︵2024 ᠣᠨ ᠤ 1 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠳᠥᠷᠪᠡᠳᠦᠭᠡᠷ ᠪᠦᠬᠦᠳᠠ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠠ ᠬᠤᠷᠠᠯ | 2024 ᠣᠨ ᠤ 1 ᠰᠠᠷ᠎ᠠ ᠶᠢᠨ 23 ᠠᠴᠠ 24 ᠤ ᠡᠳᠦᠷ ᠪᠣᠯᠲᠠᠯ᠎ᠠ ᠬᠥᠬᠡᠬᠤᠲᠠ ᠳᠤ ᠬᠤᠷᠠᠯᠳᠤᠪᠠ᠃ ᠡᠨᠡ | ᠤᠳᠠᠭ᠎ᠠ ᠶᠢᠨ ᠪᠦᠭᠦᠳᠡ ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠭᠡᠰᠢᠭᠦᠨ 40 ᠬᠥᠮᠦᠨ ᠣᠷᠣᠯᠴᠠᠵᠤ᠂ 141 ᠬᠥᠮᠦᠨ ᠰᠤᠯᠠ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠪᠦᠬᠦᠳᠠ ᠬᠤᠷᠠᠯ ᠳᠤ ᠣᠷᠣᠯᠴᠠᠭᠰᠠᠨ | ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠡ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠶ᠊ ᠡᠶ᠎ᠡ᠂ | ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠥᠨᠳᠥᠷ ᠵᠡᠷᠭᠡ ᠶᠢᠨ ᠰᠢᠭᠦᠬᠦ ᠬᠤᠷᠶ᠊ ᠡᠶ᠎ᠡ᠂ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠨᠥᠬᠦᠳ ᠬᠤᠷᠠᠯ ᠳᠤ | ᠣᠷᠣᠯᠴᠠᠵᠠᠢ᠃ | ᠪᠥᠬᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠠᠴᠠ ᠡᠷᠭᠢᠯᠡᠪᠡ᠃ ᠪᠥᠬᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠭᠤᠷᠪᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | 2023 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠵᠦ᠂ 2024 ᠣᠨ ᠤ | ᠡᠭᠦᠷᠭᠡ ᠶᠢ ᠪᠠᠶᠢᠷᠢᠯᠠᠭᠤᠯᠵᠤ᠂ ᠯᠢᠦ ᠱᠤᠸᠠᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠪᠥᠬᠦ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠭᠡ ᠪᠠᠲᠤᠯᠠᠭ᠎ᠠ ᠬᠠᠩᠭᠠᠨ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ | ᠵᠥᠪᠯᠡᠵᠦ ᠪᠠᠲᠤᠯᠠᠨ᠂ ᠰᠡᠷᠡᠮᠵᠢᠯᠡᠭᠦᠯᠦᠯ ᠬᠥᠮᠦᠵᠢᠯ ᠤᠨ ᠹᠢᠯᠢᠮ ᠢ ᠲᠥᠪᠯᠡᠷᠡᠩᠭᠦᠢ ᠦᠵᠡᠪᠡ᠃ | ᠪᠦᠬᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠯᠢ ᠰᠢ | ᠨᠥᠬᠦᠷ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠶ᠊ ᠡᠶ᠎ᠡ ᠶᠢ ᠲᠥᠯᠥᠭᠡᠯᠡᠵᠦ | ᠬᠢᠭᠰᠡᠨ ᠠᠵᠢᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠭᠦᠨᠵᠡᠭᠡᠢ | ᠣᠶᠢᠯᠠᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ | ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯᠪᠡᠭ ᠪᠠᠶᠠᠯᠢᠭ | ᠦᠢᠯᠡᠳᠦᠯᠭᠡ ᠶᠢᠨ ᠲᠤᠷᠰᠢᠯᠭ᠎ᠠ ᠪᠣᠯᠤᠨ ᠴᠢᠬᠤᠯᠠ ᠤᠨᠤᠯ ᠤᠨ ᠦᠷ᠎ᠡ ᠪᠦᠲᠦᠭᠡᠯ ᠢ ᠨᠢᠭᠲᠠᠷᠠᠭᠤᠯᠵᠤ᠂ ᠪᠦᠬᠦ | ᠨᠠᠮ ᠤᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ | ᠢᠯᠵᠠᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠰᠢᠨ᠎ᠡ | ᠠᠶᠠᠨ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ | ᠦᠵᠡᠯ ᠰᠠᠨᠠᠭᠠᠨ ᠤ ᠵᠡᠪᠰᠡᠭ ᠪᠣᠯᠤᠨ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠵᠠᠢ᠃ | ᠯᠢ ᠰᠢ ᠨᠥᠬᠦᠷ ᠤᠨ ᠬᠢᠭᠰᠡᠨ ᠠᠵᠢᠯ ᠤᠨ ᠮᠡᠳᠡᠭᠦᠯᠦᠯᠲᠡ ᠨᠢ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠥᠪᠡᠷ ᠪᠡᠶ᠎ᠡ ᠶᠢᠨ ᠬᠤᠪᠢᠰᠬᠠᠯ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠬᠤ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ | ᠲᠤᠬᠠᠶ ᠪᠠᠶᠢᠷᠢᠯᠠᠭᠤᠯᠤᠯᠲᠠ ᠬᠢᠵᠦ᠂ ᠭᠤᠤᠯ ᠰᠡᠳᠦᠪ ᠨᠢ ᠢᠯᠡ ᠲᠣᠳᠣ᠂ ᠭᠤᠤᠯᠳᠠᠯᠭ᠎ᠠ ᠨᠢ ᠲᠣᠪᠤᠶᠢᠮ᠎ᠠ᠂ | ᠪᠣᠳᠠᠲᠠᠶ ᠶᠢ ᠡᠷᠬᠢᠮᠯᠡᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠭᠦᠨᠵᠡᠭᠡᠶ ᠠᠬᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠰᠦᠨ ᠱᠤᠤ | ᠴᠧᠩ ᠨᠥᠬᠦᠷ ᠤᠨ ᠶᠠᠷᠢᠶ᠎ᠠ ᠨᠢ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ | ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠪᠠ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ | ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠵᠦ᠂ ᠪᠦᠬᠦ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠱᠠᠭᠠᠷᠳᠠᠯᠭ᠎ᠠ | ᠳᠤᠷᠠᠳᠴᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠶᠤᠮ᠃ | ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ᠬᠢᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢᠶᠠᠷ᠂ ᠭᠦᠨ ᠵᠤᠵᠠᠭᠠᠨ ᠬᠠᠶᠢᠷ᠎ᠠ | ᠰᠡᠳᠭᠢᠯᠭᠡ ᠶᠢ ᠡᠪᠦᠷᠯᠡᠵᠦ᠂ ᠡᠷᠡᠰ ᠪᠠᠲᠤ ᠢᠲᠡᠭᠡᠯ ᠪᠢᠰᠢᠷᠡᠯ ᠢ ᠡᠪᠦᠷᠯᠡᠵᠦ᠂ ᠴᠢᠩᠭ᠎ᠠ ᠡᠭᠦᠷᠭᠡ ᠬᠠᠷᠢᠭᠤᠴᠠᠯᠭ᠎ᠠ ᠶᠢ | ᠡᠪᠦᠷᠯᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠨᠠᠷᠢᠯᠢᠭ ᠣᠶᠢᠯᠠᠭᠠᠵᠤ ᠪᠠᠲᠤᠲᠠᠢ ᠦᠢᠯᠡᠳᠦᠯᠭᠡᠵᠢᠭᠦᠯᠵᠦ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠠᠬᠢᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠭᠡᠪᠡ᠃ | ᠪᠦᠬᠦᠳᠡ ᠬᠤᠷᠠᠯ ᠠᠴᠠ᠂ 2023 ᠣᠨ ᠳᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ | ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠡᠭᠦᠷᠭᠡ ᠪᠠᠨ ᠨᠡᠯᠢᠶᠡᠳ ᠰᠠᠶᠢᠨ | ᠪᠡᠶᠡᠯᠡᠭᠦᠯᠪᠡ᠃ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠯᠢᠪᠠ ᠠᠵᠢᠯ ᠢ ᠴᠥᠬᠦᠷᠡᠰᠢ ᠦᠭᠡᠢ ᠶᠡᠷᠦᠩᠬᠡᠶᠢᠯᠡᠨ ᠵᠢᠯᠤᠭᠤᠳᠤᠭᠤᠯᠵᠤ᠂ | ᠶᠡᠷᠦᠩᠬᠡᠢ ᠱᠦᠵᠢ ᠶᠢ ᠲᠠᠭᠠᠨ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠪᠠ᠃ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠬᠠᠮᠵᠢᠨ ᠨᠠᠮ ᠤᠨ ᠳᠣᠲᠣᠭᠠᠳᠤ ᠶᠢᠨ ᠬᠢᠨᠠᠯᠲᠠ ᠪᠠᠷ | ᠤᠳᠤᠷᠢᠳᠤᠮᠵᠢ ᠪᠣᠯᠭᠠᠭᠰᠠᠨ᠂ ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠡᠴᠡ ᠶᠢ | ᠰᠦᠪᠡᠭᠴᠢᠯᠡᠨ ᠪᠠᠶᠢᠭᠤᠯᠪᠠ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠢᠩᠭᠠᠳᠬᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠳᠤᠮᠳᠠᠬᠢ ︽ᠰᠠᠭᠠᠳ ᠲᠤᠳᠬᠠᠷ︾᠂ ︽ᠰᠠᠭᠠᠳ ᠲᠤᠱᠠᠭ᠎ᠠ︾ | ᠶᠢ ᠡᠷᠡᠰ ᠠᠷᠢᠯᠭᠠᠪᠠ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ | ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠤᠰ ᠲᠦᠷᠦ ᠶᠢᠨ ᠲᠣᠭᠤᠷᠢᠨ | ᠪᠠᠶᠢᠴᠠᠭᠠᠯᠲᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠪᠡ᠃ ᠲᠦᠢᠯᠪᠤᠷᠢᠲᠠᠢ ᠥᠪᠡᠷ ᠪᠡᠶ᠎ᠡ ᠶᠢᠨ | ᠬᠤᠪᠢᠰᠬᠠᠯ ᠤᠨ ᠵᠣᠷᠢᠭ ᠰᠠᠨᠠᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ | ᠬᠥᠮᠦᠵᠢᠭᠦᠯᠦᠨ ᠴᠡᠭᠴᠡᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠠᠮᠵᠢᠯᠲᠠ ᠪᠠᠨ ᠨᠤᠲᠠᠯᠠᠬᠤ ᠶᠢᠨ | ᠬᠠᠮᠲᠤ᠂ ᠪᠦᠬᠦ ᠣᠷᠣᠨ ᠤ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ | ᠦᠨᠡᠨ ᠢ ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠷᠭᠦᠯᠵᠢᠯᠡᠨ ᠰᠢᠢᠳᠪᠦᠷᠢᠯᠡᠬᠦ ᠶᠢ | ᠱᠠᠭᠠᠷᠳᠠᠵᠠᠢ ᠭᠡᠵᠦ ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ | ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠡᠷᠡᠰ | ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠵᠤ᠂ ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠢᠢ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠤᠣᠯ | ᠰᠡᠳᠦᠪᠲᠦ ᠬᠥᠮᠦᠵᠢᠯ ᠪᠣᠯᠤᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠥᠬᠦᠳᠡ | ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ | ᠨᠠᠮ ᠤᠨ ᠳᠦᠷᠢᠮ ᠪᠠ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠭᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ | ᠪᠦᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠭᠡᠨ ᠠᠬᠢᠭᠤᠯᠵᠤ᠂ ᠬᠦᠴᠦᠲᠡᠢ ᠪᠦᠲᠦᠮᠵᠢᠲᠡᠢ ᠦᠢᠯᠡᠴᠢᠯᠡᠭᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠶᠢ ᠪᠠᠲᠤᠯᠠᠬᠤ ᠬᠡᠷᠡᠭᠲᠡᠢ᠃ | ᠨᠢᠭᠡᠳᠦᠭᠡᠷ ᠲᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠭᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠭᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠢᠢ ᠴᠥᠬᠦᠷᠡᠰᠢ ᠦᠭᠡᠢ ᠪᠠᠷᠢᠮᠲᠠᠯᠠᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠢᠯᠠᠩᠭᠤᠶ᠎ᠠ ᠨᠠᠮ ᠤᠨ ᠥᠪᠡᠷ ᠪᠡᠶ᠎ᠠ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠪᠣᠯᠤᠨ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠥᠮᠦᠵᠢᠯ | ᠪᠣᠯᠪᠠᠰᠤᠷᠠᠯ ᠤᠨ ᠭᠤᠣᠯ ᠰᠡᠳᠦᠪ ᠭᠤᠣᠯ ᠰᠢᠵᠢᠮ ᠪᠣᠯᠭᠠᠵᠤ᠂ ᠭᠦᠨᠵᠡᠭᠡᠶᠢᠷᠡᠭᠦᠯᠬᠦ᠂ ᠬᠠᠳᠠᠩᠰᠢᠭᠤᠯᠬᠤ᠂ | ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ ᠶᠢ ᠪᠠᠲᠤᠯᠠᠬᠤ ᠦᠵᠡᠯ ᠰᠠᠨᠠᠭᠠᠨ ᠤ ᠤᠬᠠᠮᠰᠠᠷ ᠤᠯᠤᠰ ᠲᠦᠷᠦ ᠶᠢᠨ | ᠤᠬᠠᠮᠰᠠᠷ ᠦᠢᠯᠡ ᠠᠵᠢᠯᠯᠠᠭ᠎ᠠ ᠶᠢᠨ ᠤᠬᠠᠮᠰᠠᠷ ᠪᠠ ᠪᠣᠳᠠᠲᠤ ᠦᠷ᠎ᠡ ᠪᠦᠲᠦᠮᠵᠢ ᠪᠣᠯᠭᠠᠨ ᠲᠠᠰᠤᠷᠠᠯᠲᠠ ᠦᠭᠡᠢ | ᠬᠤᠪᠢᠷᠠᠭᠤᠯᠤᠨ᠎ᠠ᠃ | ᠬᠤᠶᠠᠳᠤᠭᠠᠷ ᠲᠤ᠂ ᠤᠯᠤᠰ ᠲᠦᠷᠦ ᠶᠢᠨ ᠬᠢᠨᠠᠯᠲᠠ ᠶᠢ ᠭᠦᠨᠵᠡᠭᠡᠶᠢᠷᠡᠭᠦᠯᠵᠦ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ | ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ᠂ ᠤᠯᠤᠰ | ᠲᠦᠷᠦ ᠶᠢᠨ ᠠᠮᠤᠷ ᠲᠦᠪᠰᠢᠨ᠂ ᠤᠯᠤᠰ ᠲᠦᠷᠦ ᠶᠢᠨ ᠬᠠᠷᠢᠭᠤᠴᠠᠯᠭ᠎ᠠ᠂ ᠤᠯᠤᠰ ᠲᠦᠷᠦ ᠶᠢᠨ ᠵᠣᠭᠰᠣᠯᠲᠠ᠂ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ | ᠲᠦᠷᠦ ᠶᠢᠨ ᠵᠥᠷᠢᠶ᠎ᠡ ᠶᠢ ᠡᠷᠡᠰ ᠵᠠᠯᠠᠷᠠᠭᠤᠯᠵᠤ᠂ ᠤᠯᠤᠰ ᠲᠦᠷᠦ ᠶᠢᠨ ᠬᠡᠮ ᠰᠣᠭᠤᠭ ᠢ ᠴᠠᠭ ᠲᠤᠬᠠᠢ ᠳᠤᠨᠢ | ᠠᠷᠢᠯᠭᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ | ᠭᠤᠤᠯ ᠰᠢᠵᠢᠮ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠢ ᠤᠯᠠᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ | ᠲᠣᠭᠤᠷᠢᠨ ᠳᠤ ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠬᠠᠮᠵᠢᠨ ᠨᠠᠮ ᠤᠨ | ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠭᠰᠠᠨ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠭᠦᠯᠦᠨ | ᠵᠣᠬᠢᠴᠠᠭᠤᠯᠬᠤ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠬᠦᠯᠵᠦ᠂ ᠭᠤᠯᠳᠤ ᠪᠠᠷ ᠨᠡᠪᠲᠡᠷᠡᠭᠦᠯᠬᠦ᠂ | ᠬᠥᠨᠳᠡᠯᠡᠨ ᠢᠶᠠᠷ ᠬᠤᠯᠪᠣᠯᠳᠤᠭᠤᠯᠬᠤ ᠶᠢ ᠠᠬᠢᠭᠤᠯᠤᠨ᠎ᠠ᠃ | ᠭᠤᠷᠪᠠᠳᠤᠭᠠᠷ ᠲᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠶᠢ | ᠭᠦᠨᠵᠡᠭᠡᠶᠢᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠠᠷᠰᠢ ᠰᠠᠭᠠᠳ ᠢ ᠠᠷᠢᠯᠭᠠᠵᠤ ᠠᠶᠠᠯᠠᠯ ᠢ | ᠬᠠᠮᠠᠭᠠᠯᠠᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠥᠯᠪᠡᠭᠡᠯᠳᠦᠭᠰᠡᠨ ᠢᠯᠵᠠᠷᠠᠯ ᠢ ᠴᠢᠩᠭ᠎ᠠ ᠵᠠᠯᠬᠠᠭᠠᠨ | ᠰᠢᠢᠳᠭᠡᠬᠦ ᠶᠢ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ ᠪᠣᠯᠭᠠᠵᠤ᠂ | ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ᠂ ᠰᠠᠭᠤᠷᠢ | ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ | ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠨᠡᠭᠦᠷᠡᠰᠦᠨ ᠤ | ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ | ᠵᠠᠰᠠᠬᠤ ᠠᠵᠢᠯ ᠢ ᠭᠦᠨᠵᠡᠭᠡᠶ ᠰᠠᠶᠢᠲᠤᠷ ᠠᠳᠬᠤᠨ᠎ᠠ᠃ ᠬᠠᠭ᠋ᠤᠤᠯᠢ ᠲᠦᠯᠬᠢᠬᠦ ᠦᠢᠯᠡ ᠠᠵᠢᠯᠯᠠᠭ᠎ᠠ ᠶᠢ ᠴᠢᠩᠭ᠎ᠠ | ᠰᠢᠢᠳᠭᠡᠵᠦ᠂ ᠭᠤᠣᠯᠳᠠᠯᠭ᠎ᠠ ᠲᠠᠢ ᠬᠠᠭ᠋ᠤᠤᠯᠢ ᠲᠦᠯᠬᠢᠭᠴᠢ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠤᠨ᠎ᠠ᠃ ᠬᠡᠷᠡᠭ ᠢᠶᠠᠷ ᠴᠡᠭᠴᠡᠯᠡᠬᠦ ᠶᠢ ᠠᠬᠢᠭᠤᠯᠵᠤ ᠵᠠᠰᠠᠬᠤ ᠶᠢ ᠠᠬᠢᠭᠤᠯᠬᠤ ᠪᠠ ᠵᠥᠪ ᠪᠤᠷᠤᠭᠤ | ᠬᠤᠶᠠᠷ ᠲᠠᠯ᠎ᠠ ᠶᠢᠨ ᠬᠥᠮᠦᠵᠢᠯ ᠢ ᠴᠢᠩᠭᠠᠳᠬᠠᠬᠨᠠ᠃ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠤᠨ | ᠲᠠᠬᠢᠨ ᠡᠭᠦᠰᠭᠦ ᠶᠢ ᠡᠷᠡᠰ ᠰᠡᠷᠭᠡᠶᠢᠯᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠢ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠦᠪ ᠪᠤᠰᠤ ᠰᠤᠷᠳᠠᠯ ᠢᠯᠵᠠᠷᠠᠯ ᠢ | ᠬᠠᠮᠲᠤ ᠳᠤᠨᠢ ᠪᠠᠶᠢᠴᠠᠭᠠᠵᠤ ᠬᠠᠮᠲᠤ ᠳᠤᠨᠢ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠤᠨ᠎ᠠ᠃ ᠺᠠᠳ᠋ᠷ ᠤᠯᠠᠨ | ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠴᠡᠯᠡᠨ ᠵᠠᠰᠠᠵᠤ᠂ | ᠤᠳᠤᠷᠢᠳᠬᠤ ᠪᠠᠶᠢᠭᠤᠯᠭ᠎ᠠ ᠠᠴᠠ ᠡᠬᠢᠯᠡᠨ ᠠᠳᠬᠤᠵᠤ᠂ ᠤᠳᠤᠷᠢᠳᠬᠤ ᠺᠠᠳ᠋ᠷ ᠠᠴᠠ ᠡᠬᠢᠯᠡᠨ ᠥᠭᠡᠷᠡᠴᠢᠯᠡᠵᠦ᠂ | ᠠᠵᠢᠯ ᠬᠢᠬᠦ ᠦᠭᠡᠢ ᠳᠤᠷ᠎ᠠ ᠪᠠᠷ ᠢᠶᠠᠨ ᠦᠢᠯᠡᠳᠬᠦ᠂ ᠠᠵᠢᠯ ᠬᠢᠬᠦ ᠦᠭᠡᠢ ᠳᠤ ᠰᠢᠯᠲᠠᠭᠠᠨ ᠡᠷᠢᠬᠦ᠂ ︽ᠭᠤᠷᠪᠠᠨ | ᠤᠯᠠᠨ ᠭᠤᠷᠪᠠᠨ ᠴᠥᠭᠡᠨ ᠭᠤᠷᠪᠠᠨ ᠤᠳᠠᠭᠠᠨ︾᠂ ︽ᠤᠳᠠᠭᠠᠨ ᠪᠦᠳᠦᠭᠦᠯᠢᠭ ᠬᠡᠶᠢᠰᠪᠤᠷᠢ︾ ᠵᠢᠴᠢ ᠦᠨᠳᠦᠰᠦᠨ | ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠵᠡᠷᠭᠡ ᠲᠤᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ | ᠂ ᠰᠠᠶᠢᠨ ᠰᠤᠷᠲᠠᠯ ᠢ ᠥᠪᠥᠷ ᠮᠣᠩᠭᠤᠯ ᠤᠨ ᠬᠡᠪ ᠵᠠᠩᠰᠢᠯ ᠪᠣᠯᠭᠠᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ | ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠨ | ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠠᠨᠠ᠃ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ | ᠣᠨᠣᠪᠴᠢᠲᠠᠶ ᠵᠢᠷᠤᠮᠵᠢᠭᠤᠯᠤᠨ ᠬᠡᠷᠡᠭᠯᠡᠬᠦ ᠪᠠᠷ ᠤᠳᠤᠷᠢᠳᠤᠮᠵᠢ ᠪᠣᠯᠭᠠᠵᠤ ᠰᠠᠬᠢᠯᠭ᠎ᠠ ᠪᠠᠲᠤ ᠶᠢ ᠴᠢᠩᠭ᠎ᠠ | ᠬᠡᠷᠡᠭᠵᠢᠭᠦᠯᠤᠨ᠎ᠠ᠃ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠨᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠺᠠᠳ᠋ᠷᠴᠤᠳ ᠤᠨ ᠬᠠᠷᠢᠭᠤᠴᠠᠯᠭ᠎ᠠ | ᠡᠭᠦᠷᠭᠡᠯᠡᠬᠦ ᠶᠢ ᠵᠣᠷᠢᠭᠵᠢᠭᠤᠯᠬᠤ ᠶᠢ 12 ᠵᠦᠢᠯ ᠤᠨ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ ᠪᠠᠭᠳᠠᠭᠠᠬᠤ ᠪᠠ | ᠵᠠᠯᠠᠷᠠᠭᠤᠯᠬᠤ 8 ᠵᠦᠢᠯ ᠤᠨ ᠰᠠᠨᠠᠯ ᠢ ᠭᠦᠨᠵᠡᠭᠡᠶ ᠨᠠᠶᠢᠳᠠᠪᠤᠷᠢᠵᠢᠭᠤᠯᠵᠤ᠂ ︽ᠭᠤᠷᠪᠠ ᠶᠢ ᠢᠯᠭᠠᠬᠤ︾ | ᠱᠠᠭᠠᠷᠳᠠᠯᠭ᠎ᠠ ᠶᠢ ᠪᠣᠳᠠᠲᠠᠶᠢᠵᠢᠭᠤᠯᠤᠨ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠠᠭᠤᠴᠢᠯᠠᠨ ᠪᠠᠭᠲᠠᠭᠠᠪᠡᠯ | ᠵᠤᠬᠢᠬᠤ ᠶᠢ ᠨᠢ ᠪᠦᠬᠦᠨ ᠢ ᠠᠭᠤᠴᠢᠯᠡᠨ ᠪᠠᠭᠲᠠᠭᠠᠵᠤ᠂ ᠵᠠᠯᠬᠠᠭᠠᠨ ᠰᠢᠢᠳᠭᠡᠪᠡᠯ ᠵᠤᠬᠢᠬᠤ ᠶᠢ ᠨᠢ ᠵᠠᠪᠠᠯ ᠵᠠᠯᠬᠠᠭᠠᠨ | ᠰᠢᠢᠳᠭᠡᠨ᠎ᠠ᠃ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠪᠠᠷ ᠭᠠᠷᠳᠠᠴᠠ ᠪᠣᠯᠭᠠᠨ | ᠨᠠᠮ ᠢ ᠬᠠᠮᠢᠶᠠᠷᠴᠤ ᠨᠠᠮ ᠢ ᠵᠠᠰᠠᠬᠤ ᠬᠠᠮᠲᠤᠷᠠᠯ ᠬᠦ᠋ᠴᠦᠨ ᠢ ᠨᠢᠭᠲᠠᠷᠠᠭᠤᠯᠤᠨ᠎ᠠ᠃ ᠬᠠᠷᠢᠭᠤᠴᠠᠯᠭ᠎ᠠ ᠨᠡᠬᠡᠮᠵᠢᠯᠡᠬᠦ | ᠲᠦᠷᠢᠮ ᠢ ᠲᠡᠭᠦᠯᠳᠡᠷᠵᠢᠭᠦᠯᠦᠨ᠎ᠡ᠃ | ᠳᠥᠷᠪᠡᠳᠦᠭᠡᠷ ᠲᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ ᠭᠦᠨᠵᠡᠭᠡᠶᠢᠷᠡᠭᠦᠯᠵᠦ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠬᠤᠷᠴᠠ ᠰᠡᠯᠡᠮ᠎ᠡ ᠶᠢᠨ ᠦᠢᠯᠡᠳᠦᠯ ᠢᠶᠠᠨ | ᠪᠠᠳᠠᠷᠠᠭᠤᠯᠤᠨ᠎ᠠ᠃ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠡᠭᠦᠷᠭᠡ ᠴᠢᠳᠠᠪᠬᠢ ᠶᠢᠨ ᠪᠠᠶᠢᠷᠢ | ᠲᠣᠭᠲᠠᠭᠠᠯᠲᠠ ᠶᠢ ᠪᠠᠲᠤ ᠰᠠᠬᠢᠵᠤ᠂ ᠪᠦᠬᠦ ᠵᠢᠯ ᠤᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ | ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠲᠡᠰ ᠳᠡᠪᠰᠢᠭᠦᠯᠦᠨ ᠲᠣᠭᠤᠷᠢᠨ ᠪᠠᠶᠢᠴᠠᠭᠠᠬᠤ᠂ ᠬᠤᠯᠪᠣᠭᠠᠯᠠᠨ | ᠬᠥᠳᠡᠯᠦᠯᠴᠡᠵᠤ ᠲᠣᠭᠤᠷᠢᠨ ᠪᠠᠶᠢᠴᠠᠭᠠᠬᠤ ᠶᠢ ᠬᠠᠶᠢᠨ ᠰᠦᠪᠡᠭᠴᠢᠯᠡᠨ᠎ᠡ᠃ ᠬᠤᠲᠠ ᠰᠢᠶᠠᠨ ᠤ ᠴᠠᠭᠳᠠᠨ | ᠪᠠᠶᠢᠴᠠᠭᠠᠯᠲᠠ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠣᠭᠤᠷᠢᠨ | ᠪᠠᠶᠢᠴᠠᠭᠠᠬᠤ ᠠᠵᠢᠯ ᠤᠨ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠨᠢᠭᠡ ᠯᠡ ᠱᠤᠭᠤᠮ︾ ᠤᠨ ᠠᠵᠢᠯ ᠤᠨ ᠲᠣᠭᠲᠠᠴᠠ ᠶᠢ | ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠲᠠᠪᠤᠳᠤᠭᠠᠷ ᠲᠤ᠂ ᠠᠷᠠᠳ ᠤᠨ ᠲᠥᠯᠥᠭᠡ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠶᠢ | ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ ᠣᠯᠠᠨ ᠲᠦᠮᠡᠨ ᠤ ᠢᠯᠡᠴᠢᠯᠡᠨ ᠵᠠᠭᠠᠯᠳᠤᠬᠤ ᠶᠢ | ︽ᠦᠯᠡᠳᠡᠭᠳᠡᠯ ᠢ ᠪᠦᠬᠦᠨ ᠢ ᠰᠢᠢᠳᠪᠦᠷᠢᠯᠡᠬᠦ᠂ ᠨᠡᠮᠡᠭᠳᠡᠯ ᠢ ᠲᠠᠷᠤᠢ ᠲᠦᠷᠭᠡᠨ ᠠᠷᠢᠯᠭᠠᠬᠤ︾ ᠢᠢ ᠦᠷᠭᠦᠯᠵᠢᠯᠡᠨ | ᠠᠬᠢᠭᠤᠯᠤᠨ᠎ᠠ᠃ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ | ᠳᠤᠯᠠᠭᠠᠯᠠᠭ᠎ᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠵᠤ᠂ ᠢᠳᠡᠬᠦ ᠲᠦᠪᠡᠭᠳᠡᠬᠦᠯᠬᠦ ᠭᠠᠴᠢᠬᠤ ᠠᠪᠬᠤ᠂ ᠲᠦᠷᠦᠯ ᠰᠠᠳᠤᠨ ᠨᠠᠶᠢᠵᠠ ᠨᠥᠬᠦᠳ ᠢᠶᠠᠨ | ᠬᠠᠷᠠᠭᠠᠯᠵᠠᠬᠤ ᠵᠡᠷᠭᠡ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠶᠢ ᠡᠷᠡᠰ | ᠵᠠᠯᠠᠷᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ ︽ᠬᠠᠮᠠᠭᠠᠯᠠᠭᠴᠢ ᠰᠢᠬᠦᠷ | ᠬᠠᠷᠢᠴᠠᠭᠠᠨ ᠤ ᠲᠤᠤᠷ ᠢ ᠡᠪᠳᠡᠬᠦ︾ ᠢᠢ ᠪᠠᠶᠢᠩᠭᠤᠵᠢᠭᠤᠯᠬᠤ ᠲᠣᠭᠲᠠᠴᠠᠵᠢᠭᠤᠯᠬᠤ ᠶᠢ ᠠᠬᠢᠭᠤᠯᠤᠨ᠎ᠠ᠃ | ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠰᠦᠪᠡᠭᠴᠢᠯᠡᠵᠦ᠂ ᠦᠨᠳᠦᠰᠦᠨ | ᠱᠠᠲᠤᠨ ᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ | ᠵᠢᠷᠭᠤᠳᠤᠭᠠᠷ ᠲᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠭᠦᠨᠵᠡᠭᠡᠶᠢᠷᠡᠭᠦᠯᠵᠦ᠂ ᠦᠨᠡᠨᠴᠢ ᠰᠢᠳᠤᠷᠭᠤ | ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ | ᠠᠩᠬᠢ ᠶᠢ ᠳᠠᠪᠲᠠᠨ ᠪᠣᠯᠪᠠᠰᠤᠷᠠᠭᠤᠯᠤᠨ᠎ᠠ᠃ ᠡᠭᠦᠷᠭᠡᠯᠡᠵᠦ ᠪᠠᠶᠢᠭ᠎ᠠ ᠣᠨᠴᠠᠭᠠᠢ ᠤᠯᠤᠰ ᠲᠦᠷᠦ ᠶᠢᠨ ᠬᠠᠷᠢᠭᠤᠴᠠᠯᠭ᠎ᠠ | ᠪᠣᠯᠤᠨ ᠢᠷᠠᠭᠤ ᠠᠯᠳᠠᠷᠲᠤ ᠡᠭᠦᠷᠭᠡ ᠪᠠᠨ ᠢᠮᠠᠭᠲᠠ ᠪᠠᠲᠤ ᠴᠡᠭᠡᠵᠢᠯᠡᠵᠦ᠂ ᠬᠠᠷᠢᠴᠠᠯᠠᠰᠢᠭᠦᠢ ᠦᠨᠡᠨᠴᠢ ᠰᠢᠳᠤᠷᠭᠤ᠂ | ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠠᠷᠢᠭᠤᠨ ᠴᠡᠪᠡᠷ ᠪᠠᠶᠢᠬᠤ ᠶᠢ ᠪᠡᠶᠡᠯᠡᠬᠦᠯᠦᠨ᠎ᠡ᠃ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︽ᠦᠵᠡᠯ ᠰᠠᠨᠠᠭᠠᠨ ᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ | ᠬᠤᠪᠢᠰᠬᠠᠯ ᠬᠢᠬᠦ᠂ ᠰᠤᠷᠲᠠᠯ ᠤᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠬᠦ᠂ ᠠᠷᠢᠭᠤᠨ | ᠴᠢᠬᠡᠴᠢ ᠶᠢᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠬᠦ᠂ ᠴᠢᠩᠭ᠎ᠠ ᠬᠠᠮᠢᠶᠠᠷᠤᠯᠲᠠ ᠶᠢᠨ | ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠬᠦ︾ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠦᠷᠦᠭᠦᠯᠡᠨ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠨ᠎ᠠ᠃ ᠵᠢᠷᠤᠮᠵᠢᠭᠰᠠᠨ᠂ ᠬᠠᠤᠯᠢᠵᠢᠭᠰᠠᠨ᠂ ᠵᠢᠩᠬᠢᠨᠢᠴᠢᠯᠡᠭᠰᠡᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠨ᠎ᠠ᠃ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠣᠶ ᠪᠣᠯᠭᠠᠵᠤ᠂ ᠦᠨᠡᠨ ᠠᠴᠠ ᠵᠥᠪ ᠢ | ᠡᠷᠢᠬᠦ᠂ ᠪᠤᠰᠤᠳᠴᠢ ᠲᠥᠪ ᠭᠤᠤᠯᠴᠢ ᠪᠠᠶᠢᠬᠤ ᠶᠢ ᠪᠠᠷᠢᠮᠲᠠᠯᠠᠨ᠂ ᠡᠯ᠎ᠡ ᠵᠦᠢᠯ ᠤᠨ ᠠᠵᠢᠯ ᠢᠶᠠᠨ ᠲᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠰᠠᠶᠢᠲᠤᠷ ᠬᠢᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠣᠷᠣᠨ ᠤ ᠬᠠᠮᠢᠶᠠᠷᠴᠦ ᠪᠠᠶᠢᠭ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠳᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠬᠤ ᠲᠤᠷᠰᠢᠯᠲᠠ ᠶᠢᠨ ᠠᠵᠢᠯ ᠢ ᠭᠦᠨᠵᠡᠭᠡᠶ ᠥᠷᠨᠢᠭᠦᠯᠦᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠵᠢᠴᠢ ᠡᠯ᠎ᠡ ᠲᠠᠯ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠪᠦᠭᠦᠳᠡ ᠶᠢ ᠳᠦᠢᠳᠦᠭᠴᠢ ᠶᠢ ᠠᠷᠢᠯᠭᠠᠨ᠎ᠠ᠃ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠎ᠠ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠡᠭᠦᠨ ᠠᠴᠠ ᠡᠮᠦᠨ᠎ᠡ ᠲᠣᠭᠲᠠᠭᠠᠭᠰᠠᠨ ᠯᠢ ᠱᠧᠩ ᠴᠧᠨ ᠨᠥᠬᠦᠷ ᠲᠤ ᠨᠠᠮ ᠤᠨ | ᠳᠣᠲᠣᠭᠠᠳᠤ ᠶᠢᠨ ᠲᠤᠰᠢᠶᠠᠯ ᠠᠴᠠ ᠨᠢ ᠤᠭᠴᠠᠷᠠᠭᠤᠯᠬᠤ ᠰᠢᠢᠳᠭᠡᠯ ᠥᠭᠬᠦ ᠲᠣᠭᠲᠠᠭᠠᠯ ᠢ ᠨᠤᠲᠠᠯᠠᠪᠠ᠃ | ᠪᠥᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ | ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ ᠬᠡᠵᠢᠶᠡᠳᠡ ᠦᠯᠦ ᠴᠠᠯᠠᠭᠠᠶᠢᠷᠠᠬᠤ ᠣᠶᠤᠨ | ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠠᠶᠠᠨ ᠳᠤ ᠪᠥᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ | ᠴᠢᠳᠠᠯ ᠢᠶᠠᠨ ᠡᠷᠭᠦᠰᠦᠭᠡᠢ︕ ᠭᠡᠵᠦ ᠤᠷᠢᠶᠠᠯᠠᠪᠠ᠃ | |