2023 ᠣᠨ ᠳᠤ ᠮᠠᠨ ᠤ ᠤᠷᠤᠨ ᠪᠥᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2024/1/26
   2023 ᠤᠨ ᠤ 5 ᠰᠠᠷ᠎ᠠ ᠠᠴᠠ 12 ᠰᠠᠷ᠎ᠠ ᠪᠣᠯᠲᠠᠯ᠎ᠠ᠂ 2023 ᠣᠨ ᠤ ᠪᠥᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠪᠥᠬᠦ ᠤᠯᠤᠰ ᠤᠨ 31 ᠤᠷᠤᠯᠳᠤᠭᠠᠨ ᠤ ᠲᠣᠭᠤᠷᠢᠭ ᠲᠤ ᠶᠠᠪᠤᠭᠳᠠᠵᠤ᠂ ᠮᠠᠨ ᠤ ᠤᠷᠤᠨ ᠤ 237 ᠲᠥᠯᠥᠭᠡᠯᠡᠭᠴᠢᠳ ᠤᠨ ᠠᠩᠭᠢ 127 ᠲᠦᠷᠦᠯ ᠤᠨ ᠤᠷᠤᠯᠳᠤᠭᠠᠨ ᠳᠤ ᠣᠷᠣᠯᠴᠠᠵᠤ᠂ ᠨᠢᠭᠡᠳᠦᠭᠡᠷ ᠳᠡᠰ ᠤᠨ ᠱᠠᠩᠨᠠᠯ ᠢ 8᠂ ᠬᠤᠶᠠᠳᠤᠭᠠᠷ ᠳᠡᠰ ᠤᠨ ᠱᠠᠩᠨᠠᠯ ᠢ 25᠂ ᠭᠤᠷᠪᠠᠳᠤᠭᠠᠷ ᠳᠡᠰ ᠤᠨ ᠱᠠᠩᠨᠠᠯ ᠢ 64 ᠳᠤᠰᠴᠤ᠂ ᠣᠯᠣᠭᠰᠠᠨ ᠱᠠᠩᠨᠠᠯ ᠤᠨ ᠪᠥᠬᠦ ᠲᠤᠭ᠎ᠠ ᠪᠠ ᠱᠠᠩᠨᠠᠯ ᠤᠨ ᠮᠧᠳᠠᠯ ᠤᠨ ︽ᠦᠨ᠎ᠡ ᠴᠠᠨ᠎ᠠ︾᠎ ᠨᠢ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃   ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠥᠪᠥᠷ ᠮᠣᠩᠭᠤᠯ ᠤᠨ ᠦᠨᠳᠦᠰᠦᠲᠡᠨ ᠤ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠩᠬ᠎ᠠ ᠤᠳᠠᠭ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ ᠤᠨ ᠠᠵᠤ ᠦᠢᠯᠡᠳᠪᠦᠷᠢ ᠶᠢᠨ ᠰᠦᠯᠵᠢᠶᠡᠨ ᠤ ᠣᠶᠤᠨᠴᠢ ᠡᠵᠡᠮᠰᠢᠯ ᠪᠣᠯᠣᠨ ᠬᠠᠮᠠᠭᠠᠯᠠᠯᠲᠠ᠂ ᠬᠢᠮᠢ ᠶᠢᠨ ᠲᠤᠷᠰᠢᠯᠲᠠ ᠶᠢᠨ ᠮᠡᠷᠭᠡᠵᠢᠯ᠂ ᠭᠠᠯ ᠰᠡᠷᠬᠡᠶᠢᠯᠡᠵᠦ ᠭᠠᠯ ᠤᠨᠲᠠᠷᠠᠭᠠᠬᠤ ᠰᠢᠰᠲ᠋ᠧᠮ ᠢ ᠤᠭᠰᠠᠷᠠᠬᠤ ᠪᠣᠯᠣᠨ ᠲᠣᠬᠢᠷᠠᠭᠤᠯᠤᠨ ᠲᠤᠷᠰᠢᠬᠤ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠵᠢᠷᠤᠭ ᠲᠥᠯᠥᠪᠯᠡᠭᠡ ᠪᠣᠯᠣᠨ ᠬᠡᠷᠡᠭᠵᠢᠭᠦᠯᠦᠯᠲᠡ ᠵᠡᠷᠭᠡ 4 ᠲᠦᠷᠦᠯ ᠤᠨ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠲᠦᠷᠦᠯ ᠢ ᠳᠠᠭᠠᠭᠠᠴᠢᠯᠠᠨ ᠡᠷᠬᠢᠯᠡᠪᠡ᠃   ᠣᠶᠢᠷ᠎ᠠ ᠶᠢᠨ ᠵᠢᠯ ᠠᠴᠠ ᠮᠠᠨ ᠤ ᠤᠷᠤᠨ ︽ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠤᠷᠤᠯᠳᠤᠭᠠᠨ ᠢᠶᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ︾ ᠰᠡᠳᠬᠢᠴᠡ ᠶᠢ ᠪᠠᠷᠢᠮᠲᠠᠯᠠᠵᠤ᠂ ᠪᠠᠭᠰᠢ ᠰᠤᠷᠤᠭᠴᠢ ᠶᠢ ᠥᠷᠭᠡᠨ ᠢᠶᠠᠷ ᠣᠷᠣᠯᠴᠠᠭᠤᠯᠤᠭᠰᠠᠨ ᠰᠤᠷᠭᠠᠭᠤᠯᠢ᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠭᠤᠷᠪᠠᠨ ᠱᠠᠲᠤᠨ ᠤ ᠤᠷᠤᠯᠳᠤᠭᠠᠨ ᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠪᠠᠭᠰᠢ ᠰᠤᠷᠤᠭᠴᠢᠳ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ᠂ ᠬᠢᠴᠢᠶᠡᠯ ᠲᠦᠷᠦᠯ ᠤᠨ ᠦᠵᠡᠯ ᠰᠠᠨᠠᠭ᠎ᠠ ᠤᠯᠤᠰ ᠲᠦᠷᠦ ᠶᠢᠨ ᠤᠷᠤᠯᠳᠤᠭᠠᠨ ᠤ ᠤᠯᠠᠨ ᠡᠰᠢᠲᠦ ᠤᠷᠤᠯᠳᠤᠭᠠᠨ ᠤ ᠪᠠᠶᠢᠷᠢᠰᠢᠯ ᠢ ᠪᠤᠢ ᠪᠣᠯᠭᠠᠪᠠ᠃ ᠡᠯ᠎ᠡ ᠵᠦᠢᠯ ᠤᠨ ᠤᠷᠤᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃   ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ ᠭᠠᠵᠠᠷ ᠤᠨ ᠬᠠᠷᠢᠭᠤᠴᠠᠯᠭᠠᠳᠠᠨ ᠤ ᠳᠠᠨᠢᠯᠴᠠᠭᠤᠯᠤᠭᠰᠠᠨ ᠢᠶᠠᠷ᠂ ᠮᠠᠨ ᠤ ᠤᠷᠤᠨ ᠤᠷᠤᠯᠳᠤᠭᠠᠨ ᠢ ᠴᠢᠳᠠᠪᠤᠷᠢᠲᠠᠨ ᠢ ᠬᠥᠮᠥᠵᠢᠭᠦᠯᠬᠦ ᠲᠥᠰᠥᠯ ᠳᠤ ᠠᠭᠤᠰᠤᠯᠴᠠᠭᠤᠯᠤᠨ᠂ ᠲᠤᠰᠬᠠᠢ ᠮᠡᠷᠭᠡᠵᠢᠯ ᠤᠨ ᠬᠢᠴᠢᠶᠡᠯ ᠤᠨ ᠪᠠᠶᠢᠭᠤᠯᠤᠯᠲᠠ ᠪᠠ ᠵᠢᠭᠠᠬᠤ ᠮᠠᠲ᠋ᠧᠷᠢᠶᠠᠯ ᠤᠨ ᠨᠡᠭᠡᠭᠡᠯᠲᠡ ᠶᠢ ᠴᠢᠩᠭᠠᠳᠬᠠᠵᠤ᠂ ᠤᠷᠤᠯᠳᠤᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠬᠠᠮᠲᠤ ᠶᠢᠨ ᠴᠣᠭᠴᠠ ᠶᠢ ᠪᠠᠶᠢᠭᠤᠯᠤᠨ᠂ ᠴᠢᠳᠠᠪᠤᠷᠢᠲᠠᠨ ᠢ ᠬᠥᠮᠥᠵᠢᠭᠦᠯᠬᠦ ᠬᠢᠭᠡᠳ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠨᠢᠭᠲᠠ ᠤᠶᠠᠯᠳᠤᠯ ᠢ ᠠᠬᠢᠭᠤᠯᠤᠨ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号