ᠴᠧ ᠵᠢᠶᠦ᠋ᠨ ᠸᠠᠩ ᠯᠢ ᠰᠢᠶᠠ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/1/25
   ᠤᠢᠢᠷ᠎ᠠ ᠳᠤ᠂ ᠲᠥᠪ ᠤᠨ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠶᠠᠷᠢᠶ᠎ᠠ ᠲᠠᠯᠪᠢᠪᠠ᠃   ᠬᠤᠷᠠᠯ ᠠᠴᠠ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠯᠲᠠ ᠬᠢᠵᠦ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ ᠨᠢᠭᠡᠳ ᠨᠢᠭᠡ ᠪᠠᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠦᠨᠡᠯᠡᠯᠲᠡ ᠬᠢᠪᠡ᠃   ᠴᠧ ᠵᠢᠶᠦ᠋ᠨ ᠲᠤᠰ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠭᠦᠢᠴᠡᠳ ᠨᠤᠲᠠᠯᠠᠪᠠ᠃ ᠲᠡᠷᠡ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠣᠷᠳᠣᠰ ᠬᠤᠲᠠ ᠶᠢᠨ ᠨᠠᠮ ᠤᠨ ᠬᠤᠷᠢᠶ᠎ᠠ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠡᠯ᠎ᠡ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠭᠤᠤᠯ ᠰᠡᠳᠦᠪᠲᠦ ᠬᠥᠮᠦᠵᠢᠯ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠪᠤᠳᠠᠯ ᠡᠭᠦᠷᠢᠳᠡ ᠵᠤᠬᠰᠤᠰᠢ ᠦᠭᠡᠢ ᠶᠤᠮ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ︔ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠢ ᠬᠦᠭᠵᠢᠭᠦᠯᠬᠦ ᠪᠣᠯᠤᠨ ᠰᠢᠨ᠎ᠡ ᠠᠵᠤ ᠦᠢᠯᠡᠰ ᠰᠢᠨ᠎ᠡ ᠬᠥᠳᠡᠯᠭᠡᠬᠦ ᠡᠨᠧᠷᠭᠢ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠤᠳᠠ ᠬᠥᠳᠡᠭᠡ ᠶᠢᠨ ᠲᠡᠩᠴᠡᠭᠦᠷᠢᠲᠡᠢ ᠬᠥᠭᠵᠢᠯᠲᠡ ᠪᠣᠯᠤᠨ ᠬᠠᠮᠲᠤ ᠪᠠᠷ ᠪᠠᠶᠠᠵᠢᠬᠤ ᠢᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠴᠢᠩᠭᠠᠳᠬᠠᠬᠤ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︔ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠰᠡᠷᠭᠡᠶᠢᠯᠡᠨ ᠵᠠᠯᠠᠷᠠᠭᠤᠯᠵᠤ᠂ ︽ᠬᠠᠭᠠᠰ ᠳᠤᠲᠠᠭᠤ ᠤᠷᠬᠢᠭᠰᠡᠨ ᠪᠠᠷᠢᠯᠭ᠎ᠠ︾᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠪᠣᠯᠤᠨ ︽ᠦᠩᠭᠡᠨ ᠲᠠᠯ᠎ᠠ ᠶᠢᠨ ᠢᠨᠵᠧᠨᠧᠷᠢᠩ︾ ᠢ ᠡᠷᠡᠰ ᠴᠡᠭᠴᠡᠯᠡᠨ ᠵᠠᠰᠠᠬᠤ ᠬᠡᠷᠡᠭᠲᠡᠢ︔ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠦᠨ ᠰᠢᠩᠭᠡᠭᠡᠵᠦ ᠤᠨᠳᠤᠤᠰᠢᠭᠤᠯᠵᠤ᠂ ᠪᠦᠲᠦᠮᠵᠢᠲᠡᠢ ᠲᠤᠷᠰᠢᠯᠭ᠎ᠠ ᠬᠢᠳᠡᠯ ᠢ ᠲᠦᠷᠢᠮ ᠤᠨ ᠬᠡᠯᠪᠡᠷᠢ ᠪᠠᠷ ᠲᠣᠭᠲᠠᠪᠤᠷᠢᠵᠢᠭᠤᠯᠬᠤ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠤᠷᠳᠤᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠸᠠᠩ ᠯᠢ ᠰᠢᠶᠠ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ ᠶᠢ ᠨᠠᠰᠤᠨ ᠲᠤᠷᠰᠢᠳᠠ ᠶᠢᠨ ᠬᠢᠴᠢᠶᠡᠯ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠵᠤ᠂ ︽ᠬᠤᠶᠠᠷ ᠢ ᠲᠤᠭᠲᠠᠭᠠᠭᠰᠠᠨ︾ ᠢ ᠢᠮᠠᠭᠲᠠ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ︾ ᠱᠠᠭᠠᠷᠳᠠᠯᠭ᠎ᠠ ᠶᠢ ᠨᠢᠭᠡᠳ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠬᠦᠴᠦ ᠣᠷᠣᠭᠤᠯᠵᠤ᠂ ᠠᠷᠭ᠎ᠠ ᠬᠡᠯᠪᠡᠷᠢ ᠪᠠᠨ ᠬᠤᠪᠢᠷᠠᠭᠤᠯᠤᠨ ᠪᠦᠲᠦᠴᠡ ᠪᠠᠨ ᠲᠤᠬᠢᠷᠠᠭᠤᠯᠬᠤ ᠶᠢ ᠲᠦᠷᠭᠡᠳᠭᠡᠵᠦ᠂ ᠨᠡᠭᠦᠷᠡᠰᠦ᠂ ᠰᠢᠨ᠎ᠡ ᠡᠨᠧᠷᠭᠢ᠂ ᠢᠮᠠᠭᠠᠨ ᠨᠣᠤᠯᠤᠭᠤᠷ ᠵᠡᠷᠭᠡ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ ᠠᠵᠤ ᠦᠢᠯᠡᠰ ᠢ ᠪᠤᠵᠠᠭᠠᠶᠢᠷᠠᠭᠤᠯᠵᠤ᠂ ᠠᠵᠤ ᠠᠬᠤᠶᠢᠯᠠᠯ ᠢ ᠬᠦᠴᠦᠷᠬᠡᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠡᠩ ᠲᠡᠷᠢᠭᠦᠨ ᠳᠤ ︽ᠪᠦᠰᠡᠯᠡᠯᠲᠡ ᠰᠢᠪᠲᠤᠯᠵᠤ︾᠂ ᠣᠷᠣᠭᠤᠯᠤᠯᠲᠠ ᠪᠠᠨ ᠨᠡᠮᠡᠭᠳᠡᠭᠦᠯᠦᠨ᠂ ᠭᠤᠤᠯ ᠴᠣᠭᠴᠠ ᠶᠢ ᠪᠤᠶᠢᠵᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠬᠡᠰᠡᠭ ᠲᠠᠯ᠎ᠠ ᠴᠡᠭ ᠲᠡᠭᠡᠷ᠎ᠡ ᠠᠯᠢ ᠲᠦᠷᠭᠡᠨ ᠢᠶᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠲᠤᠯᠠᠭᠠᠨ ᠬᠤᠳᠠ ᠶᠢᠨ ᠲᠦᠷᠦᠯ ᠲᠡᠮᠳᠡᠭ ᠢ ᠠᠯᠳᠠᠷᠰᠢᠭᠤᠯᠵᠤ᠂ ᠲᠤᠯᠠᠭᠠᠯᠠᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠤᠷ ᠲᠦᠪᠰᠢᠨ ᠬᠤᠳᠠ ᠶᠢ ᠴᠣᠭᠴᠠᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠬᠤᠪᠢᠷᠠᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠷ ᠢᠯᠡ ᠲᠣᠳᠣ ᠤᠳᠤᠷᠢᠳᠤᠮᠵᠢ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠠᠨᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠢᠯᠠᠩᠭᠤᠶ᠎ᠠ ︽ᠵᠢᠷᠭᠤᠭᠠᠨ ᠢᠨᠵᠧᠨᠧᠷᠢᠩ︾ ᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠠ᠃   ᠲᠤᠰ ᠡᠳᠦᠷ᠂ ᠸᠠᠩ ᠯᠢ ᠰᠢᠶᠠ ᠪᠠᠰᠠ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠬᠦᠴᠢᠷᠳᠡᠯᠲᠡᠢ ᠤᠯᠠᠨ ᠲᠦᠮᠡᠨ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠢᠭᠡᠨ ᠴᠡᠷᠢᠭ ᠠᠩᠬᠢ ᠶᠢᠨ ᠵᠢᠯᠤᠭᠤᠳᠤᠬᠴᠢ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号