ᠬᠥᠬᠡᠬᠤᠲᠠ ᠶᠢᠨ ᠮᠦᠽᠧᠢ ᠬᠤᠳᠠᠯᠳᠤᠭᠠᠨ ᠤ ᠲᠠᠯᠠᠪᠠᠢ ᠳᠤ ᠣᠷᠣᠪᠠ
ᠨᠡᠶᠢᠲᠡᠯᠡᠭᠰᠡᠨ ᠴᠠᠭ᠄
2024/1/28
  2023 ᠣᠨ ᠤ 12 ᠳ᠋ᠤᠭᠠᠷ ᠰᠠᠷ᠎ᠠ ᠶᠢᠨ 30᠎ ᠤ ᠡᠳᠦᠷ ᠠᠴᠠ 2024 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠪᠣᠯᠲᠠᠯ᠎ᠠ᠂ ᠬᠥᠬᠡᠬᠤᠲᠠ ᠶᠢᠨ ᠮᠦᠽᠧᠢ ᠶᠢᠨ ᠬᠢᠨ ᠰᠢᠨᠬᠤᠸᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠬᠥᠮᠥᠭᠡᠷ ᠣᠷᠣᠢ ᠶᠢᠨ ᠳᠣᠣᠷ᠎ᠠ ᠭᠤᠷᠪᠠᠨ ᠡᠳᠦᠷ ᠤᠨ ᠬᠤᠭᠤᠴᠠᠭ᠎ᠠ ᠲᠠᠢ ᠰᠣᠶᠣᠯ ᠮᠦᠽᠧᠢ ᠶᠢᠨ ᠦᠵᠡᠰᠬᠦᠯᠡᠩ ᠢ ᠬᠤᠳᠠᠯᠳᠤᠭᠠᠨ ᠤ ᠲᠠᠯᠠᠪᠤᠷ ᠲᠤ ᠣᠷᠣᠭᠤᠯᠬᠤ ᠰᠢᠷᠢᠰ ᠠᠵᠢᠯᠯᠠᠭ᠎ᠠ ᠶᠢ ᠶᠠᠪᠤᠭᠳᠠᠭᠤᠯᠵᠠᠢ᠃ ᠠᠵᠢᠯᠯᠠᠭᠠᠨ ᠤ ᠬᠤᠭᠤᠴᠠᠭᠠᠨ ᠳᠤ ᠰᠣᠶᠣᠯ ᠮᠦᠽᠧᠢ ᠶᠢᠨ ᠦᠵᠡᠰᠬᠦᠯᠡᠩ ᠤᠨ ᠣᠷᠳᠣᠨ ᠢ ᠬᠤᠳᠠᠯᠳᠤᠭᠠᠨ ᠤ ᠲᠥᠪ ᠲᠤ ᠨᠡᠭᠦᠯᠭᠡᠵᠦ᠂ ᠠᠷᠠᠳ ᠤᠯᠠᠨ ᠲᠠᠢ ᠣᠶᠢᠷᠠᠳᠬᠤ ᠠᠮᠢᠳᠤᠷᠠᠯ ᠤᠨ ᠠᠷᠭ᠎ᠠ ᠬᠡᠯᠪᠡᠷᠢ ᠪᠠᠷ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠵᠠᠢ᠃   ᠮᠦᠽᠧᠢ ᠪᠣᠯ ᠬᠥᠮᠥᠨ ᠲᠥᠷᠥᠯᠬᠢᠲᠡᠨ ᠤ ᠪᠣᠯᠪᠠᠰᠤᠨ ᠢ ᠬᠠᠮᠠᠭᠠᠯᠠᠬᠤ ᠪᠠ ᠤᠯᠠᠮᠵᠢᠯᠠᠬᠤ ᠴᠢᠬᠤᠯᠠ ᠤᠷᠤᠨ᠂ ᠥᠩᠭᠡᠷᠡᠭᠰᠡᠨ᠂ ᠣᠲᠣ᠂ ᠢᠷᠡᠭᠡᠳᠦᠢ ᠶᠢ ᠬᠤᠯᠪᠣᠬᠤ ᠬᠥᠭᠦᠷᠭᠡ᠂ ᠮᠥᠨ ᠴᠤ ᠬᠤᠲᠠ ᠶᠢᠨ ᠰᠦᠭ ᠰᠦᠨᠡᠰᠦ ᠶᠤᠮ᠃ ᠬᠥᠬᠡᠬᠤᠲᠠ ᠶᠢᠨ ᠰᠣᠶᠣᠯ ᠮᠦᠽᠧᠢ ᠶᠢᠨ ᠦᠵᠡᠰᠬᠦᠯᠡᠩ ᠢ ᠬᠤᠳᠠᠯᠳᠤᠭᠠᠨ ᠤ ᠲᠠᠯᠠᠪᠤᠷ ᠲᠤ ᠣᠷᠣᠭᠤᠯᠬᠤ ᠰᠢᠷᠢᠰ ᠠᠵᠢᠯᠯᠠᠭ᠎ᠠ ᠪᠣᠯ ᠨᠢᠭᠡ ᠵᠦᠢᠯ ᠤᠨ ᠴᠤ᠋ ᠰᠢᠨ᠎ᠡ ᠠᠷᠭ᠎ᠠ ᠬᠡᠯᠪᠡᠷᠢ ᠪᠣᠯᠣᠨ᠎ᠠ᠂ ᠮᠥᠨ ᠴᠤ ᠨᠢᠭᠡ ᠤᠳᠠᠭᠠᠨ ᠤ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠯ ᠤᠨ ᠰᠢᠨ᠎ᠡ ᠰᠦᠪᠡᠭᠴᠢᠯᠡᠯ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号