ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/1/25
   ᠵᠠᠩ ᠶᠠᠨ ᠺᠦᠨ ᠬᠤᠷᠠᠯ ᠢ ᠡᠷᠬᠢᠯᠡᠵᠠᠢ   1 ᠰᠠᠷ᠎ᠠ ᠶᠢᠨ 24 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠭᠢᠯᠡᠵᠠᠢ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ 2023 ᠣᠨ ᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠪᠠᠶᠢᠳᠠᠯ ᠢ ᠵᠠᠷᠯᠡᠨ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠣ᠋᠂ ᠸᠧᠶ ᠭᠦᠸᠧ ᠨᠠᠨ᠂ ᠠᠨ ᠷᠦᠨ ᠱᠧᠩ᠂ ᠵᠠᠩ ᠪᠠᠶ ᠴᠧᠩ᠂ ᠶᠠᠩ ᠵᠢᠶᠧ᠂ ᠰᠦᠨ ᠵᠢᠶᠦ᠋ᠨ ᠴᠢᠩ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠶ᠃   ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠪᠣᠯᠤᠨ ᠬᠤᠯᠪᠣᠭᠳᠠᠯ ᠪᠦᠬᠦᠢ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠰᠣᠨᠣᠰᠪᠠ᠃   ᠬᠤᠸᠠᠩ ᡁᠢ ᠴᠢᠶᠠᠩ ᠵᠠᠷᠯᠠᠨ ᠮᠡᠳᠡᠭᠳᠡᠬᠦ ᠳᠡᠭᠡᠨ᠂ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠦᠯᠢᠶᠡᠬᠦ᠂ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠬᠤ ᠪᠦᠲᠦᠮᠵᠢᠲᠡᠢ ᠠᠷᠭ᠎ᠠ ᠵᠠᠮ ᠪᠣᠯᠭᠠᠬᠤ ᠶᠢ ᠪᠠᠷᠢᠮᠲᠠᠯᠠᠵᠤ᠂ ᠪᠦᠬᠦ ᠵᠢᠯ ᠳᠤ 737 ᠬᠤᠪᠢ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠠᠬᠢᠭᠤᠯᠵᠤ᠂ ᠰᠢᠢᠳᠪᠦᠷᠢᠯᠡᠬᠦ ᠶᠠᠰᠤ ᠴᠢᠨᠠᠷ ᠢᠯᠡᠳᠲᠡ ᠳᠡᠭᠡᠭᠰᠢᠯᠡᠵᠦ᠂ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠬᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢ ᠴᠢᠬᠤᠯᠠ ᠦᠢᠯᠡᠳᠦᠯ ᠦᠵᠡᠭᠦᠯᠵᠡᠢ ᠬᠡᠵᠤ ᠬᠡᠯᠡᠪᠡ᠃   ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠡᠭ ᠪᠠᠶᠢᠩᠭᠤ ᠶᠢᠨ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠮᠡᠳᠡᠬᠦᠯᠦᠯᠳᠠ ᠶᠢ ᠰᠤᠨᠤᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠵᠢᠴᠢ ᠮᠠᠨᠵᠤᠤᠷ᠂ ᠡᠷᠢᠶᠡᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠥᠪᠯᠡᠬᠦ ᠠᠷᠠᠳᠴᠢᠯᠠᠯ ᠤᠨ ᠡᠮᠡᠭᠲᠡᠶᠢᠴᠦᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号