︽ᠠᠷᠪᠠᠨ ᠰᠣᠮᠤ︾ ᠭᠡᠳᠡᠭ ᠪᠤᠯ ᠤᠳᠤ ᠶᠢᠨ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤᠨ ᠤ | ᠬᠤᠶᠢᠲᠤ ᠪᠡᠶ᠎ᠡ ᠶᠢᠨ ᠬᠤᠭᠤᠯᠠᠲᠤ᠂ ᠬᠠᠬᠢᠷ ᠪᠣᠯᠤᠨ ᠰᠦᠵᠢ ᠶᠢᠨ ᠭᠤᠣᠯ ᠳᠠᠭᠠᠤ ᠶᠢᠨ ᠮᠠᠯᠵᠢᠬᠤ ᠣᠷᠤᠨ ᠢ ᠵᠢᠭᠠᠵᠤ | ᠪᠣᠢ᠃ ᠬᠤᠶᠠᠷ ᠵᠠᠭᠤ ᠢᠯᠡᠭᠦᠦ ᠵᠢᠯ ᠤᠨ ᠡᠮᠦᠨ᠎ᠡ᠂ ᠠᠷᠤ ᠬᠤᠷᠴᠢᠨ ᠠᠶᠢᠮᠠᠭ ᠤᠨ ᠨᠢᠭᠡᠨ ᠲᠠᠶᠢᠵᠢ ᠬᠦᠯᠦᠨ | ᠪᠤᠶᠢᠷ ᠠᠴᠠ ᠨᠡᠭᠦᠳᠡᠯᠯᠡᠨ ᠢᠷᠡᠵᠦ᠂ ᠠᠷᠣ ᠬᠤᠷᠴᠢᠨ ᠬᠤᠰᠢᠭᠤ ᠵᠠᠰᠠᠭ ᠠᠴᠠ ᠨᠣᠲᠤᠭ ᠭᠤᠶᠤᠭᠰᠠᠨ ᠳᠤ ᠶᠡᠭᠡ | ᠬᠢᠩᠭᠠᠨ ᠳᠠᠪᠠᠭᠠᠨ ᠤ ᠠᠷᠤ ᠦᠪᠦᠷ ᠤᠨ ᠡᠳᠡᠭᠡᠷ ᠭᠠᠵᠠᠷ ᠢ ᠵᠢᠭᠠᠵᠤ ᠦᠭᠭᠦᠭᠰᠡᠨ ᠪᠠᠶᠢᠵᠠᠢ᠃ ᠵᠠᠰᠠᠭ ᠵᠠᠬᠢᠷᠭᠠᠨ ᠤ | ᠬᠤᠪᠢᠶᠠᠷᠢᠯᠠᠯ ᠳᠤ᠂ ᠲᠡᠳᠡᠭᠡᠷ ᠬᠦᠮᠦᠰ ᠢ ᠠᠷᠪᠠᠨ ᠰᠣᠮᠤ ᠬᠤᠪᠢᠶᠠᠵᠤ ᠰᠠᠭᠤᠯᠭᠠᠵᠠᠢ᠃ ᠠᠷᠪᠠᠨ ᠰᠤᠮᠤ ᠶᠢᠨ ᠨᠣᠶᠠᠨ | ᠬᠤᠵᠢᠮ ᠨᠢ ᠲᠤᠰᠠᠯᠠᠭᠴᠢ ᠶᠢᠨ ᠵᠡᠷᠭᠡ ᠳᠤ ᠬᠦᠷᠴᠦ᠂ ᠬᠦᠮᠦᠰ ᠶᠡᠷᠦᠳᠡᠭᠡᠨ ︽ᠠᠷᠤ ᠲᠤᠰᠠᠯᠠᠭᠴᠢ︾ ᠭᠡᠵᠤ | ᠳᠠᠭᠤᠳᠠᠳᠠᠭ ᠶᠤᠮ᠃ ᠳᠡᠳᠡᠨ ᠤ ᠪᠠᠶᠢᠭᠤᠯᠤᠭᠰᠠᠨ ᠰᠦᠮ᠎ᠡ ᠶᠢ ︽ᠭᠠᠨᠵᠤᠤᠷ︾ ᠰᠦᠮ᠎ᠡ ᠭᠡᠵᠤ᠂ ᠪᠠᠰᠠ ︽ | ᠲᠤᠰᠠᠯᠠᠭᠴᠢ ᠶᠢᠨ ᠰᠦᠮ᠎ᠡ︾ ᠭᠡᠳᠡᠭ᠃ | 1947 ᠣᠨ ᠤ ᠮᠠᠯᠵᠢᠬᠤ ᠣᠷᠤᠨ ᠤ ᠠᠷᠠᠳᠴᠢᠯᠠᠭᠰᠠᠨ ᠦᠭᠡᠷᠡᠴᠢᠯᠡᠯᠲᠡ ᠶᠢᠨ ᠦᠶ᠎ᠡ ᠳᠤ᠂ ᠭᠠᠨᠵᠤᠤᠷ | ᠰᠦᠮ᠎ᠡ ᠶᠢᠨ ᠯᠠᠮᠠ ᠬᠤᠸᠠᠷᠠᠭ ᠢ ᠨᠢ ᠲᠠᠷᠬᠠᠭᠠᠵᠠᠢ᠃ ᠰᠦᠮ᠎ᠡ ᠰᠠᠩ ᠤᠨ ᠭᠡᠷ ᠪᠠᠶᠢᠰᠢᠩ ᠢ ᠨᠢ ᠠᠯᠪᠠᠨ ᠳᠤ | ᠬᠡᠷᠡᠭᠯᠡᠵᠦ ᠪᠠᠶᠢᠭᠰᠠᠨ ᠢᠶᠠᠨ᠂ ᠬᠤᠵᠢᠮ ᠨᠢ ᠮᠣᠳᠤ ᠴᠢᠯᠠᠭᠤ ᠶᠢ ᠨᠢ ᠪᠣᠰᠤᠳ ᠪᠠᠷᠢᠯᠭ᠎ᠠ ᠳᠤ ᠵᠠᠷᠤᠵᠦ ᠬᠡᠷ ᠪᠠᠶᠢᠰᠢᠩ ᠢ | ᠨᠤᠷᠠᠭᠠᠵᠤ ᠬᠠᠶᠠᠵᠠᠢ᠃ 1949 ᠣᠨ ᠳᠤ᠂ ᠠᠷᠣ ᠬᠤᠷᠴᠢᠨ ᠬᠤᠰᠢᠭᠤᠨ ᠤ ᠠᠷᠪᠠᠨ ᠰᠤᠮᠤ ᠳᠤ ᠪᠠᠭᠲᠠᠵᠤ | ᠪᠠᠶᠢᠭᠰᠠᠨ ᠤᠯᠠᠭᠠᠨᠳᠠᠪᠠᠭ᠎ᠠ ᠨᠤᠲᠤᠭ ᠢ ᠪᠠᠭᠠᠷᠢᠨ ᠵᠡᠭᠦᠨ ᠬᠤᠰᠢᠭᠤᠨ ᠳᠤ ᠵᠢᠷᠤᠵᠤ ᠦᠭᠭᠦᠭᠰᠡᠨ ᠶᠤᠮ᠃ | ᠡᠶᠢᠮᠦ ᠠᠴᠠ᠂ ᠠᠷᠤ ᠬᠤᠷᠴᠢᠨ ᠤ ᠣᠳᠤᠬᠠᠨ ᠤ ᠠᠷᠪᠠᠨ ᠰᠣᠮᠤ ᠨᠤᠲᠤᠭ ᠨᠢ ᠤᠤᠯ ᠤᠨ ᠪᠠᠶ᠋ᠬᠠᠦ᠋ᠨᠳᠦᠷ᠂ | ᠪᠠᠶᠠᠨᠪᠤᠯᠠᠭ ᠬᠤᠶᠠᠷ ᠰᠤᠮᠤ ᠶᠢᠨ ᠭᠡᠰᠡᠭ ᠭᠠᠵᠠᠷ ᠢ ᠬᠡᠯᠡᠵᠦ ᠪᠣᠢ᠃ ᠠᠷᠪᠠᠨ ᠰᠣᠮᠤ ᠶᠢᠨ ᠮᠠᠯᠴᠢᠳ ᠤᠯᠠᠮᠵᠢᠯᠠᠯᠲᠤ | ᠮᠠᠯᠵᠢᠬᠤ ᠦᠢᠯᠡᠳᠪᠦᠷᠢᠯᠡᠯ ᠢᠶᠠᠨ ᠡᠷᠬᠢᠯᠡᠨ ᠠᠮᠢᠳᠤᠷᠠᠵᠤ᠂ ᠮᠣᠩᠭᠤᠯ ᠭᠡᠷ᠂ ᠮᠣᠳᠤᠨ ᠲᠡᠷᠭᠡ ᠪᠣᠯᠤᠨ ᠮᠣᠷᠢ | ᠤᠨᠤᠭ᠎ᠠ ᠪᠠᠨ ᠳᠡᠭᠡᠷ᠎ᠡ ᠵᠠᠭᠤᠨ ᠤ ᠶᠡᠷᠡᠭᠡᠳ ᠣᠨ ᠪᠣᠯᠲᠠᠯ᠎ᠠ ᠦᠷᠭᠡᠨ ᠬᠡᠪᠴᠢᠶ᠎ᠡ ᠪᠠᠷ ᠬᠡᠷᠡᠭᠯᠡᠵᠦ ᠪᠠᠶᠢᠭᠰᠠᠨ ᠶᠤᠮ᠃ | ᠡᠶᠢᠮᠦ ᠠᠴᠠ᠂ ᠤᠷᠤᠭ ᠬᠤᠷᠢᠮ ᠤᠨ ᠶᠣᠰᠤᠨ ᠳᠤᠨᠢ ᠴᠦ ᠤᠯᠠᠮᠵᠢᠯᠠᠯᠳᠦ ᠮᠣᠩᠭᠤᠯ ᠠᠮᠢᠳᠤᠷᠠᠯ ᠤᠨ ᠤᠯᠠ ᠮᠦᠷ | ᠮᠡᠳᠡᠭᠳᠡᠮ᠎ᠡ ᠬᠠᠳᠠᠭᠠᠯᠠᠭᠳᠠᠵᠤ ᠢᠷᠡᠭᠰᠡᠨ ᠪᠢᠯᠡ᠃ | ︽ᠠᠷᠪᠠᠨ ᠰᠤᠮᠤ︾ ᠶᠢᠨ ᠬᠤᠷᠢᠮ ᠤᠨ ᠶᠣᠰᠤᠨ ᠳᠤ᠂ ᠬᠦᠷᠭᠡᠨ᠂ ᠬᠡᠤᠬᠡᠨ ᠤ ᠲᠠᠯ᠎ᠠ ᠶᠢᠨ ᠬᠤᠷᠢᠮ ᠢᠶᠠᠨ | ᠴᠦᠮ ᠮᠣᠩᠭᠤᠯ ᠭᠡᠷ ᠲᠤ ᠬᠢᠵᠦ᠂ ᠭᠡᠶᠢᠴᠢᠨ ᠵᠣᠴᠢᠨ ᠢᠶᠠᠨ ᠰᠦ ᠲᠠᠢ ᠴᠠᠢ᠂ ᠴᠠᠭᠠᠨ ᠢᠳᠡᠭᠡ᠂ ᠰᠠᠭᠠᠯᠢ ᠶᠢᠨ | ᠠᠷᠢᠬᠢ ᠪᠣᠯᠤᠨ ᠤᠯᠠᠭᠠᠨ ᠢᠳᠡᠭᠡ ᠵᠡᠷᠭᠡ ᠪᠠᠷ ᠳᠠᠶᠢᠯᠠᠵᠤ᠂ ᠵᠠᠷᠢᠮ ᠳᠠᠭᠠᠨ ᠬᠠᠯᠠᠭᠤᠨ ᠲᠣᠭᠤᠭ᠎ᠠ ᠭᠠᠷᠭᠠᠳᠠᠭ᠃ | ᠬᠤᠶᠠᠷ ᠲᠠᠯ᠎ᠠ ᠶᠢᠨ ︽ᠰᠦᠨᠢ ᠶᠢᠨ ᠰᠠᠭᠤᠳᠠᠯ︾ ᠤᠨ ᠬᠤᠷᠢᠮ ᠳᠤ᠂ ᠬᠦᠮᠦᠰ ᠰᠦᠨᠢᠵᠢᠨ ᠠᠷᠢᠬᠢᠳᠠᠨ | ᠨᠠᠶᠢᠷᠯᠠᠯᠳᠤᠬᠤ ᠲᠤᠯᠠ ᠬᠤᠷᠢᠮ ᠤᠨ ᠳᠠᠭᠤᠴᠢᠳ ᠠᠴᠠ ︽ᠲᠦᠷᠦ ᠶᠢᠨ ᠳᠦᠷᠪᠡᠨ ᠳᠠᠭᠤᠤ︾ ᠶᠢ ᠳᠠᠭᠤᠯᠠᠵᠤ | ᠵᠤᠭ᠎ᠠ ᠪᠣᠯᠭᠠᠳᠠᠭ ᠶᠤᠮ᠃ ᠡᠳᠡᠭᠡᠷ ᠳᠠᠭᠤᠤ ᠨᠢ ᠡᠵᠡᠨ ᠪᠣᠭᠳᠠ ᠴᠢᠩᠬᠢᠰ ᠬᠠᠭᠠᠨ ᠠᠴᠠ ᠡᠬᠢᠯᠡᠵᠦ᠂ ᠵᠠᠰᠠᠭ ᠲᠦᠷᠦ᠂ | ᠱᠠᠰᠢᠨ ᠲᠦᠷᠦ ᠪᠣᠯᠤᠨ ᠬᠤᠷᠢᠮ ᠲᠦᠷᠦ ᠶᠢᠨ ᠠᠭᠤᠯᠭ᠎ᠠ ᠲᠠᠢ ᠪᠠᠶᠢᠵᠤ᠂ ᠬᠤᠷᠢᠮ ᠶᠣᠰᠤᠯᠠᠯ ᠤᠨ ᠬᠠᠤᠯᠢ ᠶᠢᠨ | ᠪᠠᠲᠤᠯᠠᠭ᠎ᠠ ᠶᠢᠨ ᠰᠢᠨᠵᠢ ᠴᠢᠨᠠᠷ ᠲᠠᠢ ᠪᠢᠯᠡ᠃ ᠳᠠᠭᠤᠴᠢᠳ ᠲᠦᠷᠦ ᠶᠢᠨ ᠳᠦᠷᠪᠡᠨ ᠳᠠᠭᠤᠤ ᠶᠢ ᠳᠠᠭᠤᠯᠠᠵᠤ ᠪᠠᠷᠠᠪᠠᠯ᠂ | ᠬᠤᠷᠢᠮ ᠤᠨ ᠲᠦᠷᠦᠭᠦᠦ ᠠᠴᠠ ᠱᠠᠩᠨᠠᠯ ᠣᠯᠭᠤᠵᠤ᠂ ᠲᠡᠳᠡ ᠵᠠᠯᠭᠠᠵᠤ ︽ᠱᠠᠩ ᠤᠨ ᠨᠠᠢᠮᠠᠨ ᠳᠠᠭᠤᠤ︾ ᠶᠢ | ᠡᠷᠭᠦᠨ᠎ᠡ᠃ ᠡᠳᠡᠭᠡᠷ ᠨᠢ ᠪᠦᠷ ᠤᠷᠤᠭ ᠬᠤᠷᠢᠮ ᠳᠤ ᠬᠤᠯᠪᠤᠭ᠎ᠠ ᠲᠠᠢ ᠲᠠᠭᠤᠤ ᠪᠠᠶᠢᠵᠦ᠂ ᠰᠡᠳᠤᠨ ᠲᠦᠷᠦᠯ ᠤᠨ ᠡᠪ | ᠨᠠᠶᠢᠷᠲᠠᠢ ᠪᠣᠯᠤᠨ ᠬᠤᠵᠢᠮ ᠤᠨ ᠰᠠᠶᠢᠨ ᠰᠠᠶᠢᠬᠠᠨ ᠢ ᠵᠦᠩᠨᠡᠨ ᠪᠡᠯᠭᠡᠳᠡᠭᠰᠡᠨ ᠠᠭᠤᠯᠭ᠎ᠠ ᠲᠠᠢ ᠶᠤᠮ᠃ ᠬᠤᠷᠢᠮ ᠤᠨ | ᠡᠳᠦᠷ᠂ ᠰᠢᠨ᠎ᠡ ᠬᠦᠷᠭᠡᠨ᠂ ᠬᠦᠷᠭᠡᠨ ᠳᠠᠭᠠᠭᠴᠢ᠂ ᠬᠤᠷᠢᠮ ᠤᠨ ᠲᠦᠷᠦᠭᠦᠦ᠂ ᠢᠷᠦᠭᠡᠯᠴᠢ᠂ ᠳᠠᠭᠤᠴᠢ ᠵᠡᠷᠭᠡ ᠲᠠᠪᠤ | ᠪᠤᠶᠤ ᠳᠣᠯᠤᠭ᠎ᠠ ᠵᠡᠷᠬᠡ ᠰᠤᠨᠳᠠᠭᠠᠢ ᠲᠤᠭ᠎ᠠ ᠪᠦᠬᠦᠢ ᠬᠦᠮᠦᠰ ︽ᠰᠠᠭᠠᠳᠠᠭ︾ ᠲᠤ ᠮᠤᠷᠳᠠᠳᠠᠭ᠃ ᠲᠡᠳᠡ ᠪᠦᠷ ᠮᠣᠷᠢ | ᠣᠨᠤᠵᠤ᠂ ᠰᠢᠨ᠎ᠡ ᠬᠦᠷᠭᠡᠨ ᠪᠡᠶ᠎ᠡ ᠳᠡᠭᠡᠨ ᠬᠤᠷᠤᠮᠰᠠᠭ᠎ᠠ ᠰᠠᠭᠠᠳᠠᠭ ᠠᠭᠰᠠᠵᠤ ᠶᠠᠪᠤᠳᠠᠭ ᠪᠤᠯᠬᠤᠷ ︽ᠰᠠᠭᠠᠳᠠᠭ ᠲᠤ | ᠶᠠᠪᠤᠬᠤ︾ ᠭᠡᠳᠡᠭ ᠶᠤᠮ᠃ ᠮᠠᠶᠢᠬᠠᠨ ᠬᠦᠰᠭᠡ ᠪᠣᠯᠤᠨ ᠮᠢᠬ᠎ᠠ ᠠᠷᠢᠬᠢ ᠲᠡᠭᠡᠭᠡᠭᠰᠡᠨ ᠦᠬᠡᠷ ᠲᠡᠷᠭᠡ ᠴᠦ | ᠰᠠᠭᠠᠳᠠᠭ ᠤᠨ ᠬᠦᠮᠦᠰ ᠲᠠᠢ ᠴᠤᠭ ᠶᠠᠪᠤᠳᠠᠭ᠃ ᠬᠡᠤᠬᠡᠨ ᠤ ᠲᠠᠯ᠎ᠠ ᠳᠤ ᠬᠦᠷᠦᠭᠰᠡᠨ ᠤ ᠬᠤᠶᠢᠨ᠎ᠠ᠂ ᠬᠦᠰᠭᠡ | ᠮᠠᠶᠢᠬᠠᠨ ᠢᠶᠠᠨ ᠬᠡᠤᠬᠡᠨ ᠤ ᠭᠤᠣᠯ ᠮᠣᠩᠭᠤᠯ ᠭᠡᠷ ᠤᠨ ᠪᠠᠷᠠᠭᠤᠨ ᠡᠮᠦᠨ᠎ᠡ ᠪᠣᠰᠬᠠᠵᠤ᠂ ᠳᠣᠲᠤᠷ᠎ᠠ ᠨᠢ ᠬᠡᠤᠬᠡᠨ ᠤ | ᠲᠠᠯ᠎ᠠ ᠳᠤ ᠬᠡᠷᠡᠭᠯᠡᠬᠦ ᠮᠢᠬ᠎ᠠ᠂ ᠠᠷᠢᠬᠢ᠂ ᠪᠡᠯᠡᠭ ᠰᠡᠯᠲᠡ ᠪᠠᠨ ᠲᠠᠯᠪᠢᠨ᠎ᠠ᠃ |