ᠰᠣᠷᠣᠭᠴᠢ ᠡᠯᠰᠡᠬᠦ ︽ᠤᠨᠠᠭᠤᠯᠢ︾᠎ ᠠᠴᠠ ᠰᠡᠷᠬᠡᠶᠢᠯᠡᠬᠡᠷᠡᠢ︕
ᠨᠡᠶᠢᠲᠡᠯᠡᠭᠰᠡᠨ ᠴᠠᠭ᠄
2024/1/26
  ᠤᠯᠤᠰ ᠤᠨ ᠨᠢᠬᠡᠳᠦᠯᠳᠡᠢ ᠰᠢᠯᠭᠠᠯᠳᠠ ᠶᠢᠨ ᠬᠤᠪᠢ ᠭᠠᠷᠬᠤ ᠠᠴᠠ ᠶᠡᠭᠡ ᠰᠤᠷᠭᠠᠭᠤᠯᠢ ᠶᠢᠨ ᠪᠤᠱᠤᠭ᠎ᠠ ᠶᠢ ᠠᠯᠬᠤᠬᠤ ᠪᠤᠯᠳᠠᠯ᠎ᠠ ᠲᠤᠮᠳᠠᠬᠢ ᠭᠤᠬᠴᠤᠭ᠎ᠠ ᠪᠤᠯᠭᠠᠨ ᠨᠢ ᠪᠦᠷ ᠮᠡᠬᠡᠯᠡᠭᠴᠢᠳ ᠲᠤ ᠠᠰᠢᠬᠯᠠᠬᠳᠠᠬᠤ ᠪᠤᠯᠤᠮᠵᠢ ᠲᠠᠢ ᠪᠠᠶᠢᠳᠠᠬ᠃ ᠰᠢᠯᠭᠠᠭᠤᠯᠤᠬᠴᠢ ᠪᠤᠯᠤᠨ ᠬᠡᠷ ᠤᠨ ᠠᠬᠠᠮᠠᠳ ᠲᠤ ᠠᠪᠴᠤ ᠬᠡᠯᠡᠪᠡᠯ᠂ ᠡᠷᠡᠮᠡᠯᠵᠡᠯ ᠳᠠᠬᠯᠠᠬᠤ ᠶᠢ ᠠᠰᠢᠬᠯᠠᠬᠰᠠᠨ ᠮᠡᠬᠡᠯᠡᠯ ᠨᠢ ᠵᠤᠭᠤᠰ ᠮᠦᠩᠬᠦ ᠶᠢ ᠰᠦᠢᠳᠬᠡᠬᠦ ᠪᠠᠷ ᠪᠠᠷᠠᠬᠤ ᠦᠬᠡᠢ ᠪᠠᠰᠠ ᠬᠡᠦᠬᠡᠳ ᠤᠨ ᠶᠡᠭᠡ ᠰᠤᠷᠭᠠᠭᠤᠯᠢ ᠳᠤ ᠤᠷᠤᠬᠤ ᠶᠢ ᠰᠠᠭᠠᠳᠠᠭᠠᠵᠤ᠂ ᠴᠢᠨᠠᠬᠰᠢᠯᠠᠨ ᠲᠡᠳᠡᠨᠦᠰ ᠤᠨ ᠢᠷᠡᠬᠡᠳᠦᠢ ᠶᠢ ᠨᠦᠯᠦᠬᠡᠯᠡᠳᠡᠭ᠃   ᠤᠯᠤᠰ ᠤᠨ ᠨᠢᠬᠡᠳᠦᠯᠳᠡᠢ ᠰᠢᠯᠭᠠᠯᠳᠠ ᠲᠠᠭᠤᠰᠤᠬᠰᠠᠨ ᠤ ᠲᠠᠷᠠᠭ᠎ᠠ᠂ ᠮᠡᠬᠡᠯᠡᠭᠴᠢᠳ ᠰᠦᠯᠵᠢᠶᠡᠨ ᠲᠡᠭᠡᠷ᠎ᠡ ᠡᠯ᠎ᠡ ᠵᠦᠢᠯ ᠤᠨ ᠬᠤᠳᠠᠯ ᠬᠠᠭᠤᠷᠮᠠᠬ ᠮᠡᠳᠡᠭᠡ ᠵᠠᠩᠬᠢ ᠶᠢ ᠲᠠᠷᠬᠠᠭᠠᠨ ᠲᠠᠮᠵᠢᠭᠤᠯᠵᠤ᠂ ︽ᠰᠢᠯᠭᠠᠯᠲᠠ ᠶᠢᠨ ᠬᠤᠪᠢ ᠶᠢ ᠵᠠᠰᠠᠵᠤ ᠳᠡᠶᠢᠯᠦᠨ᠎ᠡ︾ ᠬᠡᠬᠦ ᠨᠡᠷ᠎ᠡ ᠪᠠᠷ ᠬᠡᠷ ᠤᠨ ᠠᠬᠠᠮᠠᠳ ᠢ ᠮᠡᠬᠡᠯᠡᠳᠡᠭ᠃ ᠴᠠᠭᠳᠠᠭᠠᠨ ᠤ ᠲᠠᠯ᠎ᠠ ᠠᠴᠠ᠂ ᠬᠢᠷᠢ ᠪᠦᠲᠦᠮᠵᠢ ᠶᠢ ᠨᠡᠶᠢᠲᠡᠯᠡᠮᠡᠭᠴᠡ ᠬᠡᠳᠦᠢ ᠬᠢᠷᠢ ᠪᠦᠳᠦᠮᠵᠢ ᠤᠯᠤᠬᠰᠠᠨ ᠨᠢ ᠲᠤᠬᠳᠠᠴᠢᠬᠠᠨ᠎ᠠ᠃ ᠥᠪᠡᠷ ᠤᠨ ᠬᠢᠷᠢ ᠪᠦᠲᠦᠮᠵᠢ ᠳᠡᠭᠡᠨ ᠰᠡᠵᠢᠭᠳᠡᠢ ᠰᠢᠯᠭᠠᠭᠤᠯᠤᠭᠴᠢ ᠠᠯᠪᠠᠨ ᠤ ᠲᠠᠯ᠎ᠠ ᠢᠢᠨ ᠠᠷᠭ᠎ᠠ ᠵᠠᠮ ᠢᠶᠠᠷ ᠳᠠᠮᠵᠢᠭᠤᠯᠤᠨ ᠰᠢᠯᠭᠠᠯᠲᠠ ᠢᠢᠨ ᠬᠠᠭᠤᠳᠠᠰᠤ ᠶᠢ ᠳᠠᠬᠢᠨ ᠪᠠᠶᠢᠴᠠᠭᠠᠵᠤ ᠪᠣᠯᠤᠨ᠎ᠠ᠂ ᠭᠡᠪᠡᠴᠦ ᠬᠢᠷᠢ ᠪᠦᠲᠦᠮᠵᠢ ᠶᠢ ᠰᠢᠭᠤᠳ ᠵᠠᠰᠠᠵᠤ ᠳᠡᠶᠢᠯᠦᠨ᠎ᠡ ᠭᠡᠳᠡᠭ ᠪᠣᠯ ᠬᠤᠳᠠᠯ ᠦᠭᠡ᠂ ᠵᠦᠪᠬᠡᠨ ᠬᠠᠤᠯᠢ ᠪᠤᠰᠤ ᠡᠲᠡᠭᠡᠳ ᠰᠢᠯᠭᠠᠭᠤᠯᠤᠭᠴᠢ ᠶᠢᠨ ᠦᠨᠳᠦᠷ ᠬᠤᠪᠢ ᠤᠯᠬᠤ ᠬᠡᠰᠡᠨ ᠪᠤᠳᠤᠯ ᠰᠡᠳᠬᠢᠯ ᠢ ᠠᠰᠢᠬᠯᠠᠨ ᠮᠡᠬᠡᠯᠡᠳᠡᠭ ᠭᠡᠵᠦ ᠰᠠᠨᠠᠭᠤᠯᠵᠤ ᠪᠤᠢ᠃   ᠮᠡᠬᠡᠯᠡᠭᠴᠢ ᠶᠠᠮᠠᠷ ᠨᠢᠭᠡᠨ ᠶᠡᠭᠡ ᠰᠤᠷᠭᠠᠭᠤᠯᠢ ᠶᠢᠨ ᠰᠣᠷᠣᠭᠴᠢ ᠡᠯᠰᠡᠬᠦ ᠠᠯᠪᠠᠨ ᠬᠡᠷ ᠤᠨ ᠠᠵᠢᠯᠳᠡᠨ ᠢᠶᠠᠷ ᠣᠪᠯᠠᠵᠤ᠂ ᠬᠤᠤᠷᠯᠠᠬᠳᠠᠬᠴᠢ ᠳᠤ ᠤᠲᠠᠰᠤ ᠢᠷᠡᠭᠦᠯᠵᠦ᠂ ᠳᠤᠰ ᠳᠡᠭᠡᠳᠦ ᠰᠤᠷᠭᠠᠭᠤᠯᠢ ᠶᠢᠨ ᠬᠢᠨ ᠤᠷᠢᠳᠴᠢᠯᠠᠨ ᠰᠤᠷᠤᠬᠴᠢ ᠡᠯᠰᠡᠭᠰᠡᠨ ᠠᠴᠠ ᠪᠣᠯᠵᠣ᠂ ᠰᠢᠯᠭᠠᠭᠤᠯᠤᠬᠴᠢ ᠶᠢᠨ ᠬᠤᠪᠢ ᠡᠯᠰᠡᠭᠳᠡᠭᠰᠡᠨ ᠨᠦᠭᠦᠴᠡᠯ ᠳᠤ ᠨᠡᠶᠢᠴᠡᠵᠤ ᠪᠠᠶᠢᠨ᠎ᠠ᠂ ᠪᠠᠰᠠ ᠳᠤᠰᠬᠠᠢ ᠮᠡᠷᠭᠡᠵᠢᠯ ᠢ ᠴᠢᠯᠦᠬᠡᠳᠡᠢ ᠪᠠᠷ ᠲᠤᠬᠢᠷᠠᠭᠤᠯᠵᠤ ᠪᠤᠯᠤᠨ᠎ᠠ ᠭᠡᠵᠦ ᠬᠠᠭᠤᠷᠤᠨ ᠮᠡᠬᠡᠯᠡᠵᠦ᠂ ᠤᠷᠢᠳᠴᠢᠯᠠᠨ ᠰᠤᠷᠤᠯᠭ᠎ᠠ ᠶᠢᠨ ᠰᠦᠢᠳᠭᠡᠯ ᠲᠤᠰᠢᠶᠠᠬᠤ ᠬᠡᠷᠡᠭᠲᠡᠶ ᠭᠡᠵᠦ ᠵᠣᠭᠤᠰ ᠮᠥᠩᠭᠦ ᠮᠡᠬᠡᠯᠡᠨ ᠠᠪᠳᠠᠬ᠃ ᠴᠠᠭᠳᠠᠭᠠᠨ ᠤ ᠲᠠᠯ᠎ᠠ ᠠᠴᠠ᠂ ᠰᠤᠷᠤᠬᠴᠢ ᠡᠯᠰᠡᠬᠦ ᠠᠵᠢᠯ ᠢ ᠠᠯᠪᠠᠨ ᠤ ᠳᠠᠯ᠎ᠠ ᠶᠢᠨ ᠰᠦᠯᠵᠢᠶᠡᠨ ᠳᠠᠪᠴᠠᠩ ᠤᠨ ᠲᠤᠰᠬᠠᠶ ᠰᠢᠰᠲ᠋ᠧᠮ ᠢᠶᠠᠷ ᠲᠠᠮᠵᠢᠭᠤᠯᠤᠨ ᠦᠷᠨᠢᠬᠦᠯᠳᠡᠭ᠃ ᠰᠢᠯᠭᠠᠭᠤᠯᠤᠭᠴᠢ ᠰᠤᠷᠭᠠᠨ ᠬᠥᠮᠦᠵᠢᠯ ᠤᠨ ᠰᠢᠯᠭᠠᠯᠲᠠ ᠶᠢᠨ ᠠᠯᠪᠠᠨ ᠰᠦᠯᠵᠢᠶ᠎ᠡ ᠪᠠᠷ ᠳᠠᠮᠵᠢᠭᠤᠯᠤᠨ ᠰᠣᠷᠣᠭᠴᠢ ᠡᠯᠰᠡᠬᠦ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠰᠤᠷᠤᠬᠴᠢ ᠡᠯᠰᠡᠬᠦ ᠳᠤᠬᠳᠠᠬᠰᠠᠨ ᠴᠠᠭ ᠲᠤ ᠳᠠᠷᠠᠭᠠᠯᠠᠯ ᠶᠤᠰᠤᠭᠠᠷ ᠡᠷᠡᠮᠡᠯᠵᠡᠯ ᠳᠠᠬᠯᠠᠬᠤ ᠶᠢ ᠠᠩᠬᠠᠷᠬᠤ ᠬᠡᠷᠡᠭᠳᠡᠢ ᠭᠡᠵᠦ ᠰᠠᠨᠠᠭᠤᠯᠵᠤ ᠪᠤᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号