ᠰᠦᠨ ᠱᠤᠤ ᠴᠧᠩ ᠬᠤᠷᠠᠯ ᠢ ᠡᠷᠬᠢᠯᠡᠵᠠᠢ | 1 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ | ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠰᠬᠠᠶ | ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠪᠣᠯᠤᠨ ᠣᠶᠢᠷ᠎ᠠ ᠶᠢᠨ | ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠪᠡᠯᠡᠳᠭᠡᠯ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠤᠤ ᠴᠧᠩ ᠬᠤᠷᠠᠯ ᠢ ᠡᠷᠬᠢᠯᠡᠵᠠᠢ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠤᠯᠤᠰ ᠢᠶᠠᠨ ᠬᠦᠴᠦᠷᠬᠡᠭᠵᠢᠭᠦᠯᠬᠦ | ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ | ᠦᠨᠳᠦᠷᠴᠡ ᠠᠴᠠ᠂ ᠮᠠᠨ ᠤ ᠤᠯᠤᠰ ᠤᠨ ᠮᠥᠩᠭᠦᠨ ᠭᠦᠢᠯᠭᠡᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠠᠯᠢ ᠣᠯᠠᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠪᠡ᠂ | ᠪᠢᠳᠡ ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠬᠦ ᠬᠡᠷᠡᠭᠲᠡᠶ᠃ ︽ | ᠬᠤᠶᠠᠷ ᠢ ᠲᠣᠭᠲᠠᠭᠠᠭᠰᠠᠨ︾ ᠪᠣᠯ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡ ᠶᠢᠨ | ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠰᠢᠢᠳᠪᠦᠷᠢᠯᠡᠭᠴᠢ ᠪᠠᠲᠤᠯᠠᠭ᠎ᠠ ᠮᠥᠨ ᠭᠡᠳᠡᠭ ᠢ ᠭᠦᠨᠵᠡᠭᠡᠶ | ᠲᠠᠨᠢᠵᠤ᠂ ᠮᠥᠩᠭᠦᠨ ᠭᠦᠢᠯᠭᠡᠭᠡ ᠶᠢᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠶ ᠨᠢᠭᠡᠳᠦᠯᠲᠡᠶ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ | ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠪᠠᠲᠤᠲᠠᠢ ᠬᠡᠷᠡᠭᠯᠡᠵᠦ᠂ ︽ᠨᠠᠢᠮᠠᠨ ᠪᠠᠷᠢᠮᠲᠠᠯᠠᠯ︾ ᠤᠨ ᠰᠦᠭ ᠰᠦᠨᠡᠰᠦ ᠪᠣᠯᠤᠨ ᠴᠢᠬᠤᠯᠠ | ᠠᠭᠤᠯᠭ᠎ᠠ ᠶᠢ ᠭᠦᠨᠵᠡᠭᠡᠢ ᠣᠶᠢᠯᠠᠭᠠᠵᠤ᠂ ᠨᠡᠩ ᠡᠷᠡᠰ ᠪᠠᠲᠤ ᠤᠬᠠᠮᠰᠠᠷ ᠠᠴᠠ ᠪᠠᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠲᠠᠪᠤᠨ ᠶᠡᠭᠡ ᠡᠭᠦᠷᠭᠡ︾ ᠳᠤ | ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡ ᠶᠢᠨ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠵᠤ᠂ ︽ | ᠵᠢᠷᠭᠤᠭᠠᠨ ᠢᠨᠵᠧᠨᠧᠷᠢᠩ︾ ᠳᠤ ᠦᠵᠡᠭᠦᠯᠬᠦ ᠮᠥᠩᠭᠦᠨ ᠭᠦᠢᠯᠭᠡᠭᠡ ᠶᠢᠨ ᠳᠡᠮᠵᠢᠯᠭᠡ ᠶᠢ ᠴᠢᠩᠭᠠᠳᠬᠠᠨ᠂ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠦᠷ᠎ᠡ ᠠᠰᠢᠭ ᠢ ᠳᠡᠭᠡᠭᠰᠢᠯᠡᠭᠦᠯᠬᠦ᠂ ᠪᠦᠲᠦᠴᠡ ᠶᠢ ᠲᠣᠬᠢᠷᠠᠭᠤᠯᠬᠤ᠂ | ᠲᠠᠪᠴᠠᠩ ᠢ ᠬᠦᠴᠦᠷᠭᠡᠭᠵᠢᠬᠦᠯᠬᠦ᠂ ᠲᠣᠭᠲᠡᠴᠡ ᠶᠢ ᠥᠭᠡᠷᠡᠴᠢᠯᠡᠬᠦ ᠳᠡᠭᠡᠷ᠎ᠡ ᠬᠦᠴᠦ ᠲᠠᠯᠪᠢᠵᠤ᠂ ᠮᠥᠩᠭᠦᠨ | ᠭᠦᠢᠯᠭᠡᠭᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ | ᠃ ᠮᠥᠩᠭᠦᠨ ᠭᠦᠢᠯᠭᠡᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠡᠴᠡ ᠪᠣᠯᠤᠨ ᠮᠥᠩᠭᠦᠨ ᠭᠦᠢᠯᠭᠡᠭᠡ ᠶᠢᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠡᠴᠡ ᠶᠢ ᠪᠠᠶᠢᠭᠤᠯᠤᠨ ᠪᠦᠷᠢᠨᠰᠢᠬᠦᠯᠵᠤ᠂ ᠲᠣᠭᠲᠡᠴᠡ ᠶᠢᠨ ᠬᠦᠴᠦᠨ ᠢ | ᠨᠡᠩ ᠰᠠᠶᠢᠲᠤᠷ ᠠᠰᠢᠭᠯᠠᠨ ᠮᠥᠩᠭᠦᠨ ᠭᠦᠢᠯᠭᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠡᠷᠡᠭᠲᠡᠢ᠃ | ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡ ᠶᠢᠨ ᠪᠠᠶᠢᠭᠤᠯᠤᠮᠵᠢ ᠶᠢ ᠲᠦᠷᠭᠡᠨ ᠰᠢᠢᠳᠪᠦᠷᠢᠯᠡᠵᠦ᠂ ᠡᠯ᠎ᠡ | ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠠᠷᠢᠯᠭᠠᠬᠤ ᠶᠢ ᠪᠡᠶᠡᠯᠡᠭᠦᠯᠬᠦ ᠬᠡᠷᠡᠭᠲᠡᠢ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠳᠤᠮᠳᠠᠳᠤ ᠤᠯᠤᠰ ᠤᠨ | ᠣᠨᠴᠠᠯᠢᠭ ᠲᠠᠢ ᠮᠥᠩᠭᠦᠨ ᠭᠦᠢᠯᠭᠡᠭᠡ ᠶᠢᠨ ᠰᠣᠶᠣᠯ ᠢ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠭᠦᠯᠬᠦ ᠬᠡᠷᠡᠭᠲᠡᠢ | ᠭᠡᠵᠤ ᠵᠢᠭᠠᠵᠤ ᠭᠠᠷᠭᠠᠵᠠᠢ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠤᠯᠤᠰ | ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ ᠤᠯᠤᠰ ᠲᠥᠷᠥ ᠬᠠᠤᠯᠢ ᠴᠠᠭᠠᠵᠠ ᠶᠢᠨ | ᠪᠠᠶᠢᠭᠤᠯᠭ᠎ᠠ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠲᠦᠷᠢᠮ ᠢ | ᠪᠥᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ | ᠰᠠᠶᠢᠵᠢᠷᠠᠭᠤᠯᠵᠤ᠂ ᠬᠠᠤᠯᠢᠵᠢᠯ ᠤᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠲᠠᠰᠤᠷᠠᠯᠲᠠ | ᠥᠬᠡᠶ ᠪᠠᠬᠢᠵᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠪᠠᠷ ᠥᠪᠡᠷᠲᠡᠭᠡᠨ | ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠤᠯᠭᠠᠭᠤᠷᠢᠯᠠᠯ ᠪᠡ ᠦᠢᠯᠡᠴᠢᠯᠡᠭᠡ ᠬᠠᠩᠭᠠᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠡᠳᠦᠷ ᠤᠨ ᠬᠤᠯᠪᠣᠭᠳᠠᠯ ᠪᠥᠬᠦᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠭ ᠢᠮᠠᠭᠲᠠ ᠰᠠᠨᠠᠭ᠎ᠠ | ᠠᠮᠤᠷ ᠪᠠᠶᠢᠵᠤ ᠴᠢᠳᠠᠬᠤ ᠦᠭᠡᠢ ᠬᠠᠷᠢᠭᠤᠴᠠᠯᠭᠠᠲᠤ ᠰᠡᠳᠭᠢᠯᠭᠡ ᠪᠠᠨ ᠪᠠᠲᠤᠯᠠᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠬᠡᠮ ᠰᠣᠭᠤᠭ ᠢ ᠴᠢᠩᠭ᠎ᠠ ᠠᠩᠬᠠᠷᠴᠤ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠳᠤᠤᠷ᠎ᠠ ᠳᠤᠯᠠᠭᠠᠨ ᠮᠥᠰᠥᠲᠦᠯ ᠤᠨ ᠭᠠᠮᠰᠢᠭ ᠢ | ᠰᠡᠷᠭᠡᠶᠢᠯᠡᠨ ᠠᠷᠭᠠᠴᠡᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠬᠦᠷᠢᠶ᠎ᠡ ᠡᠯ᠎ᠡ ᠠᠵᠢᠯ | ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠨᠢᠮᠪᠠᠶ ᠪᠣᠳᠠᠲᠠᠶ ᠰᠠᠶᠢᠲᠤᠷ ᠠᠳᠬᠤᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠤ | ᠴᠢᠬᠤᠯᠠᠴᠢᠯᠠᠵᠠᠢ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠤᠯᠤᠰ ᠤᠨ ᠢᠨᠵᠧᠨᠧᠷ ᠤᠨ ᠱᠠᠩᠨᠠᠯ︾ ᠢ ᠠᠩᠬ᠎ᠠ | ᠤᠳᠠᠭ᠎ᠠ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠲᠠᠰᠢᠷᠠᠮ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠳᠠᠪᠤᠷᠢᠳᠠᠨ ᠳᠤ ᠶᠣᠰᠣᠷᠬᠠᠭ ᠢᠶᠠᠷ ᠬᠠᠨᠳᠤᠬᠤ ᠲᠦᠷᠢᠮ ᠤᠨ | ᠲᠣᠭᠲᠡᠴᠡ ᠶᠢ ᠪᠦᠷᠢᠨᠰᠢᠬᠦᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠵᠤ᠂ ᠳᠡᠭᠡᠳᠦ ᠲᠠᠰ ᠤᠨ ᠴᠢᠳᠠᠪᠤᠷᠢᠲᠠᠨ ᠪᠣᠯᠤᠨ ᠥᠨᠳᠥᠷ ᠬᠡᠪ | ᠪᠣᠯᠪᠠᠰᠤᠷᠠᠯ ᠲᠠᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠠᠨᠳᠤᠯᠭᠠᠲᠤ ᠴᠢᠨᠠᠷᠲᠠᠶ ᠪᠠᠷ ᠣᠷᠣᠭᠤᠯᠤᠨ ᠠᠪᠴᠢᠷᠠᠵᠤ | ᠂ ᠬᠥᠮᠦᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ | ᠠᠮᠧᠷᠢᠺᠠ ᠶᠢᠨ ᠠᠶᠢᠶᠤᠸᠠ ᠵᠸᠤ ᠶᠢᠨ ᠨᠦᠬᠦᠷᠰᠡᠭ ᠬᠦᠮᠦᠨ ᠰᠠᠯᠠ · ᠯᠠᠨᠲᠢ ᠳᠤ ᠢᠯᠡᠭᠡᠭᠰᠡᠨ ᠬᠠᠷᠢᠭᠤ ᠵᠠᠬᠢᠳᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠬᠦ | ᠲᠤᠬᠠᠶ ᠱᠠᠭᠠᠷᠳᠠᠯᠭ᠎ᠠ ᠳᠤᠷᠠᠳᠴᠠᠶ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠳᠤ ᠳᠡᠪᠰᠢᠭᠦᠯᠵᠦ | ᠬᠢᠨᠠᠨ ᠵᠥᠪᠯᠡᠭᠦᠯᠬᠦ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠭᠰᠠᠨ ᠪᠥᠭᠡᠳ ︽ᠬᠤᠶᠠᠷ ᠬᠤᠷᠠᠯ︾ ᠢ | ᠰᠠᠶᠢᠲᠤᠷ ᠬᠤᠷᠠᠯᠳᠤᠭᠤᠯᠬᠤ ᠲᠤᠬᠠᠶ ᠱᠠᠭᠠᠷᠳᠠᠯᠭ᠎ᠠ ᠳᠤᠷᠠᠳᠴᠠᠶ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2023 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ | ᠬᠢᠬᠦ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2024 ᠣᠨ ᠤ | ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠬᠦ ᠲᠥᠯᠥᠪᠯᠡᠭᠡ ᠶᠢ ᠰᠤᠳᠤᠯᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠬᠠᠤᠯᠢ | ᠲᠣᠭᠲᠠᠭᠠᠬᠤ ᠲᠥᠯᠥᠪᠯᠡᠭᠡ︾ ᠶᠢ ᠬᠢᠨᠠᠨ ᠵᠥᠪᠯᠡᠵᠦ᠂ ᠪᠥᠬᠦ ᠣᠷᠣᠨ ᠤ ᠭᠤᠤᠯ ᠮᠥᠷᠡᠨ ᠨᠠᠭᠤᠷ ᠪᠦᠷᠢᠳᠦ ᠶᠢᠨ | ᠳᠠᠷᠤᠭ᠎ᠠ ᠶᠢᠨ ᠲᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |