ᠨᠠᠮᠤᠷ ᠪᠤᠯᠪᠠᠯ ᠠᠭᠤᠷ ᠠᠮᠢᠰᠬᠤᠯ ᠮᠡᠳᠡᠭᠳᠡᠮ᠎ᠡ ᠰᠡᠷᠢᠬᠦᠭᠡᠨ ᠪᠤᠯᠵᠤ᠂ ᠬᠦᠮᠦᠨ ᠤ ᠪᠡᠶ᠎ᠡ ᠶᠢᠨ ᠰᠢᠨ᠎ᠡ | ᠬᠠᠭᠤᠴᠢᠨ ᠤ ᠰᠤᠯᠢᠯᠴᠠᠭ᠎ᠠ ᠤᠳᠠᠭᠠᠰᠢᠷᠠᠵᠤ᠂ ᠠᠮᠠᠷᠬᠠᠨ ᠬᠢᠮᠤᠷᠠᠳᠠᠭ᠃ ᠡᠬᠦᠨ ᠠᠴᠠ ᠭᠠᠳᠠᠨ᠎ᠠ ᠪᠠᠰᠠ ᠨᠢᠭᠤᠷ ᠤᠨ | ᠠᠷᠠᠰᠤ ᠬᠠᠭᠤᠷᠠᠶᠢᠰᠢᠬᠤ ᠪᠤᠶᠤ ᠬᠡᠳᠡᠰᠣ ᠡᠪᠡᠳᠴᠦ ᠰᠠᠭᠤᠯᠭᠠᠬᠤ ᠵᠡᠷᠬᠡ ᠦᠵᠡᠭᠳᠡᠯ ᠢᠯᠡᠷᠡᠨ᠎ᠠ᠃ ᠢᠳᠡᠰᠢᠨ | ᠨᠤᠭᠤᠭ᠎ᠠ ᠨᠢ ᠬᠦᠮᠦᠨ ᠤ ᠪᠡᠶ᠎ᠡ ᠳᠤ ᠰᠢᠮ᠎ᠡ ᠲᠡᠵᠢᠭᠡᠯ ᠨᠦᠬᠦᠳᠡᠭ ᠮᠦᠷᠳᠡᠬᠡᠨ ᠵᠠᠷᠢᠮ ᠡᠪᠡᠳᠴᠢᠨ ᠢ ᠵᠠᠰᠠᠬᠤ | ᠤᠨᠴᠠᠭᠠᠢ ᠦᠢᠯᠡᠳᠦᠯ ᠲᠠᠢ ᠪᠠᠶᠢᠳᠠᠭ᠃ 1. ᠬᠢᠮᠤᠷᠠᠬᠤ ᠠᠴᠠ ᠰᠡᠷᠬᠡᠶᠢᠯᠡᠬᠦ᠄ ᠡᠰᠢᠨ ᠰᠢᠯᠦᠬᠡᠢ ᠨᠤᠭᠤᠭ᠎ᠠ ᠪᠠ | ᠴᠡᠴᠡᠭᠳᠣ ᠴᠠᠭᠠᠨ ᠨᠤᠭᠤᠭ᠎ᠠ ᠨᠢ ᠬᠢᠮᠤᠷᠠᠬᠤ ᠠᠴᠠ ᠰᠡᠷᠬᠡᠶᠢᠯᠡᠬᠦ ᠮᠦᠷᠳᠡᠬᠡᠨ ᠴᠢᠰᠤᠨ ᠰᠤᠳᠠᠯ ᠢ ᠴᠡᠪᠡᠷᠰᠢᠬᠦᠯᠳᠡᠭ᠃ | ᠡᠰᠢᠨ ᠰᠢᠯᠦᠬᠡᠢ ᠨᠤᠭᠤᠭᠠᠨ ᠤ ᠲᠤᠳᠤᠷᠠᠬᠢ ᠢᠤᠳ᠋ ᠤᠨ ᠠᠭᠤᠯᠤᠭᠳᠠᠴᠠ ᠨᠢ ᠦᠨᠳᠦᠷ ᠪᠠᠶᠢᠵᠤ᠂ ᠬᠦᠮᠦᠨ ᠤ | ᠪᠡᠶ᠎ᠡ ᠶᠢᠨ ᠦᠨᠳᠦᠰᠦᠨ ᠰᠤᠯᠢᠯᠴᠠᠭ᠎ᠠ ᠪᠡ ᠪᠤᠶᠢᠵᠢᠯᠳᠡ ᠳᠤ ᠠᠰᠢᠭᠳᠠᠢ᠃ 2. ᠨᠢᠭᠤᠷ ᠲᠡᠬᠡᠷ᠎ᠡ ᠶᠠᠷ᠎ᠠ ᠭᠠᠷᠬᠤ ᠠᠴᠠ | ᠰᠡᠷᠬᠡᠶᠢᠯᠡᠬᠦ᠄ ᠲᠦᠬᠦᠬᠡᠢ ᠨᠤᠭᠤᠭ᠎ᠠ ᠶᠢ ᠢᠯᠡᠬᠦᠦ ᠢᠳᠡᠪᠡᠯ ᠠᠷᠠᠰᠤᠨ ᠳᠤ ᠤᠰᠤ ᠨᠦᠬᠦᠪᠦᠷᠢᠯᠡᠵᠤ᠂ ᠶᠠᠷ᠎ᠠ | ᠭᠠᠷᠬᠤ ᠠᠴᠠ ᠰᠡᠷᠬᠡᠶᠢᠯᠡᠵᠤ ᠴᠢᠳᠠᠨ᠎ᠠ᠃ ᠭᠠᠰᠢᠭᠤᠨ ᠬᠡᠮᠬᠡ ᠳᠤ ᠦᠮᠡᠨ ᠠᠴᠠ ᠰᠡᠷᠬᠡᠶᠢᠯᠡᠬᠦ ᠡᠯᠧᠮᠧᠨ᠋ᠲ | ᠠᠭᠤᠯᠤᠭᠳᠠᠵᠤ᠂ ᠪᠡᠶ᠎ᠡ ᠳᠠᠬᠢ ᠬᠤᠤᠷᠳᠤ ᠡᠯᠧᠮᠧᠨ᠋ᠲ ᠢ ᠠᠷᠢᠯᠭᠠᠬᠤ ᠣᠶᠢᠯᠡᠳᠦᠯ ᠲᠠᠢ ᠪᠠᠶᠢᠳᠠᠭ᠃ 3. ᠰᠢᠩᠭᠡᠭᠡᠯᠳᠡ | ᠮᠠᠭᠤᠳᠠᠬᠤ ᠠᠴᠠ ᠰᠡᠷᠬᠡᠶᠢᠯᠡᠬᠦ᠄ ᠭᠤᠭᠤᠳ ᠲᠤ ᠬᠤᠯᠤᠤᠪᠠᠩ ᠤᠨ ᠡᠳ᠋᠂ ᠤᠭᠤᠷᠠᠭ᠂ ᠬᠦᠬᠦᠷᠳᠤ ᠨᠢᠬᠡᠳᠪᠤᠷᠢ | ᠡᠯᠪᠡᠭ ᠠᠭᠤᠯᠤᠭᠳᠠᠵᠤ᠂ ᠢᠳᠡᠬᠦ ᠲᠤᠷᠠᠰᠢᠯ ᠢ ᠨᠡᠮᠡᠭᠳᠡᠬᠦᠯᠳᠡᠭ᠃ ᠦᠨᠦᠷᠳᠤ ᠨᠤᠭᠤᠭ᠎ᠠ ᠢᠳᠡᠬᠦ ᠲᠤᠷᠠᠰᠢᠯ ᠢ | ᠰᠠᠶᠢᠵᠢᠷᠠᠭᠤᠯᠵᠤ᠂ ᠰᠢᠩᠭᠡᠭᠡᠯᠳᠡ ᠶᠢ ᠠᠬᠢᠭᠤᠯᠬᠤ ᠵᠡᠷᠬᠡ ᠤᠶᠢᠯᠡᠳᠦᠯ ᠲᠠᠢ᠃ ᠵᠤᠬᠢᠬᠤ ᠬᠡᠮᠵᠢᠶᠡᠨ ᠤ ᠦᠨᠦᠷᠳᠣ | ᠨᠤᠭᠤᠭ᠎ᠠ ᠢᠳᠡᠬᠦ ᠨᠢ ᠬᠤᠳᠤᠭᠤᠳᠤ ᠡᠪᠡᠳᠬᠦ ᠶᠢ ᠨᠠᠮᠳᠠᠭᠠᠬᠤ ᠦᠢᠯᠡᠳᠦᠯ ᠲᠠᠢ᠃ 4. ᠬᠠᠯᠠᠭᠤᠳᠠᠬᠤ ᠠᠴᠠ | ᠰᠡᠷᠬᠡᠶᠢᠯᠡᠬᠦ᠄ ᠦᠷᠬᠡᠰᠦᠳᠣ ᠨᠤᠭᠤᠭ᠎ᠠ ᠢᠳᠡᠪᠡᠯ ᠵᠠᠪᠠᠵᠢ ᠶᠢᠨ ᠰᠢᠷᠬᠠᠯᠠᠭ᠎ᠠ᠂ ᠤᠷᠤᠭᠤᠯ ᠤᠨ ᠦᠷᠪᠢᠰᠦᠯ᠂ ᠬᠡᠯᠡᠨ ᠤ | ᠦᠷᠪᠢᠰᠦᠯ ᠵᠡᠷᠬᠡ ᠶᠢ ᠰᠡᠷᠬᠡᠶᠢᠯᠡᠳᠡᠭ᠃ ᠲᠦᠪᠡᠳ ᠬᠠᠰᠢ ᠨᠢ ᠬᠠᠯᠠᠭᠤᠨ ᠢ ᠲᠠᠭᠤᠵᠤ ᠬᠤᠤᠷ ᠲᠠᠶᠢᠯᠬᠤ᠂ ᠤᠷᠤᠭᠤᠯ | ᠠᠮᠠ ᠬᠠᠳᠠᠬᠤ᠂ ᠢᠳᠡᠬᠡᠨ ᠤ ᠲᠤᠷᠠᠰᠢᠯ ᠮᠠᠭᠤᠳᠠᠬᠤ᠂ ᠠᠮᠠ ᠭᠠᠰᠢᠭᠤᠷᠠᠬᠤ ᠵᠡᠷᠬᠡ ᠡᠪᠡᠳᠴᠢᠨ ᠢ ᠡᠳᠡᠬᠡᠬᠦ | ᠤᠶᠢᠯᠡᠳᠦᠯ ᠲᠠᠢ᠃ 5. ᠰᠡᠷᠢᠬᠦᠨ ᠢ ᠲᠠᠭᠤᠬᠤ᠄ ᠨᠠᠮᠤᠷ ᠤᠨ ᠲᠤᠮᠳᠠᠴᠢ ᠪᠠᠷ ᠰᠡᠷᠢᠬᠦᠨ ᠢ ᠲᠠᠭᠤᠬᠤ ᠴᠠᠭᠠᠨ | ᠦᠩᠭᠡᠳᠣ ᠢᠳᠡᠰᠢᠨ ᠨᠤᠭᠤᠭ᠎ᠠ ᠢᠳᠡᠪᠡᠯ ᠵᠤᠬᠢᠨ᠎ᠠ᠃ ᠨᠠᠮᠤᠷ ᠤᠨ ᠤᠯᠠᠷᠢᠯ ᠳᠤ ᠬᠦᠮᠦᠨ ᠡᠷᠬᠡᠪᠰᠢ ᠲᠡᠯᠢᠬᠦᠦ | ᠬᠤᠳᠤᠭᠤᠳᠤ ᠪᠠᠨ ᠰᠠᠶᠢᠳᠤᠷ ᠬᠠᠮᠠᠭᠠᠯᠠᠵᠤ ᠡᠪᠤᠯ ᠤᠨ ᠤᠯᠠᠷᠢᠯ ᠳᠤ ᠪᠡᠯᠡᠳᠬᠡᠯ ᠬᠢᠬᠦ ᠬᠡᠷᠡᠭᠳᠡᠢ ᠪᠠᠶᠢᠳᠠᠭ᠃ 6. | ᠦᠳᠡᠯᠬᠦ ᠠᠴᠠ ᠰᠡᠷᠬᠡᠶᠢᠯᠡᠬᠦ᠄ ᠨᠠᠮᠤᠷ ᠤᠨ ᠤᠯᠠᠷᠢᠯ ᠳᠤ ᠰᠢᠬᠢᠷ ᠯᠤᠤᠪᠠᠩ ᠠᠴᠠ ᠰᠠᠶᠢᠨ ᠢᠳᠡᠭᠡᠨ ᠪᠠᠶᠢᠳᠠᠭ ᠦᠬᠡᠢ᠃ | ᠰᠢᠬᠢᠷ ᠯᠤᠤᠪᠠᠩ ᠤᠨ ᠲᠤᠳᠤᠷᠠᠬᠢ ᠰᠢᠬᠢᠷ ᠯᠤᠤᠪᠠᠩ ᠤᠨ ᠱᠦᠯᠳᠦ ᠨᠢ ᠵᠢᠷᠦᠭᠡ ᠪᠡ ᠡᠯᠢᠭᠡᠨ ᠡᠪᠡᠳᠴᠢᠨ ᠤ | ᠲᠦᠭᠰᠢᠬᠦᠷᠢ ᠶᠢ ᠪᠠᠭᠤᠷᠠᠭᠤᠯᠬᠤ ᠦᠢᠯᠡᠳᠦᠯ ᠲᠠᠢ︔ ᠰᠢᠬᠢᠷ ᠯᠤᠤᠪᠠᠩ ᠪᠠᠰᠠ ᠠᠽᠤᠲ ᠬᠦᠴᠢᠯ ᠤᠨ ᠲᠠᠪᠤᠰᠦ | ᠬᠠᠨᠭ᠍ᠭᠠᠳᠠᠭ ᠠᠴᠠ ᠬᠦᠮᠦᠨ ᠤ ᠪᠡᠶ᠎ᠡ ᠶᠢᠨ ᠶᠡᠭᠡ ᠲᠠᠷᠢᠬᠢᠨ ᠤ ᠴᠢᠰᠤᠨ ᠤ ᠡᠷᠬᠢᠯᠳᠡ ᠶᠢ ᠨᠡᠮᠡᠭᠳᠡᠬᠦᠯᠵᠤ᠂ ᠮᠡᠨᠡᠭ | ᠡᠪᠡᠳᠴᠢᠨ ᠡᠬᠦᠰᠬᠦ ᠶᠢ ᠤᠳᠠᠭᠠᠰᠢᠷᠠᠭᠤᠯᠤᠨ᠎ᠠ᠃ |