ᠮᠤᠩᠭᠤᠯ ᠰᠢᠳᠠᠷ᠎ᠠ ᠬᠢᠬᠡᠳ ᠤᠯᠠᠮᠵᠢᠯᠠᠯᠲᠤ ᠰᠤᠶᠤᠯ
ᠨᠡᠶᠢᠲᠡᠯᠡᠭᠰᠡᠨ ᠴᠠᠭ᠄
2024/1/26
   ᠮᠤᠩᠭᠤᠯ ᠰᠢᠳᠠᠷ᠎ᠠ ᠪᠤᠯ ᠲᠤᠭᠯᠠᠭᠠᠮ ᠤᠨ ᠲᠤᠮᠳᠡᠬᠢ ᠬᠠᠭᠠᠨ ᠬᠡᠮᠡᠨ ᠠᠯᠳᠠᠷᠰᠢᠭᠰᠠᠨ ᠮᠤᠩᠭᠤᠯ ᠦᠨᠳᠦᠰᠦᠳᠡᠨ ᠤ ᠰᠤᠳᠤᠨ ᠰᠢᠯᠢᠳᠡᠭ ᠰᠤᠶᠤᠯ ᠤᠨ ᠦᠪ ᠲᠠᠯᠠᠰᠳᠤ ᠮᠦᠨ᠃ ᠮᠤᠩᠭᠤᠯ ᠰᠢᠳᠠᠷ᠎ᠡ ᠲᠤᠬᠯᠠᠬᠤ ᠨᠢ ᠭᠡᠤᠭᠡᠳ ᠤᠨ ᠯᠤᠭᠢᠭ ᠰᠠᠤᠭᠢᠭᠦᠢ ᠶᠢᠨ ᠴᠢᠳᠠᠪᠤᠷᠢ ᠶᠢ ᠲᠡᠭᠡᠭᠰᠢᠯᠡᠭᠦᠯᠵᠤ᠂ ᠭᠡᠤᠭᠡᠳ ᠤᠨ ᠠᠩᠬᠠᠷᠤᠯ ᠢᠶᠠᠨ ᠲᠦᠪᠯᠡᠷᠡᠭᠦᠯᠦᠨ ᠰᠡᠳᠭᠢᠨ ᠪᠤᠳᠤᠬᠤ ᠵᠢᠴᠢ ᠤᠭᠢ ᠰᠠᠶᠢᠨ ᠵᠠᠩ ᠠᠷᠠᠨᠰᠢᠨ ᠤ ᠲᠤᠬᠳᠠᠪᠦᠷᠢᠵᠢᠯᠳᠡ ᠶᠢ ᠪᠦᠷᠢᠯᠳᠦᠭᠦᠯᠭᠦ ᠳᠤ ᠲᠤᠰᠡᠳᠡᠢ ᠪᠠᠶᠢᠳᠠᠭ᠃ ᠮᠤᠩᠭᠤᠯ ᠰᠢᠳᠠᠷ᠎ᠡ ᠶᠢ ᠰᠤᠷᠭᠠᠭᠤᠯᠢ ᠶᠢᠨ ᠭᠦᠷᠢᠶᠡᠨ ᠳᠤ ᠤᠷᠤᠭᠤᠯᠤᠬᠰᠡᠨ ᠨᠢ᠂ ᠮᠤᠩᠭᠤᠯ ᠰᠢᠳᠠᠷ᠎ᠡ ᠶᠢᠨ ᠲᠦᠭᠡᠮᠡᠯᠵᠢᠯᠳᠡ ᠶᠢ ᠠᠭᠢᠭᠤᠯᠤᠬᠰᠡᠨ ᠢᠶᠠᠷ ᠪᠠᠷᠠᠬᠤ ᠦᠭᠡᠢ ᠮᠠᠰᠢ ᠤᠯᠡᠨ ᠭᠡᠷ ᠤᠨ ᠠᠬᠠᠮᠠᠳ ᠤᠨ ᠬᠠᠯᠠᠭᠤᠨ ᠭᠦᠷᠢᠶᠡᠯᠡᠯ ᠢ ᠤᠯᠤᠬᠰᠡᠨ ᠪᠠᠶᠢᠨ᠎ᠡ᠃ ᠤᠳᠤᠬᠠᠨ ᠳᠤ ᠮᠤᠩᠭᠤᠯ ᠰᠢᠳᠠᠷ᠎ᠡ ᠶᠢ ᠦᠪᠤᠷ ᠮᠤᠩᠭᠤᠯ ᠤᠨ ᠦᠨᠳᠦᠰᠦᠳᠡᠨ ᠤ ᠭᠡᠤᠭᠡᠳ ᠤᠨ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠵᠠᠪᠠᠯ ᠰᠤᠷᠬᠤ ᠭᠢᠴᠢᠶᠡᠯ ᠪᠤᠯᠭᠠᠬᠰᠡᠨ ᠨᠢ ᠪᠠᠶᠠᠷ ᠤᠨ ᠴᠢᠮᠡᠭᠡ ᠪᠤᠯᠵᠤ ᠪᠠᠶᠢᠨ᠎ᠡ᠃ ᠡᠨᠡ ᠨᠢ ᠲᠠᠷᠤᠢ ᠮᠤᠩᠭᠤᠯ ᠰᠢᠳᠠᠷ᠎ᠡ ᠶᠢᠨ ᠰᠤᠶᠤᠯ ᠢ ᠤᠯᠠᠮᠵᠢᠯᠡᠨ ᠵᠠᠯᠭᠠᠮᠵᠢᠯᠠᠬᠤ ᠰᠢᠯᠢᠳᠡᠭ ᠪᠠᠭᠰᠢ ᠶᠢᠨ ᠡᠩᠨᠡᠭᠡ ᠶᠢ ᠪᠤᠢ ᠪᠤᠯᠭᠠᠬᠤ ᠵᠠᠰᠠᠭ ᠤᠨ ᠲᠠᠯ᠎ᠡ ᠶᠢᠨ ᠤᠷᠤᠯᠳᠤᠯᠭ᠎ᠠ ᠶᠢ ᠭᠦᠢᠴᠡᠳ ᠬᠠᠷᠠᠭᠤᠯᠵᠤ ᠪᠤᠢ᠃ ᠮᠤᠩᠭᠤᠯ ᠰᠢᠳᠠᠷ᠎ᠡ ᠶᠢᠨ ᠰᠤᠶᠤᠯ ᠢ ᠦᠷᠭᠡᠨ ᠭᠡᠪᠴᠢᠶ᠎ᠡ ᠪᠠᠷ ᠲᠦᠭᠡᠮᠡᠯᠵᠢᠭᠦᠯᠵᠤ᠂ ᠰᠢᠯᠢᠳᠡᠭ ᠮᠤᠩᠭᠤᠯ ᠰᠢᠳᠠᠷ᠎ᠡ ᠶᠢᠨ ᠪᠠᠭᠰᠢ ᠶᠢ ᠭᠦᠮᠦᠵᠢᠭᠦᠯᠵᠤ᠂ ᠦᠨᠳᠦᠰᠦᠳᠡᠨ ᠤ ᠰᠤᠶᠤᠯ ᠤᠨ ᠦᠪ ᠢᠶᠠᠨ ᠦᠷ᠎ᠡ ᠭᠡᠤᠭᠡᠤᠨ ᠲᠡᠭᠡᠨ ᠬᠠᠷᠠᠬᠠᠨ ᠪᠠᠭ᠎ᠠ ᠠᠴᠠ ᠨᠢ ᠵᠠᠯᠭᠠᠮᠵᠢᠯᠡᠨ ᠰᠤᠷᠭᠠᠬᠤ ᠶᠠᠪᠤᠳᠠᠯ ᠪᠤᠯ ᠭᠦᠮᠦᠨ ᠪᠦᠭᠦᠨ ᠢ ᠪᠠᠶᠠᠷᠯᠠᠭᠤᠯᠬᠤ ᠶᠠᠪᠤᠳᠠᠯ ᠪᠤᠯᠬᠤ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号