ᠣᠯᠠᠨ ᠰᠠᠯᠠᠭ᠎ᠠ ᠮᠥᠴᠢᠷ ᠬᠠᠮᠲᠤᠷᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠪᠠᠶᠢᠷᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/1/26
  ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠰᠤᠷᠭᠠᠨ ᠬᠥᠮᠦᠵᠢᠯ ᠤᠨ ᠶᠠᠮᠤᠨ  ᠵᠡᠷᠭᠡ 7 ᠰᠠᠯᠠᠭ᠎ᠠ ᠮᠥᠴᠢᠷ 18᠎ ᠤ ᠡᠳᠦᠷ ︽ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠪᠠᠶᠢᠷᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾᠎ ᠢ ᠨᠡᠶᠢᠲᠡᠯᠡᠵᠦ᠂ 4 ᠲᠠᠯ᠎ᠠ ᠠᠴᠠ 11 ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠵᠢᠯᠣᠭᠤᠳᠬᠤ ᠰᠠᠨᠠᠯ ᠳᠤ᠂ ᠶᠡᠭᠡ ᠳᠡᠭᠡᠳᠦ ᠰᠤᠷᠭᠠᠭᠤᠯᠢ ᠶᠢ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠭᠡᠨ ᠪᠠᠶᠢᠭᠤᠯᠬᠤ᠂ ᠰᠡᠯᠪᠢᠨ ᠵᠠᠰᠠᠬᠤ᠂ ᠤᠭᠰᠠᠷᠠᠭᠤᠯᠤᠨ ᠥᠭᠡᠷᠡᠴᠢᠯᠡᠵᠦ ᠳᠡᠭᠡᠭᠰᠢᠯᠡᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠶᠢᠨ ᠪᠠᠶᠢᠷᠢ ᠶᠢᠨ ᠳᠤᠲᠠᠭᠤᠳᠠᠯ ᠢ ᠨᠥᠬᠦᠪᠥᠷᠢᠯᠡᠨ᠎ᠡ ᠭᠡᠵᠦ ᠳᠤᠷᠠᠳᠪᠠ᠃   ᠵᠢᠯᠣᠭᠤᠳᠬᠤ ᠰᠠᠨᠠᠯ ᠳᠤ᠂ ᠪᠠᠶᠢᠷᠢ ᠶᠢᠨ ᠲᠠᠯᠠᠪᠠᠶ ᠶᠢᠨ ᠳᠤᠲᠠᠭᠤᠳᠠᠯ ᠶᠡᠭᠡ᠂ ᠰᠢᠨ᠎ᠡ ᠪᠠᠷ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠶᠡᠭᠡ ᠳᠡᠭᠡᠳᠦ ᠰᠤᠷᠭᠠᠭᠤᠯᠢ ᠶᠢᠨ ︽ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠠᠷᠢᠯᠭ᠎ᠠ ᠶᠢᠨ ᠲᠠᠯᠠᠪᠠᠶ ᠶᠢᠨ ᠵᠢᠭᠠᠯᠲᠠ ᠲᠤᠭ᠎ᠠ︾ ︵191 — 2018︶᠎ ᠪᠠᠷ ᠯᠠᠪᠯᠠᠯᠲᠠ ᠪᠣᠯᠭᠠᠵᠤ ᠨᠢᠭᠡ ᠪᠦᠯᠦᠭ ᠰᠣᠷᠣᠭᠴᠢ ᠶᠢᠨ ᠪᠠᠶᠢᠷᠢ ᠶᠢ ᠰᠢᠨ᠎ᠡ ᠪᠠᠷ ᠪᠠᠶᠢᠭᠤᠯᠬᠤ ᠶᠢ ᠳᠡᠮᠵᠢᠨ᠎ᠡ᠃ ᠰᠢᠨ᠎ᠡ ᠪᠠᠷ ᠪᠠᠶᠢᠭᠤᠯᠤᠭᠰᠠᠨ ᠪᠠᠶᠢᠷᠢ ᠶᠢᠨ ᠵᠢᠩᠬᠢᠨᠢ ᠠᠩᠭᠢ ᠶᠢᠨ ᠳᠥᠷᠪᠡᠨ ᠬᠥᠮᠦᠨ ᠤ ᠥᠷᠥᠭᠡ᠂ ᠠᠰᠫᠢᠷᠠᠨᠲ ᠤᠨ ᠬᠤᠶᠠᠷ ᠬᠥᠮᠦᠨ ᠤ ᠥᠷᠥᠭᠡ᠂ ᠳ᠋ᠣᠺᠲ᠋ᠣᠷᠠᠨᠲ ᠤᠨ ᠭᠠᠭᠴᠠ ᠬᠥᠮᠦᠨ ᠤ ᠥᠷᠥᠭᠡ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠲᠥᠯᠥᠪᠵᠢᠭᠦᠯᠦᠨ ᠪᠠᠶᠢᠭᠤᠯᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠢ ᠬᠥᠲᠥᠯᠥᠨ ᠵᠢᠯᠣᠭᠤᠳᠴᠤ ᠪᠠᠶᠢᠭᠠᠳ ᠰᠤᠯᠠ ᠪᠠᠶᠢᠭ᠎ᠠ ᠡᠬᠢ ᠪᠠᠶᠠᠯᠢᠭ ᠢ ᠰᠢᠯᠢᠳᠡᠭᠵᠢᠭᠦᠯᠦᠨ ᠠᠰᠢᠭᠯᠠᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠪᠠᠶᠢᠷᠢ ᠶᠢᠨ ︽ᠬᠠᠭᠤᠴᠢᠨ ᠢ ᠨᠤᠷᠠᠭᠠᠵᠤ ᠰᠢᠨ᠎ᠡ ᠶᠢ ᠪᠠᠶᠢᠭᠤᠯᠬᠤ︾᠂ ᠰᠢᠨᠡᠳᠭᠡᠨ ᠥᠭᠡᠷᠡᠴᠢᠯᠡᠬᠦ ᠳᠤ ᠡᠷᠭᠢᠯᠲᠡ ᠶᠢᠨ ᠣᠷᠣᠨ ᠰᠠᠭᠤᠴᠠ ᠬᠠᠩᠭᠠᠨ᠎ᠠ᠃ ᠡᠬᠢ ᠪᠠᠶᠠᠯᠢᠭ ᠤᠨ ᠳᠤᠲᠠᠭᠤᠳᠠᠯ ᠶᠡᠬᠡᠲᠡᠶ ᠮᠥᠷᠲᠡᠭᠡᠨ ᠰᠢᠨ᠎ᠡ ᠪᠠᠷ ᠪᠠᠶᠢᠭᠤᠯᠬᠤ ᠳᠤ ᠨᠡᠯᠢᠶᠡᠳ ᠬᠦᠴᠢᠷᠲᠡᠶ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠴᠤ ᠪᠠᠶᠢᠭᠠᠳ ᠰᠤᠷᠭᠠᠭᠤᠯᠢ ᠶᠢᠨ ᠳᠣᠲᠣᠷᠠᠬᠢ ᠵᠣᠴᠢᠯᠠᠬᠤ ᠭᠠᠵᠠᠷ᠂ ᠪᠣᠯᠪᠠᠰᠤᠷᠠᠯ ᠤᠨ ᠲᠥᠪ ᠵᠡᠷᠭᠡ ᠪᠠᠶᠢᠷᠢ ᠪᠤᠯᠭᠠᠨ ᠰᠠᠭᠤᠬᠤ ᠴᠢᠳᠠᠮᠵᠢ ᠲᠠᠢ ᠬᠡᠷ ᠪᠠᠶᠢᠰᠢᠩ ᠢ ᠥᠭᠡᠷᠡᠴᠢᠯᠡᠨ ᠰᠢᠨᠡᠳᠭᠡᠵᠦ ᠠᠰᠢᠭᠯᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠡᠷᠬᠢᠨ ᠲᠣᠭᠤᠷᠢᠨ ᠤ ᠴᠢᠳᠠᠪᠤᠷᠢᠲᠠᠨ ᠤ ᠨᠡᠶᠢᠲᠡ ᠶᠢᠨ ᠪᠠᠶᠢᠷᠢ᠂ ᠬᠤᠳᠠᠯᠳᠤᠭᠠᠨ ᠤ ᠣᠷᠣᠨ ᠰᠠᠭᠤᠴᠠ ᠶᠢᠨ ᠠᠰᠠᠷ ᠵᠡᠷᠭᠡ ᠨᠡᠶᠢᠭᠡᠮ ᠳᠤ ᠬᠡᠷᠡᠭᠯᠡᠬᠦ ᠬᠡᠷ ᠪᠠᠶᠢᠰᠢᠩ ᠢ ᠬᠤᠳᠠᠯᠳᠤᠨ ᠠᠪᠬᠤ᠂ ᠲᠦᠷᠢᠶᠡᠰᠦᠯᠡᠬᠦ ᠪᠠᠷ ᠳᠠᠮᠵᠢᠭᠤᠯᠤᠨ ᠪᠠᠶᠢᠷᠢ ᠶᠢᠨ ᠡᠬᠢ ᠪᠠᠶᠠᠯᠢᠭ ᠢ ᠨᠥᠬᠦᠪᠥᠷᠢᠯᠡᠬᠦ ᠶᠢᠨ ᠬᠠᠮᠲᠤ᠂ ᠰᠤᠷᠭᠠᠭᠤᠯᠢ ᠶᠢᠨ ᠳᠣᠲᠣᠭᠠᠳᠤ ᠶᠢᠨ ᠠᠳᠠᠯᠢ ᠲᠡᠭᠰᠢ ᠪᠠᠷᠢᠮᠵᠢᠶ᠎ᠠ ᠶᠣᠰᠣᠭᠠᠷ᠂ ᠢᠵᠢ ᠪᠦᠷᠢᠳᠦᠭᠰᠡᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠬᠤ ᠶᠢ ᠵᠣᠷᠢᠭᠵᠢᠭᠤᠯᠤᠨ᠎ᠠ ᠭᠡᠵᠦ ᠲᠤᠳᠤᠷᠬᠠᠶᠢᠯᠠᠪᠠ᠃   ᠵᠢᠯᠣᠭᠤᠳᠬᠤ ᠰᠠᠨᠠᠯ ᠳᠤ᠂ ᠪᠠᠶᠢᠷᠢ ᠶᠢᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠵᠦᠶ ᠵᠣᠬᠢᠰᠲᠠᠶ ᠲᠣᠬᠢᠷᠠᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠠᠷᠴᠢᠮ ᠵᠢᠴᠢ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠦᠪᠰᠢᠨ᠂ ᠰᠤᠷᠤᠭᠴᠢᠳ ᠤᠨ ᠭᠡᠷ ᠪᠦᠯᠢ ᠶᠢᠨ ᠠᠵᠤ ᠠᠬᠤᠶ ᠶᠢᠨ ᠳᠠᠭᠠᠭᠠᠬᠤ ᠴᠢᠳᠠᠪᠤᠷᠢ ᠪᠣᠯᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠪᠠᠶᠢᠷᠢ ᠶᠢ ᠬᠠᠮᠠᠭᠠᠯᠠᠬᠤ ᠠᠵᠢᠯᠯᠠᠭᠠᠨ ᠤ ᠥᠪᠡᠷ ᠤᠨ ᠥᠷᠲᠡᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠶᠡᠭᠡ ᠳᠡᠭᠡᠳᠦ ᠰᠤᠷᠭᠠᠭᠤᠯᠢ ᠶᠢᠨ ᠪᠠᠶᠢᠷᠢ ᠶᠢᠨ ᠰᠦᠢᠳᠭᠡᠯ ᠤᠨ ᠪᠠᠷᠢᠮᠵᠢᠶ᠎ᠠ ᠶᠢᠨ ᠬᠥᠳᠡᠯᠦᠩᠭᠦᠶ ᠲᠣᠬᠢᠷᠠᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠥᠪᠡᠷ ᠤᠨ ᠥᠷᠲᠡᠭ ᠢ ᠬᠤᠪᠢᠳᠠᠨ ᠡᠭᠦᠷᠭᠡᠯᠡᠬᠦ ᠵᠦᠢ ᠵᠣᠬᠢᠰᠲᠠᠶ ᠲᠣᠭᠲᠡᠴᠡ ᠶᠢ ᠪᠠᠶᠢᠭᠤᠯᠤᠨ᠎ᠠ᠃ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠨ ᠰᠤᠷᠤᠯᠭ᠎ᠠ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ ᠭᠡᠵᠦ ᠳᠤᠷᠠᠳᠪᠠ᠃   ᠵᠢᠯᠣᠭᠤᠳᠬᠤ ᠰᠠᠨᠠᠯ ᠳᠤ᠂ ᠰᠣᠷᠣᠭᠴᠢ ᠡᠯᠰᠡᠬᠦ ᠲᠥᠯᠥᠪᠯᠡᠭᠡ ᠶᠢ ᠪᠠᠶᠢᠷᠢ ᠶᠢᠨ ᠲᠠᠯᠠᠪᠠᠶ ᠲᠠᠢ ᠬᠤᠯᠪᠣᠭᠳᠠᠭᠤᠯᠬᠤ ᠶᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢ ᠬᠥᠲᠥᠯᠦᠨ ᠵᠢᠯᠣᠭᠤᠳᠴᠤ ᠪᠠᠶᠢᠭᠠᠳ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠬᠢᠭᠡᠳ ᠬᠥᠭᠵᠢᠯᠲᠡ ᠶᠢᠨ ᠬᠡᠪᠴᠢᠶ᠎ᠡ ᠯᠦᠭᠡ ᠬᠠᠷᠢᠯᠴᠠᠨ ᠵᠣᠬᠢᠴᠠᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠦᠷᠢᠨᠰᠢᠬᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢᠨ ᠲᠣᠬᠢᠷᠠᠭᠤᠯᠤᠯᠲᠠ ᠶᠢ ᠪᠠᠶᠢᠷᠢ ᠶᠢᠨ ᠲᠠᠯᠠᠪᠠᠶ ᠶᠢᠨ ᠪᠠᠷᠢᠮᠵᠢᠶ᠎ᠠ ᠳᠤ ᠬᠦᠷᠦᠭᠦᠯᠬᠦ ᠯᠦᠭᠡ ᠬᠤᠯᠪᠣᠭᠳᠠᠭᠤᠯᠬᠤ ᠶᠢ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠶᠢᠨ ᠪᠠᠶᠢᠷᠢ ᠶᠢᠨ ᠪᠠᠷᠢᠮᠵᠢᠶ᠎ᠠ ᠳᠤ ᠭᠦᠷᠦᠭᠰᠡᠨ ᠪᠠᠶᠢᠳᠠᠯ ᠢ ᠰᠣᠷᠣᠭᠴᠢ ᠡᠯᠰᠡᠬᠦ ᠲᠥᠯᠥᠪᠯᠡᠭᠡ ᠶᠢᠨ ᠲᠣᠬᠢᠷᠠᠭᠤᠯᠤᠯᠲᠠ ᠶᠢᠨ ᠴᠢᠬᠤᠯᠠ ᠯᠠᠪᠯᠠᠬᠤ ᠬᠦᠴᠦᠨ ᠵᠦᠢᠯ ᠪᠣᠯᠭᠠᠨ᠎ᠠ᠃ ᠰᠤᠷᠤᠭᠴᠢᠳ ᠤᠨ ᠪᠠᠶᠢᠷᠢ ᠶᠢᠨ ᠲᠠᠯᠠᠪᠠᠶ ᠶᠢᠨ ᠶᠡᠷᠦᠩᠬᠡᠶ ᠬᠡᠮᠵᠢᠶ᠎ᠡ ᠨᠢ ᠶᠡᠭᠡ᠂ ᠰᠤᠷᠤᠭᠴᠢᠳ ᠤᠨ ᠲᠤᠰᠬᠠᠯ ᠴᠢᠩᠭ᠎ᠠ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ ᠵᠠᠷᠴᠢᠮ ᠳᠡᠭᠡᠷ᠎ᠡ ᠪᠠᠨ ᠰᠣᠷᠣᠭᠴᠢ ᠡᠯᠰᠡᠬᠦ ᠵᠢᠭᠠᠯᠲᠠ ᠲᠤᠭ᠎ᠠ ᠶᠢ ᠰᠢᠨ᠎ᠡ ᠪᠠᠷ ᠨᠡᠮᠡᠵᠦ ᠲᠣᠬᠢᠷᠠᠭᠤᠯᠵᠤ ᠪᠣᠯᠬᠤ ᠥᠬᠡᠶ᠂ ᠠᠰᠠᠭᠤᠳᠠᠯ ᠲᠣᠪᠤᠶᠢᠮ᠎ᠠ ᠪᠠᠶᠢᠪᠠᠯ ᠰᠣᠷᠣᠭᠴᠢ ᠡᠯᠰᠡᠬᠦ ᠵᠢᠭᠠᠯᠲᠠ ᠲᠤᠭ᠎ᠠ ᠶᠢ ᠪᠠᠭᠠᠰᠬᠠᠨ᠎ᠠ ᠭᠡᠵᠦ ᠲᠤᠳᠤᠷᠬᠠᠶᠢᠯᠠᠪᠠ᠃   ᠵᠢᠯᠣᠭᠤᠳᠬᠤ ᠰᠠᠨᠠᠯ ᠳᠤ ᠪᠠᠰᠠ᠂ ᠰᠤᠷᠤᠭᠴᠢᠳ ᠤᠨ ᠪᠠᠶᠢᠷᠢ ᠶᠢᠨ ᠴᠢᠳᠠᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠷᠣᠨ ᠵᠠᠶ ᠶᠢ ᠬᠠᠮᠲᠤ ᠪᠠᠷ ᠡᠳ᠋ᠯᠡᠬᠦ ᠪᠠ ᠨᠡᠶᠢᠯᠡᠭᠦᠯᠦᠨ ᠠᠰᠢᠭᠯᠠᠬᠤ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ᠂ ᠰᠤᠷᠤᠯᠴᠠᠯᠭ᠎ᠠ᠂ ᠰᠡᠯᠡᠭᠦᠴᠡᠯ᠂ ᠵᠤᠭ᠎ᠠ ᠴᠡᠩᠭᠡᠯ᠂ ᠪᠡᠶ᠎ᠡ ᠴᠢᠭᠢᠷᠠᠭᠵᠢᠭᠤᠯᠬᠤ᠂ ᠨᠡᠶᠢᠭᠡᠮ ᠤᠨ ᠪᠦᠯᠬᠦᠮ ᠤᠨ ᠠᠵᠢᠯᠯᠠᠭ᠎ᠠ ᠵᠡᠷᠭᠡ ᠣᠷᠣᠨ ᠵᠠᠶ ᠶᠢ ᠰᠤᠷᠤᠭᠴᠢᠳ ᠤᠨ ᠪᠠᠶᠢᠷᠢ ᠲᠠᠢ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠪᠥᠲᠥᠭᠡᠨ ᠪᠠᠶᠢᠭᠤᠯᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ ᠭᠡᠵᠦ ᠳᠤᠷᠠᠳᠪᠠ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 18᠎ ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号