ᠤᠶᠤᠳᠠᠳ ᠤᠨ ᠤᠷᠮ᠎ᠠ ᠶᠢ ᠲᠠᠳᠠᠬᠰᠡᠨ ︽ᠤᠮᠠᠷᠠᠳᠤ ᠭᠢᠯᠢ ᠶᠢᠨ ᠰᠤᠶᠤᠯ︾
ᠨᠡᠶᠢᠲᠡᠯᠡᠭᠰᠡᠨ ᠴᠠᠭ᠄
2024/1/26
   ᠲᠠᠶᠢᠺᠢᠨᠳᠤᠤ ᠨᠢᠳᠤᠷᠭ᠎ᠠ᠂ ᠮᠣᠩᠭᠤᠯ ᠪᠥᠬᠡ᠂ ᠤᠯᠠᠮᠵᠢᠯᠠᠯᠲᠤ ᠬᠠᠷᠪᠤᠭ᠎ᠠ᠂ ᠮᠣᠩᠭᠤᠯ ᠰᠢᠲᠠᠷ᠎ᠠ᠂ ᠱᠠᠭ᠎ᠠ ᠶᠢᠨ ᠤᠷᠤᠯᠳᠤᠭᠠᠨ ᠁ ᠤᠶᠢᠷ᠎ᠠ ᠶᠢᠨ ᠡᠳᠦᠷ ᠤᠨ ᠶᠠᠪᠤᠭᠳᠠᠭᠰᠠᠨ ᠰᠤᠷᠭᠠᠭᠤᠯᠢ ᠶᠢᠨ ᠬᠦᠷᠢᠶᠡᠨ ᠤ ᠰᠤᠶᠤᠯ ᠳᠠᠮᠢᠷ ᠤᠨ ᠠᠵᠢᠯᠯᠠᠭ᠎ᠠ ᠳᠤ 1000 ᠭᠠᠷᠤᠢ ᠤᠶᠤᠳᠠᠨ ᠢᠳᠡᠪᠬᠢᠳᠡᠢ ᠤᠷᠤᠯᠴᠠᠵᠤ᠂ ᠰᠡᠳᠬᠢᠯ ᠦᠨᠳᠦᠷ ᠪᠠᠶᠢᠯ᠎ᠠ᠃ ᠮᠤᠩᠭᠤᠯ ᠰᠢᠳᠠᠷ᠎ᠠ ᠶᠢᠨ ᠤᠷᠤᠯᠳᠤᠭᠠᠨ ᠳᠤ ᠤᠷᠤᠯᠴᠠᠭᠰᠠᠨ ᠭᠠᠵᠠᠷ ᠵᠦᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠤᠶᠤᠳᠠᠨ ᠤᠷᠬᠢᠯ᠄ ︽ᠤᠯᠠᠩᠬᠢ ᠤᠶᠤᠳᠠᠳ ᠤᠬᠤᠷᠬᠠᠨ ᠬᠤᠭᠤᠴᠠᠭᠠᠨ ᠤ ᠪᠤᠯᠪᠠᠰᠤᠷᠠᠯ ᠢᠶᠠᠷ ᠳᠠᠮᠵᠢᠵᠤ ᠤᠷᠤᠯᠳᠤᠭᠠᠨ ᠳᠤ ᠤᠷᠤᠯᠴᠠᠭᠰᠠᠨ᠂ ᠤᠶᠤᠳᠠᠳ ᠪᠤᠯᠤᠭᠰᠠᠨ ᠤ ᠬᠤᠪᠢ ᠳᠤ ᠪᠢᠳᠡ ᠤᠯᠠᠮᠵᠢᠯᠠᠯᠳᠤ ᠦᠪ ᠰᠤᠶᠤᠯ ᠢᠶᠠᠨ ᠤᠯᠠᠮᠵᠢᠯᠠᠵᠤ ᠵᠠᠯᠭᠠᠮᠵᠢᠯᠠᠬᠤ ᠬᠡᠷᠡᠭᠳᠡᠢ︾ ᠬᠡᠵᠦ ᠪᠠᠶᠢᠯ᠎ᠠ᠃   ᠡᠨᠡ ᠪᠤᠯ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠨ᠎ᠡ ᠪᠠᠷ ᠨᠡᠬᠡᠬᠡᠭᠰᠡᠨ ︽ᠤᠮᠠᠷᠠᠳᠤ ᠬᠢᠯᠢ ᠶᠢᠨ ᠰᠤᠶᠤᠯ ᠢ ᠰᠤᠷᠤᠯᠴᠠᠵᠤ ᠪᠦᠬᠦ ᠳᠠᠯ᠎ᠠ ᠶᠢᠨ ᠬᠦᠭᠵᠢᠯᠳᠡ ᠶᠢ ᠠᠬᠢᠭᠤᠯᠤᠶ᠎ᠠ︾ ᠬᠡᠬᠦ ᠭᠤᠤᠯ ᠰᠡᠳᠦᠪᠳᠤ ᠬᠤᠶᠠᠳᠤᠭᠠᠷ ᠬᠢᠴᠢᠶᠡᠯ ᠤᠨ ᠳᠠᠩᠬᠢᠮ ᠤᠨ ᠰᠢᠷᠢᠰ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠠᠵᠢᠯᠯᠠᠭ᠎ᠠ ᠶᠢᠨ ᠨᠢᠬᠡ ᠪᠤᠯᠤᠨ᠎ᠠ᠃   ︽ᠬᠤᠶᠠᠳᠤᠭᠠᠷ ᠬᠢᠴᠢᠶᠡᠯ ᠤᠨ ᠲᠠᠩᠬᠢᠮ ᠪᠣᠯ ᠨᠢᠭᠡᠳᠦᠭᠡᠷ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷᠭᠦᠯᠵᠢᠯᠡᠯ ᠪᠠ ᠥᠷᠭᠡᠳᠬᠡᠯ ᠮᠥᠨ᠂ ᠲᠡᠷᠡ ᠨᠢ ᠬᠥᠮᠥᠨ ᠢ ᠬᠥᠮᠥᠵᠢᠭᠦᠯᠬᠦ ᠪᠠᠷ ᠭᠤᠣᠯ ᠪᠣᠯᠭᠠᠵᠤ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠰᠤᠷᠤᠯᠴᠠᠬᠤ ᠴᠢᠳᠠᠪᠤᠷᠢ ᠪᠠ ᠶᠡᠷᠦᠩᠬᠡᠢ ᠬᠡᠪ ᠴᠢᠨᠠᠷ ᠢ ᠬᠥᠮᠥᠵᠢᠭᠦᠯᠬᠦ ᠪᠠᠷ ᠬᠠᠷᠠᠯᠲᠠ ᠪᠣᠯᠭᠠᠭᠰᠠᠨ᠂ ᠨᠡᠭᠡᠭᠡᠯᠲᠡᠲᠤ ᠮᠠᠶ᠋ᠢᠭ ᠤᠨ ᠰᠤᠷᠭᠠᠨ ᠬᠥᠮᠦᠵᠢᠯ ᠤᠨ ᠠᠵᠢᠯᠯᠠᠭ᠎ᠠ ᠪᠠ ᠦᠢᠯᠡᠳᠦᠯᠭᠡ ᠶᠢᠨ ᠠᠵᠢᠯᠯᠠᠭ᠎ᠠ ᠶᠢ ᠬᠠᠮᠤᠷᠴᠤ ᠪᠤᠢ︾ ᠬᠡᠵᠦ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠬᠤᠶᠠᠳᠤᠭᠠᠷ ᠬᠢᠴᠢᠶᠡᠯ ᠤᠨ ᠲᠠᠩᠬᠢᠮ ᠤᠨ ᠬᠠᠮᠢᠶᠠᠷᠤᠯᠲᠠ ᠦᠢᠯᠡᠴᠢᠯᠡᠭᠡᠨ ᠤ ᠲᠥᠪ ᠤᠨ ᠪᠠᠭᠰᠢ ᠤᠶᠠᠩᠭ᠎ᠠ ᠰᠤᠷᠪᠤᠯᠵᠢᠯᠠᠭᠴᠢ ᠳᠤ ᠶᠠᠷᠢᠯ᠎ᠠ᠃ ᠬᠤᠶᠠᠳᠤᠭᠠᠷ ᠬᠢᠴᠢᠶᠡᠯ ᠤᠨ ᠳᠠᠩᠬᠢᠮ ᠨᠢ ᠠᠭᠤᠯᠭ᠎ᠠ ᠶᠢᠨ ᠬᠤᠪᠢ ᠳᠤ ᠰᠢᠨ᠎ᠠ ᠶᠢ ᠡᠬᠦᠳᠴᠦ ᠦᠢᠯᠡᠰ ᠪᠤᠰᠬᠠᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠰᠣᠶᠣᠯ ᠲᠠᠮᠢᠷ ᠤᠨ ᠤᠷᠤᠯᠳᠤᠭᠠᠨ ᠵᠡᠷᠭᠡ ᠶᠢ ᠪᠠᠭᠳᠠᠭᠠᠵᠤ᠂ 2023 ᠣᠨ ᠳᠤ ᠠᠩᠬ᠎ᠠ ᠤᠳᠠᠭ᠎ᠠ ︽ᠤᠮᠠᠷᠠᠲᠤ ᠬᠢᠯᠢ ᠶᠢᠨ ᠰᠣᠶᠣᠯ ᠢ ᠰᠤᠷᠤᠯᠴᠠᠵᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠵᠤ᠂ ︽ᠬᠤᠶᠠᠳᠤᠭᠠᠷ ᠬᠢᠴᠢᠶᠡᠯ ᠤᠨ ᠲᠠᠩᠬᠢᠮ︾ ᠢᠶᠠᠷ ᠠᠴᠢᠶᠠᠯᠠᠪᠤᠷᠢ ᠪᠣᠯᠭᠠᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠵᠢᠯᠯᠠᠭ᠎ᠠ ᠨᠤᠭᠤᠳ ᠢ ᠠᠯᠢ ᠣᠯᠠᠨ ᠥᠷᠨᠢᠭᠦᠯᠦᠭᠰᠡᠨ ᠪᠠᠶᠢᠨ᠎ᠠ᠃ ︽ᠶᠡᠭᠡ ᠳᠡᠭᠡᠳᠦ ᠰᠤᠷᠭᠠᠭᠤᠯᠢ ᠪᠣᠯ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠴᠢᠬᠤᠯᠠ ᠵᠢᠭᠰᠠᠭᠠᠯ ᠤᠨ ᠭᠠᠵᠠᠷ ᠮᠥᠨ᠂ ᠪᠢᠳᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠡᠬᠦᠳᠡᠨ ᠠᠴᠠ ᠥᠪᠥᠷ ᠮᠣᠩᠭᠤᠯ ᠤᠨ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠠᠮᠢᠳᠤᠯᠢᠭ ᠢᠶᠠᠷ ᠢᠯᠡᠷᠡᠭᠦᠯᠵᠦ᠂ ᠰᠤᠷᠤᠭᠴᠢᠳ ᠲᠤ ᠲᠣᠬᠢᠷᠠᠬᠰᠠᠨ ᠵᠢᠭᠠᠨ ᠰᠤᠷᠭᠠᠯᠲᠠ ᠶᠢᠨ ᠠᠭᠤᠯᠭ᠎ᠠ ᠪᠣᠯᠭᠠᠨ ᠬᠤᠪᠢᠷᠠᠭᠤᠯᠵᠠᠢ᠃ ᠡᠨᠡ ᠨᠢ ᠰᠤᠶᠤᠯ ᠢᠶᠠᠷ ᠬᠦᠮᠦᠨ ᠢ ᠬᠦᠮᠦᠵᠢᠬᠦᠯᠬᠦ ᠶᠢᠨ ᠲᠦᠯᠦᠬᠡ ᠶᠤᠮ︾ ᠬᠡᠵᠦ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠱᠦᠵᠢ ᠪᠦᠦ ᠱᠤᠸᠠᠩ ᠴᠧᠩ ᠳᠠᠨᠢᠯᠴᠠᠭᠤᠯᠤᠯ᠎ᠠ᠃   2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠨᠠᠭᠠᠰᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠯ᠎ᠡ ᠳᠡᠭᠡᠳᠦ ᠰᠤᠷᠭᠠᠭᠤᠯᠢ ᠰᠢᠨᠵᠢᠯᠡᠭᠡᠨ ᠤ ᠰᠠᠯᠠᠭ᠎ᠠ ᠶᠢᠨ ᠣᠨᠴᠠᠯᠢᠭ ᠪᠠ ᠰᠣᠷᠣᠭᠴᠢ ᠶᠢᠨ ᠣᠨᠴᠠᠯᠢᠭ ᠢᠶᠠᠨ ᠦᠨᠳᠦᠰᠦᠯᠡᠨ᠂ ᠶᠣᠰᠣ ᠰᠤᠷᠲᠠᠬᠤᠨ᠂ ᠣᠶᠤᠨ ‍ᠤᠬᠠᠭᠠᠨ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠪᠠ ᠬᠥᠳᠡᠯᠮᠦᠷᠢ ᠶᠢᠨ ᠬᠥᠮᠦᠵᠢᠯ ᠵᠡᠷᠭᠡ ᠲᠠᠪᠤᠨ ᠲᠠᠯ᠎ᠠ ᠶᠢᠨ ᠲᠣᠭᠤᠷᠢᠨ ᠳᠤ ᠤᠷ᠎ᠠ ᠮᠡᠷᠭᠡᠵᠢᠯ ᠤᠨ ᠤᠯᠠᠮᠵᠢᠯᠠᠯ᠂ ᠪᠡᠶ᠎ᠡ ᠶᠢᠨ ᠲᠠᠮᠢᠷ ᠤᠨ ᠺᠠᠷᠲ ᠠᠪᠬᠤ᠂ ᠮᠡᠳᠡᠯᠭᠡ ᠶᠢᠨ ᠤᠷᠤᠯᠳᠤᠭᠠᠨ᠂ ᠬᠤᠪᠢᠶᠠᠯᠴᠠᠨ ᠰᠣᠯᠢᠯᠴᠠᠬᠤ ᠵᠡᠷᠭᠡ ᠠᠯᠢ ᠣᠯᠠᠨ ᠠᠵᠢᠯᠯᠠᠭ᠎ᠠ ᠥᠷᠨᠢᠭᠦᠯᠪᠡ᠃ ︽ᠤᠮᠠᠷᠠᠲᠤ ᠬᠢᠯᠢ ᠶᠢᠨ ᠦᠵᠡᠮᠵᠢ ᠶᠢ ᠵᠢᠷᠤᠭᠯᠠᠵᠤ ᠴᠠᠭ ᠦᠶ᠎ᠡ ᠶᠢᠨ ᠭᠡᠷᠡᠯ ᠭᠢᠯᠪᠠᠭ᠎ᠠ ᠶᠢ ᠰᠠᠴᠤᠷᠠᠭᠤᠯᠤᠶ᠎ᠠ︾ ᠭᠡᠬᠦ ᠭᠤᠣᠯ ᠰᠡᠳᠦᠪᠲᠦ ᠲᠣᠭᠤᠷᠢᠨ ᠦᠵᠡᠬᠦ ᠦᠢᠯᠡᠳᠦᠯᠭᠡ᠂ ︽ᠤᠮᠠᠷᠠᠲᠤ ᠬᠢᠯᠢ ᠶᠢᠨ ᠳᠤᠬᠠᠢ ᠮᠡᠳᠡᠯᠬᠡ ᠶᠢ ᠬᠤᠷᠠᠮᠳᠤᠭᠤᠯᠵᠤ ᠬᠠᠮᠲᠤ ᠪᠠᠷ ᠤᠷᠤᠭᠰᠢᠯᠠᠶ᠎ᠠ︾ ᠭᠡᠬᠦ ᠤᠮᠠᠷᠠᠲᠤ ᠬᠢᠯᠢ ᠶᠢᠨ ᠰᠣᠶᠣᠯ ᠮᠡᠳᠡᠯᠭᠡ ᠶᠢᠨ ᠤᠷᠤᠯᠳᠤᠭᠠᠨ᠂ ︽ᠤᠷᠢ ᠵᠠᠯᠠᠭᠤ ᠨᠠᠰᠤᠨ ᠳᠠᠭᠠᠨ ᠡᠷᠡᠯᠬᠡᠭᠯᠡᠨ ᠤᠷᠤᠭᠰᠢᠯᠠᠵᠤ ᠬᠦᠴᠦ ᠬᠥᠳᠡᠯᠮᠦᠷᠢ ᠪᠠᠨ ᠡᠬᠡ ᠤᠯᠤᠰ ᠲᠠᠭᠠᠨ ᠵᠣᠷᠢᠭᠤᠯᠰᠤᠭᠠᠢ︾ ᠭᠡᠬᠦ ᠭᠤᠣᠯ ᠰᠡᠳᠦᠪᠲᠦ ᠲᠠᠶᠢᠯᠤᠮᠵᠢ᠂ ︽ᠤᠮᠠᠷᠠᠲᠤ ᠬᠢᠯᠢ ᠶᠢᠨ ᠰᠣᠶᠣᠯ︾ ᠭᠡᠬᠦ ᠨᠣᠮ ᠲᠡᠪᠳᠡᠷ᠂ ᠤᠷᠠᠨ ᠵᠢᠷᠤᠭ᠂ ᠵᠢᠷᠤᠭ ᠲᠥᠯᠥᠪᠯᠡᠭᠡ ᠶᠢᠨ ᠪᠦᠲᠦᠭᠡᠯ ᠤᠨ ᠡᠮᠬᠢᠳᠬᠡᠯ ᠁ ᠪᠦᠷᠢᠨ ᠪᠤᠰᠤ ᠪᠦᠷᠢᠳᠬᠡᠯ ᠢᠶᠠᠷ ᠰᠤᠷᠭᠠᠭᠤᠯᠢ ᠨᠢ ᠶᠡᠭᠡ ᠪᠠᠭ᠎ᠠ ᠠᠵᠢᠯᠯᠠᠭ᠎ᠠ ᠶᠢ ᠨᠢᠭᠡᠨᠲᠡ 500 ᠭᠠᠷᠤᠢ ᠤᠳᠠᠭ᠎ᠠ ᠥᠷᠨᠢᠭᠦᠯᠵᠦ᠂ ᠠᠵᠢᠯᠯᠠᠭ᠎ᠠ ᠳᠤ ᠣᠷᠣᠯᠴᠠᠭᠰᠠᠨ ᠤᠶᠤᠳᠠᠨ 4 ᠲᠦᠮᠡ ᠭᠠᠷᠤᠢ ᠬᠥᠮᠥᠨ ᠤᠳᠠᠭ᠎ᠠ ᠳᠤ ᠬᠦᠷᠴᠡᠢ᠃ ︽ᠠᠵᠢᠯᠯᠠᠭ᠎ᠠ ᠢᠢ ᠥᠷᠨᠢᠭᠦᠯᠦᠭᠰᠡᠨ ᠠᠴᠠ ᠨᠠᠭᠠᠰᠢ ᠰᠤᠷᠤᠭᠴᠢᠳ ᠮᠠᠰᠢ ᠢᠳᠡᠪᠬᠢᠳᠡᠢ ᠤᠷᠤᠯᠴᠠᠵᠠᠢ᠃ ᠰᠤᠷᠤᠭᠴᠢᠳ ᠢ ᠦᠷᠬᠦᠯᠵᠢᠯᠡᠨ ᠬᠦᠰᠡᠯᠡᠩ ᠲᠠᠢ᠂ ᠡᠬᠦᠷᠬᠡ ᠬᠠᠷᠢᠭᠤᠴᠠᠯᠭ᠎ᠠ ᠲᠠᠢ᠂ ᠬᠦᠴᠢᠷ ᠪᠡᠷᠬᠡᠰᠢᠶᠡᠯ ᠢ ᠳᠡᠰᠪᠦᠷᠢᠯᠡᠵᠦ ᠴᠢᠳᠠᠬᠤ ᠰᠢᠯᠢᠳᠡᠭ ᠵᠠᠯᠠᠭᠤᠴᠤᠳ ᠪᠤᠯᠭᠠᠨ ᠬᠦᠮᠦᠵᠢᠬᠦᠯᠬᠦ ᠶᠢᠨ ᠲᠦᠯᠦᠬᠡ᠂ ︿ᠬᠤᠶᠠᠳᠤᠭᠠᠷ ᠬᠢᠴᠢᠶᠡᠯ ᠤᠨ ᠲᠠᠩᠬᠢᠮ﹀ ᠪᠠ ︿ᠨᠢᠭᠡᠳᠦᠭᠡᠷ ᠬᠢᠴᠢᠶᠡᠯ ᠤᠨ ᠲᠠᠩᠬᠢᠮ﹀ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠢᠯᠯᠠᠭ᠎ᠠ ᠶᠢ ᠬᠢᠴᠢᠶᠡᠯᠵᠢᠭᠦᠯᠬᠦ᠂ ᠬᠢᠴᠢᠶᠡᠯ ᠢ ᠦᠢᠯᠡᠳᠦᠯᠭᠡᠵᠢᠭᠦᠯᠬᠦ᠂ ᠦᠢᠯᠡᠳᠦᠯᠭᠡ ᠶᠢ ᠰᠢᠰᠲ᠋ᠧᠮᠵᠢᠭᠦᠯᠬᠦ ᠬᠥᠮᠥᠨ ᠬᠥᠮᠥᠵᠢᠭᠦᠯᠬᠦ ᠠᠵᠢᠯ ᠤᠨ ᠪᠠᠶᠢᠷᠢᠰᠢᠯ ᠢ ᠪᠤᠢ ᠪᠤᠯᠭᠠᠵᠤ᠂ ᠰᠤᠷᠤᠭᠴᠢᠳ ᠤᠨ ᠦᠵᠡᠯ ᠰᠡᠳᠬᠢᠯᠭᠡ ᠢᠢ ᠬᠥᠮᠥᠵᠢᠭᠦᠯᠦᠨ ᠪᠣᠯᠪᠠᠰᠤᠷᠠᠭᠤᠯᠵᠤ᠂ ᠡᠷᠡᠭᠦᠯ ᠰᠠᠷᠠᠭᠤᠯ ᠵᠠᠩ ᠴᠢᠨᠠᠷ ᠢ ᠪᠤᠶ ᠪᠣᠯᠭᠠᠨ᠂ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠵᠦ᠂ ᠴᠠᠭ ᠦᠶ᠎ᠡ ᠢᠢᠨ ᠰᠢᠨ᠎ᠡ ᠬᠥᠮᠥᠨ ᠢ ᠬᠦᠮᠦᠵᠢᠬᠦᠯᠦᠨ᠎ᠡ︾ ᠬᠡᠵᠦ ᠪᠦᠦ ᠱᠤᠸᠠᠩ ᠴᠧᠩ ᠶᠠᠷᠢᠵᠤ ᠪᠠᠶᠢᠯ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号