨ | ᠣᠷᠣᠯᠠᠨ ᠭᠦᠢᠴᠡᠳᠭᠡᠬᠦ ᠵᠦᠢᠯᠡᠰ ᠢ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠳᠤ ᠰᠢᠯᠵᠢᠭᠦᠯᠦᠨ ᠥᠭᠴᠦ | ᠬᠦᠢᠴᠡᠳᠭᠡᠯᠭᠡᠬᠦ ᠴᠢᠬᠤᠯᠠᠲᠠᠢ ᠪᠠᠶᠢᠪᠠᠯ᠂ ᠪᠢᠴᠢᠭ ᠤᠨ ᠮᠡᠳᠡᠭᠦᠯᠦᠯᠲᠡ ᠲᠤᠰᠢᠶᠠᠵᠤ᠂ 3 ᠡᠳᠦᠷ ᠤᠨ ᠳᠣᠲᠣᠷ᠎ᠠ | ᠰᠢᠯᠵᠢᠭᠦᠯᠦᠨ ᠥᠭᠴᠦ ᠬᠦᠢᠴᠡᠳᠭᠡᠯᠭᠡᠬᠦ ᠶᠢᠨ ᠬᠠᠮᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠳᠤ | ᠬᠦᠢᠴᠡᠳᠭᠡᠭᠰᠡᠨ ᠪᠠᠶᠢᠳᠠᠯ ᠢᠶᠠᠨ ᠮᠡᠳᠡᠭᠳᠡᠨ᠎ᠡ᠃ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠬᠢᠨ 3 | ᠡᠳᠦᠷ ᠤᠨ ᠳᠣᠲᠣᠷ᠎ᠠ ᠬᠦᠯᠢᠶᠡᠨ ᠠᠪᠬᠤ ᠶᠢᠨ ᠬᠠᠮᠲᠤ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ | ᠰᠢᠰᠲ᠋ᠧᠮ ᠳᠤ ᠨᠤᠲᠠᠯᠠᠬᠤ ᠬᠡᠷᠡᠭᠲᠡᠶ᠃ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠠᠴᠠ ᠭᠦᠢᠴᠡᠳᠭᠡᠬᠦ | ᠦᠶᠡᠯᠡᠯ ᠤᠨ ᠬᠤᠭᠤᠴᠠᠭᠠᠨ ᠳᠠᠭᠠᠨ᠂ ᠭᠠᠷᠠᠭ ᠪᠦᠷᠢ ᠦᠨᠳᠦᠰᠦᠨ ᠱᠠᠲᠤᠨ ᠤ ᠨᠢᠭᠡᠴᠢ ᠪᠠ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠳᠤ ᠬᠦᠢᠴᠡᠳᠭᠡᠭᠰᠡᠨ ᠪᠠᠶᠢᠳᠠᠯ ᠢᠶᠠᠨ ᠮᠡᠳᠡᠭᠳᠡᠵᠦ᠂ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠴᠠ ᠵᠠᠬᠢᠳᠠᠯ ᠰᠤᠷᠪᠤᠯᠵᠢᠯᠠᠯ ᠬᠢᠭᠰᠡᠨ ᠣᠯᠠᠨ ᠲᠦᠮᠡᠨ ᠳᠤ ᠬᠠᠷᠢᠭᠤ | ᠲᠤᠰᠬᠠᠨ᠎ᠠ᠃ | ᠳᠣᠯᠤᠭ᠎ᠠ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠎ᠡ | ︽ᠣᠷᠣᠯᠠᠨ ᠭᠦᠢᠴᠡᠳᠭᠡᠭᠴᠢ ᠵᠢᠭᠰᠠᠭᠠᠨ ᠪᠠᠶᠢᠴᠠᠭᠠᠬᠤ + ᠬᠠᠷᠢᠭᠤᠴᠠᠯᠭᠠᠲᠤ ᠰᠠᠯᠠᠭ᠎ᠠ ᠮᠥᠴᠢᠷ ᠭᠦᠢᠴᠡᠳᠭᠡᠬᠦ | + ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠱᠠᠯᠠᠪᠳᠠᠭᠤᠯᠤᠨ ᠭᠦᠢᠴᠡᠳᠭᠡᠬᠦ + ᠤᠳᠤᠷᠢᠳᠬᠤ ᠺᠠᠳ᠋ᠷ ᠬᠡᠷᠡᠭ ᠢ | ᠳᠠᠭᠠᠭᠠᠴᠢᠯᠠᠬᠤ︾ ᠣᠷᠣᠯᠠᠨ ᠭᠦᠢᠴᠡᠳᠭᠡᠬᠦ ᠠᠵᠢᠯ ᠤᠨ ᠰᠢᠰᠲ᠋ᠧᠮ ᠢ ᠪᠠᠶᠢᠭᠤᠯᠤᠨ᠎ᠠ᠃ ᠡᠯ᠎ᠡ ᠱᠠᠲᠤᠨ ᠤ ᠵᠠᠬᠢᠳᠠᠯ | ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠨᠦᠭᠦᠳ ᠣᠷᠣᠯᠠᠨ | ᠭᠦᠢᠴᠡᠳᠭᠡᠬᠦ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ᠂ ᠭᠦᠢᠴᠡᠳᠭᠡᠬᠦ᠂ ᠵᠥᠪᠳᠡᠯᠴᠡᠬᠦ᠂ ᠬᠠᠷᠢᠭᠤ ᠲᠤᠰᠬᠠᠬᠤ | ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ | ᠠᠴᠠ ᠠᠶᠢᠮᠠᠭ ᠬᠤᠲᠠ᠂ ᠠᠶᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠣᠷᠣᠯᠠᠨ | ᠭᠦᠢᠴᠡᠳᠭᠡᠬᠦ ᠠᠷᠭ᠎ᠠ ᠵᠠᠮ ᠢ ᠰᠢᠯᠤᠭᠤᠳᠬᠠᠬᠤ ᠬᠡᠷᠡᠭᠲᠡᠶ᠃ ᠰᠦᠯᠵᠢᠶᠡᠨ ᠳᠡᠭᠡᠷ᠎ᠡ ᠣᠷᠣᠯᠠᠨ ᠭᠦᠢᠴᠡᠳᠭᠡᠬᠦ ᠶᠢ | ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ | ᠬᠦᠴᠢᠷ ᠲᠦᠪᠡᠭᠲᠡᠶ ᠨᠠᠷᠢᠨ ᠪᠤᠳᠤᠯᠢᠶᠠᠨᠲᠠᠶ᠂ ᠣᠯᠠᠨ ᠰᠠᠯᠠᠭ᠎ᠠ ᠮᠥᠴᠢᠷ ᠨᠢᠭᠡᠴᠢ ᠶᠢᠨ ᠡᠭᠦᠷᠭᠡ ᠴᠢᠳᠠᠪᠬᠢ | ᠲᠤᠰᠢᠶᠠᠯ ᠬᠠᠷᠢᠭᠤᠴᠠᠯᠭ᠎ᠠ ᠳᠤ ᠬᠤᠯᠪᠣᠭᠳᠠᠬᠤ ᠵᠦᠢᠯᠡᠰ ᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠥᠪᠳᠡᠯᠴᠡᠨ | ᠬᠦᠢᠴᠡᠳᠭᠡᠨ ᠰᠢᠢᠳᠪᠦᠷᠢᠯᠡᠬᠦ ᠰᠠᠨᠠᠯ ᠳᠤᠷᠠᠳᠴᠤ᠂ ᠴᠢᠬᠤᠯᠠᠲᠠᠶ ᠦᠶᠡᠰ ᠲᠤᠰ ᠱᠠᠲᠤᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠳᠤ ᠳᠡᠪᠰᠢᠭᠦᠯᠦᠨ ᠰᠤᠳᠤᠯᠤᠭᠤᠯᠵᠤ᠂ ᠨᠡᠶᠢᠲᠡᠯᠢᠭ ᠴᠢᠨᠠᠷᠲᠠᠶ | ᠬᠦᠴᠢᠷ ᠲᠦᠪᠡᠭᠲᠡᠶ ᠨᠠᠷᠢᠨ ᠪᠤᠳᠤᠯᠢᠶᠠᠨᠲᠠᠶ ᠵᠦᠢᠯᠡᠰ ᠢ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠨᠡᠪᠲᠡᠷᠡᠬᠦᠯᠦᠨ | ᠵᠣᠬᠢᠴᠠᠭᠤᠯᠬᠤ ᠲᠠᠪᠴᠠᠩ ᠳᠤ ᠣᠷᠣᠭᠤᠯᠤᠨ ᠰᠢᠢᠳᠪᠦᠷᠢᠯᠡᠬᠦ ᠶᠢ ᠠᠬᠢᠭᠤᠯᠤᠨ᠎ᠠ᠃ ᠡᠯ᠎ᠡ ᠱᠠᠲᠤᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ᠂ ᠡᠯ᠎ᠡ ᠰᠠᠯᠠᠭ᠎ᠠ ᠮᠥᠴᠢᠷ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠪᠠᠶᠢᠭᠤᠯᠤᠮᠵᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ | ᠴᠠᠭ ᠲᠤᠬᠠᠶ ᠳᠤᠨᠢ ᠲᠣᠬᠢᠷᠠᠭᠤᠯᠤᠨ ᠠᠬᠢᠭᠤᠯᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ | ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ | ᠨᠢᠭᠡᠴᠢ ᠶᠢᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠦᠢᠴᠡᠳᠭᠡᠨ ᠰᠢᠢᠳᠪᠦᠷᠢᠯᠡᠵᠦ ᠪᠠᠶᠢᠭ᠎ᠠ ᠪᠠᠶᠢᠳᠠᠯ ᠳᠤ | ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠯᠳᠠ ᠬᠢᠵᠦ᠂ ᠠᠯᠭᠤᠷ ᠤᠳᠠᠭᠠᠨ ᠰᠢᠢᠳᠪᠦᠷᠢᠯᠡᠵᠦ ᠪᠠᠶᠢᠭ᠎ᠠ ᠶᠢ ᠨᠢ | ᠮᠥᠷᠳᠡᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠵᠦ᠂ ᠴᠢᠬᠤᠯᠠᠲᠠᠢ ᠦᠶ᠎ᠡ ᠳᠤ ᠱᠠᠳᠤ ᠳᠡᠪᠰᠢᠭᠦᠯᠦᠨ | ᠰᠢᠢᠳᠪᠦᠷᠢᠯᠡᠭᠦᠯᠬᠦ᠂ ᠫᠠᠶᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠭᠦᠯᠬᠦ ᠪᠤᠶᠤ ᠤᠳᠤᠷᠢᠳᠬᠤ ᠺᠠᠳᠠᠷ ᠲᠧ | ᠳᠡᠪᠰᠢᠭᠦᠯᠦᠨ ᠬᠡᠷᠡᠭ ᠢ ᠳᠠᠭᠠᠭᠠᠴᠢᠯᠠᠭᠤᠯᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠬᠦᠢᠴᠡᠳᠭᠡᠬᠦ ᠵᠦᠢᠯᠡᠰ ᠢ | ᠪᠣᠳᠠᠲᠠᠢ ᠰᠢᠢᠳᠪᠦᠷᠢᠯᠡᠬᠦ ᠶᠢ ᠠᠬᠢᠭᠤᠯᠤᠨ᠎ᠠ᠃ | ᠨᠠᠢᠮᠠ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ ᠣᠯᠭᠤᠮᠵᠢ ᠪᠠᠲᠤᠯᠠᠭ᠎ᠠ ᠶᠢ | ᠨᠠᠶᠢᠳᠠᠪᠤᠷᠢᠵᠢᠭᠤᠯᠤᠨ᠎ᠠ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠭᠡᠬᠦ ᠠᠵᠢᠯ ᠤᠨ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠬᠡᠷᠡᠭᠲᠡᠶ᠃ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠭᠡᠭᠴᠢ ᠪᠣᠯᠤᠭᠰᠠᠨ ᠪᠠᠶᠢᠪᠠᠯ᠂ ᠵᠠᠮ ᠬᠠᠷᠢᠯᠴᠠᠭ᠎ᠠ᠂ ᠬᠤᠭᠤᠯᠠ ᠠᠴᠠ ᠰᠠᠭᠠᠲᠠᠭᠰᠠᠨ᠂ ᠬᠤᠨᠤᠭ ᠤᠨ ᠵᠠᠷᠤᠳᠠᠯ | ᠵᠡᠷᠭᠡ ᠶᠢ ᠪᠠᠶᠢᠭ᠎ᠠ ᠨᠢᠭᠡᠴᠢ ᠠᠴᠠ ᠨᠢ ᠲᠣᠭᠲᠠᠭᠠᠯ ᠶᠣᠰᠣᠭᠠᠷ ᠳᠠᠩᠰᠡᠠ ᠠᠴᠠ ᠲᠠᠶᠢᠯᠵᠤ ᠥᠭᠭᠦᠨ᠎ᠡ᠃ ᠪᠤᠰᠤᠳ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠳᠤ ᠱᠠᠩᠨᠠᠨ ᠨᠥᠬᠦᠪᠥᠷᠢᠯᠡᠬᠦ ᠲᠦᠷᠢᠮ ᠢ ᠬᠡᠷᠡᠭᠵᠢᠭᠦᠯᠵᠦ᠂ | ᠣᠷᠣᠯᠠᠨ ᠭᠦᠢᠴᠡᠳᠭᠡᠬᠦ ᠵᠦᠢᠯᠡᠰ ᠤᠨ ᠬᠡᠷᠡᠭ ᠢ ᠰᠢᠢᠳᠪᠦᠷᠢᠯᠡᠵᠦ ᠲᠠᠭᠤᠰᠬᠠᠭᠰᠠᠨ᠂ ᠣᠯᠠᠨ ᠲᠦᠮᠡᠨ ᠵᠠᠷᠭᠤ ᠪᠠᠨ | ᠵᠣᠭᠰᠣᠭᠠᠵᠤ ᠰᠤᠷᠪᠤᠯᠵᠢᠯᠠᠯ ᠬᠢᠬᠦ ᠪᠠᠨ ᠪᠤᠯᠢᠭᠰᠠᠨ ᠪᠣᠯ᠂ ︽ᠨᠢᠭᠡ ᠶᠠᠪᠤᠳᠠᠯ ᠳᠤ ᠨᠢᠭᠡ ᠨᠥᠬᠦᠪᠥᠷᠢ ᠥᠭᠬᠦ︾ | ᠵᠠᠷᠴᠢᠮ ᠶᠣᠰᠣᠭᠠᠷ᠂ ᠣᠷᠣᠯᠠᠨ ᠭᠦᠢᠴᠡᠳᠭᠡᠭᠰᠡᠨ ᠵᠦᠢᠯᠡᠰ ᠤᠨ ᠬᠦᠴᠢᠷ ᠪᠠ ᠬᠢᠯᠪᠠᠷ ᠤᠨ ᠬᠡᠮᠵᠢᠶ᠎ᠡ᠂ ᠣᠷᠣᠯᠠᠨ | ᠭᠦᠢᠴᠡᠳᠭᠡᠭᠰᠡᠨ ᠥᠪᠡᠷ ᠤᠨ ᠥᠷᠲᠡᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠱᠠᠩᠨᠠᠬᠤ ᠪᠤᠶᠤ | ᠨᠥᠬᠦᠪᠥᠷᠢ ᠥᠭᠭᠦᠨ᠎ᠡ᠂ ᠪᠣᠳᠠᠲᠠᠶ ᠱᠠᠩᠨᠠᠨ ᠨᠥᠬᠦᠪᠥᠷᠢᠯᠡᠬᠦ ᠠᠷᠭ᠎ᠠ ᠶᠢ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠠᠴᠠ ᠪᠣᠳᠠᠲᠠᠶ ᠲᠠᠢ ᠪᠠᠨ ᠤᠶᠠᠯᠳᠤᠭᠤᠯᠤᠨ ᠲᠤᠭᠳᠠᠭᠠᠨ᠎ᠠ᠃ | ᠵᠢᠰᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠭᠡᠬᠦ ᠲᠦᠷᠢᠮ ᠢ ᠬᠡᠷᠡᠭᠵᠢᠭᠦᠯᠬᠦ ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ | ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠤᠳᠤᠷᠢᠳᠬᠤ ᠪᠠᠭ ᠪᠣᠯᠤᠨ | ᠤᠳᠤᠷᠢᠳᠬᠤ ᠺᠠᠳ᠋ᠷ ᠤᠨ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ᠂ ᠪᠣᠳᠠᠲᠤ ᠠᠵᠢᠯ ᠤᠨ | ᠪᠦᠳᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ | ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠠᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ | ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠳ ᠵᠠᠬᠢᠳᠠᠯ | ᠰᠤᠷᠪᠤᠯᠵᠢᠯᠠᠯ ᠢ ᠣᠷᠣᠯᠠᠨ ᠭᠦᠢᠴᠡᠳᠭᠡᠬᠦ ᠠᠵᠢᠯ ᠤᠨ ᠤᠬᠠᠭᠤᠯᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠠᠵᠢᠯ ᠢ ᠬᠢᠨᠠᠯᠲᠠ ᠲᠠᠯᠪᠢᠵᠤ | ᠰᠠᠬᠢᠯᠭ᠎ᠠ ᠪᠠᠲᠤ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠤ᠂ ᠠᠯᠪᠠ ᠬᠠᠰᠢᠵᠤ ᠠᠮᠠ ᠪᠥᠭᠯᠡᠭᠰᠡᠨ᠂ ᠲᠤᠰᠢᠶᠠᠯ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠭᠰᠡᠨ ᠥᠬᠡᠶ ᠨᠢᠭᠡᠴᠢ ᠪᠣᠯᠤᠨ ᠬᠤᠪᠢ ᠬᠥᠮᠦᠨ ᠠᠴᠠ ᠲᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠳᠤᠮᠳᠠᠬᠢ ᠴᠢᠬᠤᠯᠠ ᠠᠰᠠᠭᠤᠳᠠᠯ ᠪᠤᠯᠤᠨ ᠴᠢᠬᠤᠯᠠ ᠶᠡᠭᠡ ᠪᠠᠶᠢᠳᠠᠯ ᠢ ᠴᠠᠭ ᠲᠤᠬᠠᠶ ᠳᠤᠨᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠶ᠃ | |