ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠢᠴᠢᠶᠡᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾᠎ ᠶᠢᠨ ᠪᠤᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/1/26
  ᠡᠯ᠎ᠡ ᠭᠠᠵᠠᠷ ᠣᠷᠣᠨ ᠤ ᠲᠤᠷᠰᠢᠯᠲᠠ ᠶᠢᠨ ᠰᠤᠷᠭᠠᠭᠤᠯᠢ ᠶᠢᠨ ᠬᠢᠴᠢᠶᠡᠯ ᠤᠨ ᠲᠥᠯᠦᠪᠵᠢᠭᠦᠯᠭᠡ ᠶᠢ ᠰᠤᠳᠤᠯᠤᠨ ᠦᠢᠯᠡᠳᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ᠂ ᠣᠨᠴᠠᠯᠢᠭᠲᠤ ᠬᠥᠭᠵᠢᠯᠲᠡ ᠶᠢ ᠠᠬᠢᠭᠤᠯᠬᠤ ᠶᠢᠨ ᠲᠦᠯᠦᠬᠡ᠂ ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠤᠨ ᠬᠢᠨ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠢᠴᠢᠶᠡᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾᠎ ᠶᠢᠨ ᠠᠵᠢᠯ ᠤᠨ ᠪᠠᠶᠢᠷᠢ ᠳᠠᠭᠠᠵᠤ ᠰᠤᠳᠤᠯᠤᠨ ᠰᠤᠷᠤᠯᠴᠠᠬᠤ ᠪᠣᠯᠪᠠᠰᠤᠷᠠᠯ ᠤᠨ ᠨᠢᠭᠡᠳᠦᠭᠡᠷ ᠬᠤᠭᠤᠴᠠᠭ᠎ᠠ ᠶᠢ ᠵᠣᠬᠢᠶᠠᠨ ᠪᠠᠶᠢᠭᠤᠯᠵᠤ᠂ ᠱᠠᠩᠬᠠᠢ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠲᠤᠷᠰᠢᠯᠭ᠎ᠠ ᠶᠢ ᠰᠤᠷᠤᠯᠴᠠᠬᠤ ᠪᠠ ᠯᠠᠪᠯᠠᠯᠲᠠ ᠪᠣᠯᠭᠠᠵᠤ᠂ ᠮᠠᠨ ᠤ ᠣᠷᠣᠨ ᠤ ᠬᠢᠴᠢᠶᠡᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠪᠦᠲᠦᠮᠵᠢᠲᠡᠶ ᠠᠬᠢᠭᠤᠯᠪᠠ᠃   ᠲᠣᠰ ᠬᠤᠭᠤᠴᠠᠭᠠᠨ ᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠳᠠᠭᠠᠵᠤ ᠰᠤᠳᠤᠯᠤᠨ ᠰᠤᠷᠤᠯᠴᠠᠬᠤ ᠠᠩᠭᠢ ᠨᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ᠂ ᠰᠣᠳᠣᠨ ᠬᠢᠴᠢᠶᠡᠯ ᠤᠨ ᠪᠠᠶᠢᠭᠤᠯᠤᠯᠲᠠ ᠵᠢᠴᠢ ᠬᠢᠴᠢᠶᠡᠯ ᠤᠨ ᠲᠠᠩᠬᠢᠮ ᠤᠨ ᠬᠡᠷᠡᠭᠵᠢᠭᠦᠯᠦᠯᠲᠡ ᠬᠢᠭᠡᠳ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠬᠢᠴᠢᠶᠡᠯ ᠤᠨ ᠦᠨᠡᠯᠡᠯᠲᠡ ᠬᠢᠭᠡᠳ ᠲᠣᠭᠲᠠᠴᠠ ᠶᠢᠨ ᠰᠢᠨ᠎ᠡ ᠡᠭᠦᠳᠦᠯᠲᠡ ᠪᠠ ᠰᠣᠷᠣᠭᠴᠢ ᠶᠢᠨ ᠰᠤᠷᠤᠯᠭ᠎ᠠ ᠶᠢᠨ ᠶᠠᠰᠤ ᠴᠢᠨᠠᠷ ᠤᠨ ᠳᠡᠭᠡᠭᠰᠢᠯᠡᠯᠲᠡ ᠵᠡᠷᠭᠡ ᠳᠠᠯ᠎ᠠ ᠪᠠᠷ ᠲᠠᠶᠢᠯᠤᠮᠵᠢ ᠬᠢᠯᠭᠡᠵᠡᠢ᠃ ᠡᠭᠦᠨ ᠤ ᠬᠠᠮᠲᠤ ᠱᠠᠩᠬᠠᠢ ᠶᠢᠨ ᠳᠦᠷᠪᠡᠨ ᠨᠡᠶᠢᠲᠡᠯᠢᠭ ᠲᠥᠯᠥᠭᠡᠯᠡᠭᠴᠢ ᠪᠠᠭ᠎ᠠ ᠰᠤᠷᠭᠠᠭᠤᠯᠢ ᠶᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠢ ᠣᠶᠢᠯᠠᠭᠠᠬᠤ᠂ ᠲᠤᠰᠬᠠᠢ ᠮᠡᠷᠭᠡᠵᠢᠯᠲᠡᠨ ᠤ ᠲᠤᠷᠰᠢᠯᠭ᠎ᠠ ᠶᠢ ᠬᠤᠪᠢᠶᠠᠯᠴᠠᠬᠤ᠂ ᠬᠢᠴᠢᠶᠡᠯ ᠤᠨ ᠲᠠᠩᠬᠢᠮ ᠤᠨ ᠣᠶᠢᠯᠠᠭᠠᠯᠴᠠᠭ᠎ᠠ᠂ ᠳᠣᠲᠣᠭᠠᠳᠤ ᠶᠢᠨ ᠳ᠋ᠦᠩᠨᠡᠯᠳᠡ ᠰᠤᠯᠢᠯᠴᠠᠭ᠎ᠠ ᠬᠢᠬᠦ ᠵᠡᠷᠭᠡ ᠪᠠᠶᠠᠯᠢᠭ ᠰᠠᠶᠢᠬᠠᠨ ᠬᠡᠯᠪᠡᠷᠢ ᠪᠠᠷ ᠤᠯᠠᠨ ᠲᠡᠰ ᠳᠠᠪᠬᠤᠷᠭ᠎ᠠ᠂ ᠤᠯᠠᠨ ᠬᠠᠷᠠᠭᠠᠰᠤ᠂ ᠪᠦᠬᠦ ᠲᠠᠯ᠎ᠠ ᠪᠠᠷ ᠰᠤᠳᠤᠯᠤᠨ ᠰᠤᠷᠤᠯᠴᠠᠬᠤ ᠶᠢ ᠪᠡᠶᠡᠯᠡᠬᠦᠯᠵᠡᠢ᠃   ᠲᠣᠰ ᠤᠳᠠᠭᠠᠨ ᠤ ᠪᠣᠯᠪᠠᠰᠤᠷᠠᠯ ᠳᠤ ᠰᠤᠷᠭᠠᠭᠤᠯᠢ ᠶᠢᠨ ᠰᠣᠶᠣᠯ᠂ ᠰᠤᠷᠭᠠᠭᠤᠯᠢ ᠶᠢᠨ ᠬᠢᠴᠢᠶᠡᠯ ᠪᠠ ᠬᠢᠴᠢᠶᠡᠯ ᠤᠨ ᠲᠠᠩᠬᠢᠮ ᠤᠨ ᠤᠶᠢᠯᠠᠭᠠᠯᠳᠠ ᠶᠢ ᠣᠷᠭᠠᠨᠢᠭ ᠢᠶᠠᠷ ᠤᠶᠠᠯᠳᠤᠭᠤᠯᠵᠤ᠂ ᠪᠣᠯᠪᠠᠰᠤᠷᠠᠯ ᠳᠤ ᠣᠷᠣᠯᠴᠠᠭᠰᠠᠨ ᠪᠠᠭᠰᠢ ᠨᠠᠷ ᠢ ᠬᠠᠪᠰᠤᠷᠤᠨ ᠬᠢᠴᠢᠶᠡᠯ ᠨᠡᠬᠡᠬᠡᠬᠦ ᠳᠤ ᠢᠳᠡᠪᠬᠢᠲᠡᠢ ᠣᠷᠣᠯᠴᠠᠭᠤᠯᠵᠤ᠂ ᠰᠣᠷᠣᠭᠰᠠᠨ ᠵᠦᠢᠯ ᠢᠶᠠᠷ ᠢᠶᠠᠨ ᠬᠡᠪ ᠪᠣᠯᠪᠠᠰᠤᠷᠠᠯ ᠤᠨ ᠤᠳᠤᠷᠢᠳᠤᠮᠵᠢ ᠪᠤᠯᠭᠠᠨ᠂ ᠴᠢᠨᠠᠷ ᠰᠠᠶᠢᠲᠠᠢ ᠬᠢᠴᠢᠶᠡᠯ ᠢ ᠪᠠᠶᠢᠭᠤᠯᠵᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠤᠯᠤᠨ᠎ᠠ᠃ ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠬᠢᠴᠢᠶᠡᠯ ᠤᠨ ᠬᠡᠷᠡᠭᠵᠢᠭᠦᠯᠬᠦ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ ᠤᠨ ᠬᠢᠴᠢᠶᠡᠯ ᠤᠨ ᠲᠥᠰᠥᠯ ᠢ ᠣᠷᠣᠨ ᠨᠤᠲᠤᠭ᠂ ᠰᠤᠷᠭᠠᠭᠤᠯᠢ ᠶᠢᠨ ᠬᠢᠴᠢᠶᠡᠯ ᠤᠨ ᠬᠡᠷᠡᠭᠵᠢᠭᠦᠯᠬᠦ ᠲᠥᠯᠦᠪᠵᠢᠭᠦᠯᠭᠡ ᠳᠠᠶᠢᠰᠢ ᠤᠯᠠᠷᠢᠭᠤᠯᠬᠤ ᠶᠢ ᠦᠨᠡᠨ ᠬᠦ ᠴᠢᠩᠭᠠᠳᠬᠠᠵᠤ᠂ ᠰᠤᠷᠭᠠᠭᠤᠯᠢ ᠶᠢᠨ ᠣᠨᠴᠠᠯᠢᠬᠵᠢᠭᠰᠠᠨ᠂ ᠣᠯᠠᠨ ᠶᠠᠩᠵᠤᠴᠢᠯᠠᠭᠰᠠᠨ᠂ ᠴᠢᠨᠠᠷ ᠰᠠᠶᠢᠲᠠᠢ ᠬᠥᠭᠵᠢᠯᠲᠡ ᠶᠢ ᠬᠠᠷᠠᠭᠤᠯᠤᠭᠰᠠᠨ ᠬᠢᠴᠢᠶᠡᠯ ᠤᠨ ᠬᠡᠷᠡᠭᠵᠢᠭᠦᠯᠬᠦ ᠲᠥᠯᠥᠪᠯᠡᠭᠡ ᠶᠢ ᠪᠣᠶ ᠪᠤᠯᠭᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号