ᠥᠪᠥᠷ ᠮᠣᠩᠭᠤᠯ ᠰᠢᠯᠢᠳᠡᠭ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠢ ᠡᠭᠦᠳᠴᠦ ᠵᠢᠭᠤᠯᠴᠢᠯᠠᠭᠴᠢᠳ ᠢ ᠤᠷᠢᠵᠤ ᠮᠥᠰᠥ ᠴᠠᠰᠤᠨ ᠤ ᠴᠡᠩᠭᠡᠯ ᠢ ᠡᠳ᠋ᠯᠡᠭᠦᠯᠦᠨ᠎ᠡ
ᠨᠡᠶᠢᠲᠡᠯᠡᠭᠰᠡᠨ ᠴᠠᠭ᠄
2024/1/28
   11 ᠳ᠋ᠦ᠋ᠭᠡᠷ ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠤᠷᠠᠯ ᠳᠡᠭᠡᠷ᠎ᠡ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠶᠡᠷᠦᠩᠬᠡᠢ ᠲᠥᠰᠥᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠵᠢᠭᠤᠯᠴᠢᠯᠠᠯ ᠢ ᠲᠦᠷᠭᠡᠳᠬᠡᠨ ᠬᠥᠭᠵᠢᠭᠦᠯᠬᠦ 10 ᠵᠦᠢᠯ ᠤᠨ ᠠᠷᠭ᠎ᠠ ᠬᠡᠮᠵᠢᠶ᠎ᠡ ᠵᠢᠴᠢ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠤᠷᠠᠨ ᠰᠠᠶᠢᠬᠠᠨ ᠤ ᠲᠣᠭᠯᠠᠯᠲᠠ ᠶᠢᠨ ᠲᠥᠯᠥᠪᠯᠡᠭᠡ ᠶᠢ ᠨᠡᠶᠢᠲᠡᠯᠡᠭᠰᠡᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃    ᠡᠨᠡ ᠵᠢᠯ ᠠᠴᠠ ᠨᠠᠭᠠᠰᠢ᠂ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ︾᠎ ᠤᠨ ᠲᠦᠷᠦᠯ ᠲᠡᠮᠳᠡᠭ ᠢ ᠡᠭᠦᠳᠴᠦ᠂ ︽ᠵᠢᠭᠤᠯᠴᠢᠯᠠᠯ ᠤᠨ ᠲᠦᠷᠪᠡᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢᠨ ᠴᠢᠨᠠᠷᠲᠠᠢ ᠨᠡᠮᠡᠭᠳᠡᠯ ᠠᠴᠠ ᠦᠷᠭᠦᠯᠵᠢᠯᠡᠬᠦ ᠴᠢᠨᠠᠷᠲᠠᠢ ᠬᠥᠭᠵᠢᠯ ᠴᠡᠴᠡᠭᠯᠡᠯ ᠲᠡᠶᠢᠰᠢ ᠲᠡᠪᠰᠢᠬᠦ ᠶᠢ ᠠᠬᠢᠭᠤᠯᠤᠨ᠂ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠡᠶᠢᠳᠡ 5.35 ᠲᠦᠮᠡ ᠭᠠᠷᠤᠢ ᠤᠳᠠᠭ᠎ᠠ ᠥᠷᠨᠢᠭᠦᠯᠪᠡ᠃ ᠨᠢᠭᠡ ᠪᠦᠯᠦᠭ ᠬᠤᠪᠢ ᠶᠢᠨ ᠮᠠᠰᠢᠨ ᠲᠡᠷᠭᠡᠨ ᠤ ᠪᠠᠭᠤᠴᠠ᠂ ᠬᠡᠭᠡᠷ᠎ᠡ ᠪᠠᠭᠤᠳᠠᠯᠯᠠᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠠᠮᠠᠷᠠᠯᠲᠠ ᠶᠢᠨ ᠣᠷᠣᠨ ᠢ ᠪᠦᠲᠦᠭᠡᠨ ᠪᠠᠶᠢᠭᠤᠯᠵᠤ᠂ ᠡᠭᠦᠨ ᠳᠤ ᠤᠯᠤᠰ ᠤᠨ 5C᠂ 4C ᠲᠠᠰ ᠤᠨ ᠬᠤᠪᠢ ᠶᠢᠨ ᠮᠠᠰᠢᠨ ᠲᠡᠷᠭᠡᠨ ᠤ ᠪᠠᠭᠤᠴᠠ ᠶᠢᠨ ᠶᠡᠷᠦᠩᠬᠡᠢ ᠬᠡᠮᠵᠢᠶ᠎ᠡ ᠎ ᠨᠢ ᠪᠥᠬᠦ ᠤᠯᠤᠰ ᠲᠤ ᠲᠡᠷᠢᠭᠦᠯᠡᠪᠡ᠃ 1-10 ᠳ᠋ᠤᠭᠠᠷ ᠰᠠᠷ᠎ᠠ ᠳᠤ᠂ ᠵᠢᠭᠤᠯᠴᠢᠯᠠᠭᠴᠢᠳ ᠢ 2.09 ᠳ᠋ᠦᠩᠰᠢᠭᠤᠷ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 3066 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.38 ᠳᠠᠬᠢᠨ ᠪᠠ 3.05 ᠳᠠᠬᠢᠨ ᠪᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号