2024 ᠣᠨ ᠤ 1 ᠰᠠᠷ᠎ᠠ ᠶᠢᠨ 25 ᠤ ᠡᠳᠦᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠡᠭᠡᠷ᠎ᠡ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠸᠠᠩ ᠬᠠᠢ ᠶᠢᠩ | | | ᠲᠥᠯᠥᠭᠡᠯᠡᠭᠴᠢᠳ ᠡ᠄ | | | | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ | ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ᠂ ᠬᠤᠰᠢᠭᠤᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠳᠣᠣᠷ᠎ᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ︽ᠬᠤᠶᠠᠷ ᠶᠡᠭᠡ ᠶᠠᠪᠤᠳᠠᠯ︾ ᠢ ᠡᠷᠡᠰ ᠰᠠᠶᠢᠲᠤᠷ ᠬᠢᠵᠦ᠂ ︽ᠠᠮᠢ ᠠᠬᠤᠢ ᠶᠢ ᠴᠢᠬᠤᠯᠠᠴᠢᠯᠠᠵᠤ᠂ | ᠦᠬᠡᠷ ᠤᠨ ᠦᠢᠯᠡᠰ ᠢ ᠬᠥᠭᠵᠢᠭᠦᠯᠵᠦ᠂ ᠵᠢᠭᠤᠯᠴᠢᠯᠠᠯ ᠢ ᠠᠬᠢᠭᠤᠯᠬᠤ︾ ᠬᠥᠭᠵᠢᠯᠲᠡ ᠶᠢᠨ ᠱᠠᠭᠠᠷᠳᠠᠯᠭ᠎ᠠ ᠶᠢ | ᠪᠠᠷᠢᠮᠲᠠᠯᠠᠵᠤ᠂ ︽ᠲᠠᠪᠤᠨ ᠬᠤᠰᠢᠭᠤᠨ ᠤ ᠪᠠᠶᠢᠯᠳᠤᠬᠤ ᠪᠣᠳᠣᠯᠭ᠎ᠠ︾ ᠶᠢ ᠬᠡᠷᠡᠭᠵᠢᠭᠦᠯᠵᠦ᠂ ᠬᠤᠰᠢᠭᠤᠨ ᠤ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠨᠢᠭᠡ ᠳᠤ᠂ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠪᠠ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 89.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠤᠨ | ᠬᠤᠷᠳᠤᠴᠠ 8.2% ᠪᠤᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 97.9 ᠳ᠋ᠦᠩᠰᠢᠭᠤᠷ | ᠲᠥᠭᠦᠷᠢᠭ ᠲᠤ ᠬᠦᠷᠴᠦ᠂ 36.4% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠦᠬᠦ ᠠᠶᠢᠮᠠᠭ ᠤᠨ | ᠨᠢᠭᠡᠳᠦᠭᠡᠷ ᠲᠤ ᠣᠷᠣᠪᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠡᠯᠡ ᠮᠥᠩᠭᠦ 71.5 ᠳ᠋ᠦᠩᠰᠢᠭᠤᠷ | ᠲᠥᠭᠦᠷᠢᠭ ᠲᠤ ᠬᠦᠷᠴᠦ᠂ 26.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ᠂ ᠶᠡᠷᠦᠩᠬᠡᠢ ᠬᠡᠮᠵᠢᠶ᠎ᠡ ᠨᠢ ᠪᠦᠬᠦ | ᠠᠶᠢᠮᠠᠭ ᠤᠨ ᠨᠢᠭᠡᠳᠦᠭᠡᠷ ᠲᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ 73.5% ᠪᠠᠷ ᠨᠡᠮᠡᠭᠳᠡᠵᠦ᠂ ᠪᠦᠬᠦ ᠠᠶᠢᠮᠠᠭ ᠤᠨ ᠬᠤᠶᠠᠳᠤᠭᠠᠷ ᠲᠤ ᠤᠷᠤᠪᠠ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ 3.3 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ | 34575 ᠲᠥᠭᠦᠷᠢᠭ ᠪᠠ 15503 ᠲᠥᠭᠦᠷᠢᠭ ᠲᠤ ᠬᠦᠷᠴᠦ᠂ 6.1% ᠪᠠ 8.4% ᠪᠠᠷ ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 10.3 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ 4.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ | ᠬᠤᠶᠠᠳᠤᠭᠠᠷ ᠲᠤ ᠣᠷᠣᠪᠠ᠃ | ᠬᠤᠶᠠᠷ ᠲᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠬᠢᠵᠢᠪᠡ᠃ ᠪᠦᠬᠦ ᠠᠶᠢᠮᠠᠭ ᠤᠨ | ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠵᠢᠴᠢ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠲᠥᠪᠯᠡᠷᠡᠭᠦᠯᠦᠨ ᠬᠢᠬᠦ ᠶᠢ | ᠡᠬᠢᠯᠡᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢᠨ ᠪᠦᠯᠬᠦᠮ ᠢ | ᠤᠷᠢᠵᠤ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠢ ᠶᠢᠨ ᠵᠠᠰᠠᠯᠲᠠ ᠶᠢᠨ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠪᠠ᠃ 18 ᠲᠦᠮᠡᠨ ᠮᠦ ᠣᠢ ᠰᠢᠭᠤᠢ ᠪᠠ ᠨᠤᠲᠤᠭ | ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠰᠡᠷᠭᠦᠭᠡᠯᠲᠡ ᠶᠢ ᠪᠡᠶᠡᠯᠡᠭᠦᠯᠵᠦ᠂ 62 ᠲᠦᠮᠡᠨ ᠮᠦ ᠣᠢ ᠰᠢᠭᠤᠢ | ᠨᠤᠲᠤᠭ ᠪᠡᠯᠴᠢᠭᠡᠷ ᠤᠨ ᠬᠤᠣᠷ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠵᠤ᠂ 3 ᠲᠦᠮᠡᠨ ᠮᠦ ᠬᠥᠷᠥᠰᠥ | ᠰᠢᠷᠣᠢ ᠶᠢᠨ ᠢᠳᠡᠭᠳᠡᠯ ᠢ ᠵᠠᠰᠠᠵᠤ᠂ 35 ᠵᠤᠷᠪᠤᠰ ᠢᠳᠡᠭᠳᠡᠯ ᠲᠠᠢ ᠭᠤᠤ ᠶᠢ ᠵᠠᠰᠠᠵᠤ᠂ ᠣᠢ ᠰᠢᠭᠤᠢ ᠶᠢᠨ | ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠬᠤᠤᠰ | ᠳᠡᠭᠡᠭᠰᠢᠯᠡᠯᠲᠡ ᠶᠢ ᠪᠡᠶᠡᠯᠡᠬᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠰᠢᠯᠢᠳᠡᠭ | ᠰᠠᠶᠢᠨ ᠡᠳᠦᠷ ᠤᠨ ᠲᠤᠭ᠎ᠠ ᠶᠢᠨ ᠬᠠᠷᠢᠴᠠᠯ 96.7% ᠳᠤ ᠬᠦᠷᠴᠦ᠂ ᠬᠤᠣᠯᠢᠨ ᠭᠤᠣᠯ ᠤᠨ ᠰᠠᠪᠠ ᠭᠠᠵᠠᠷ ᠤᠨ | ᠭᠤᠣᠯ ᠤᠨ ᠪᠠᠶᠢᠰᠢᠩ ᠤᠨ ᠬᠡᠰᠡᠭ ᠤᠨ ᠡᠵᠡᠮᠰᠢᠯ ᠣᠭᠲᠣᠯᠤᠭᠠᠰᠤ ᠶᠢᠨ ᠤᠰᠤᠨ ᠴᠣᠭᠴᠠ ᠶᠢᠨ ᠤᠰᠤᠨ ᠤ ᠴᠢᠨᠠᠷ | ᠭᠤᠷᠪᠠᠳᠤᠭᠠᠷ ᠳᠡᠰ ᠤᠨ ᠪᠠᠷᠢᠮᠵᠢᠶ᠎ᠠ ᠳᠤ ᠬᠦᠷᠴᠦ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠶᠡᠷᠦᠩᠬᠡᠶᠢᠯᠡᠨ ᠠᠰᠢᠭᠯᠠᠬᠤ ᠨᠣᠷᠮ᠎ᠠ 100% ᠳᠤ ᠬᠦᠷᠴᠡᠢ᠃ | ᠭᠤᠷᠪᠠ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ 127 ᠲᠥᠷᠥᠯ | ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 325 ᠳ᠋ᠦᠩᠰᠢᠭᠤᠷ ᠲᠥᠭᠦᠷᠢᠭ ᠲᠤ ᠬᠦᠷᠴᠦ᠂ | ᠡᠭᠦᠨ ᠳᠤ ᠴᠢᠬᠤᠯᠠ ᠶᠡᠭᠡ ᠲᠥᠷᠥᠯ ᠵᠦᠢᠯ 28 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 200 | ᠳ᠋ᠦᠩᠰᠢᠭᠤᠷ ᠲᠥᠭᠦᠷᠢᠭ ᠲᠤ ᠬᠦᠷᠴᠦ᠂ 83 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠪᠦᠬᠦ ᠠᠶᠢᠮᠠᠭ ᠤᠨ ᠨᠢᠭᠡᠳᠦᠭᠡᠷ ᠲᠤ ᠣᠷᠣᠪᠠ᠃ ᠤᠯᠤᠰ ᠤᠨ ᠳᠣᠲᠣᠭᠠᠳᠤ ᠳᠤ ᠠᠰᠢᠭᠯᠠᠯᠳᠠ ᠪᠠᠷ | ᠬᠠᠮᠤᠭ ᠤᠨ ᠲᠤᠮᠦ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠤ ᠵᠦᠩ ᠭᠤᠸᠠᠩ ᠾᠧ | ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠵᠢᠩ ᠺᠧ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ | ᠬᠤᠭᠤᠴᠠᠭᠠᠨ ᠤ ᠥᠷᠭᠡᠳᠬᠡᠨ ᠪᠠᠶᠢᠭᠤᠯᠬᠤ ᠢᠨᠵᠧᠨᠧᠷᠢᠩ ᠠᠰᠢᠭᠯᠠᠯᠳᠠ ᠳᠤ ᠣᠷᠣᠵᠤ ᠴᠠᠬᠢᠯᠭᠠᠨ ᠭᠠᠷᠭᠠᠵᠤ᠂ | ᠴᠡᠪᠡᠷ ᠡᠨᠧᠷᠭᠢ ᠶᠢᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠬᠡᠪᠴᠢᠶ᠎ᠡ 488 ᠲᠦᠮᠡᠨ ᠺᠢᠯᠣᠸᠠᠲ ᠲᠤ | ᠬᠦᠷᠪᠡ᠃ ᠰᠠᠶᠢᠨᠵᠤᠤ ᠨᠡᠬᠡᠬᠡᠯᠭᠡ ᠶᠢᠨ ᠥᠷᠲᠡᠭᠡᠨ ᠤ ᠢᠨᠵᠧᠨᠧᠷᠢᠩ ᠥᠪᠥᠷ ᠮᠣᠩᠭᠤᠯ ᠤᠨ ᠵᠡᠭᠦᠨ ᠬᠡᠰᠡᠭ ᠤᠨ | ᠬᠢᠩᠭᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠠᠮᠤᠭ ᠲᠦᠷᠭᠡᠨ ᠪᠦᠲᠦᠭᠡᠨ ᠪᠠᠶᠢᠭᠤᠯᠤᠯᠲᠠ ᠶᠢᠨ ᠲᠡᠮᠳᠡᠭᠯᠡᠯ ᠢ | ᠡᠭᠦᠳᠴᠡᠢ᠃ ᠮᠧᠩ ᠨᠧᠩ ᠴᠠᠬᠢᠯᠭᠠᠨ ᠦᠢᠯᠡᠳᠪᠦᠷᠢ ᠶᠢᠨ ᠠᠮᠢᠳᠤᠯᠢᠭ ᠴᠢᠨᠠᠷᠲᠠᠢ ᠥᠭᠡᠷᠡᠴᠢᠯᠡᠯᠲᠡ᠂ ᠵᠢᠩ ᠺᠧ | ᠴᠠᠬᠢᠯᠭᠠᠨ ᠦᠢᠯᠡᠳᠪᠦᠷᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠥᠭᠡᠷᠡᠴᠢᠯᠡᠯᠲᠡ ᠵᠢᠯ ᠤᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠬᠦᠯᠪᠡ᠃ ᠤᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ᠂ ᠶᠡᠷᠦᠩᠬᠡᠢ ᠲᠥᠯᠥᠪᠵᠢᠭᠦᠯᠭᠡ ᠪᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ | ᠨᠠᠶᠢᠷᠠᠭᠤᠯᠭ᠎ᠠ ᠶᠢ ᠪᠡᠶᠡᠯᠡᠭᠦᠯᠵᠦ᠂ 11 ᠲᠥᠷᠥᠯ ᠵᠦᠢᠯ ᠢ ᠰᠢᠨ᠎ᠡ ᠪᠠᠷ ᠣᠷᠣᠭᠤᠯᠤᠨ ᠠᠪᠴᠢᠷᠠᠪᠠ᠃ | ᠳᠥᠷᠪᠡ ᠳᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠳᠡᠭᠡᠭᠰᠢᠯᠡᠵᠤ ᠦᠷ᠎ᠡ | ᠠᠰᠢᠭ ᠨᠡᠮᠡᠭᠳᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 24 ᠲᠦᠮᠡᠨ ᠮᠦ ᠰᠢᠨ᠎ᠡ ᠪᠠᠷ ᠪᠠᠶᠢᠭᠤᠯᠵᠤ᠂ | 109 ᠲᠦᠮᠡᠨ ᠮᠦ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠳᠠᠷᠢᠶᠠᠯᠠᠭ᠎ᠠ ᠶᠠᠪᠤᠭᠳᠠᠭᠤᠯᠵᠤ᠂ 37 ᠲᠦᠮᠡᠨ ᠮᠦ | ᠬᠥᠷᠥᠰᠥ ᠶᠢ ᠭᠦᠨ ᠰᠤᠯᠠᠷᠠᠭᠤᠯᠵᠤ ᠲᠡᠭᠰᠢᠯᠡᠬᠦ ᠶᠢ ᠬᠡᠷᠡᠭᠵᠢᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠢ ︽ᠨᠢᠭᠡ | ᠰᠦᠷᠴᠢᠵᠦ ᠣᠯᠠᠨ ᠠᠬᠢᠭᠤᠯᠬᠤ︾ ᠶᠢ 174 ᠲᠦᠮᠡᠨ ᠮᠦ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ 25 | ᠳ᠋ᠦᠩᠰᠢᠭᠤᠷ ᠵᠢᠩ ᠢ ᠳᠠᠪᠠᠵᠤ᠂ ︽ᠪᠦᠬᠦ ᠤᠯᠤᠰ ᠤᠨ ᠳᠡᠰ ᠠᠴᠠ ᠳᠠᠪᠠᠭᠰᠠᠨ ᠠᠮᠤ ᠪᠤᠳᠠᠭᠠᠨ ᠤ ᠭᠠᠷᠤᠯᠲᠠ ᠶᠢᠨ | ᠲᠣᠮᠣ ᠰᠢᠶᠠᠨ︾ ᠳᠤ ᠣᠷᠣᠪᠠ᠃ 80 ᠲᠦᠮᠡᠨ ᠮᠦ ᠪᠤᠷᠳᠣᠭᠠᠨ ᠡᠪᠡᠰᠦ ᠲᠠᠷᠢᠵᠤ᠂ 20 ᠲᠦᠮᠡᠨ ᠲᠡᠭᠰᠢ | ᠳᠥᠷᠪᠡᠯᠵᠢᠨ ᠮᠧᠲᠷ ᠬᠠᠰᠢᠶ᠎ᠠ ᠰᠠᠷᠠᠪᠴᠢ᠂ 20 ᠲᠦᠮᠡᠨ ᠲᠡᠭᠰᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠫᠧᠩ | ᠰᠠᠷᠠᠪᠴᠢ ᠶᠢ ᠪᠠᠶᠢᠭᠤᠯᠪᠠ᠃ ᠮᠠᠯ ᠳᠡᠵᠢᠬᠡᠪᠦᠷᠢ ᠶᠢᠨ ᠳᠤᠭ᠎ᠠ 225 ᠲᠦᠮᠡᠨ ᠳᠤᠭ᠎ᠠ ᠲᠣᠯᠣᠭᠠᠢ ᠪᠤᠯᠵᠤ᠂ ᠦᠬᠡᠷ | ᠤᠨ ᠳᠤᠭ᠎ᠠ 50 ᠲᠦᠮᠡᠨ ᠲᠣᠯᠣᠭᠠᠢ ᠶᠢ ᠳᠠᠪᠠᠵᠤ᠂ 163 ᠲᠦᠮᠡᠨ ᠲᠣᠯᠣᠭᠠᠢ ᠬᠤᠨᠢ ᠪᠤᠯᠪᠠ᠃ ᠬᠤᠩ ᠠᠨ ᠮᠠᠯ | ᠳᠡᠵᠢᠬᠡᠪᠦᠷᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠵᠢᠯ ᠤᠨ ᠠᠷᠠᠯᠵᠢᠶᠠᠨ ᠤ ᠬᠡᠮᠵᠢᠶ᠎ᠡ 65 ᠲᠦᠮᠡᠨ ᠲᠣᠯᠣᠭᠠᠢ | ᠬᠦᠷᠴᠦ᠂ ᠠᠷᠠᠯᠵᠢᠶᠠᠨ ᠤ ᠬᠡᠮᠵᠢᠶ᠎ᠡ 20 ᠳ᠋ᠦᠩᠰᠢᠭᠤᠷ ᠲᠥᠭᠦᠷᠢᠭ ᠢ ᠳᠠᠪᠠᠵᠤ᠂ ᠬᠤᠸᠠ ᠶᠠᠩ 20 ᠲᠦᠮᠡᠨ ᠲᠣᠨ | ᠦᠬᠡᠷ ᠤᠨ ᠮᠢᠬ᠎ᠠ ᠡᠳ᠋ᠰᠢᠭᠦᠯᠬᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠲᠡᠵᠢᠭᠡᠯ ᠡᠪᠡᠰᠦᠨ ᠤ ᠠᠵᠤ ᠦᠢᠯᠡᠰ ᠤᠨ ᠡᠳ᠋ᠰᠢᠭᠦᠯᠦᠨ | ᠪᠣᠯᠪᠠᠰᠤᠷᠠᠭᠤᠯᠬᠤ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠡᠪᠡᠳᠴᠢᠨ ᠢᠶᠠᠷ ᠦᠬᠦᠭᠰᠡᠨ ᠮᠠᠯ | ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠪᠠ᠃ ︽ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠦᠬᠡᠷ ᠤᠨ ᠠᠷᠠᠯᠵᠢᠶᠠᠨ ᠤ ᠶᠡᠭᠡ ᠬᠤᠷᠠᠯ | ︾ ᠢ ᠡᠷᠬᠢᠯᠡᠭᠰᠡᠨ ᠪᠥᠭᠡᠳ ᠡᠭᠦᠷᠢᠳᠡ ᠶᠢᠨ ᠡᠷᠬᠢᠯᠡᠬᠦ ᠭᠠᠵᠠᠷ ᠪᠣᠯᠵᠤ᠂ ︽ᠳᠤᠮᠳᠠᠳᠤ ᠤᠯᠤᠰ ᠤᠨ ᠠᠯᠠᠰᠢᠨ | ᠦᠬᠡᠷ ᠤᠨ ᠠᠵᠤ ᠦᠢᠯᠡᠰ · ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠭᠠᠯᠲᠠ ᠲᠤᠭ᠎ᠠ︾ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠦᠯᠵᠢᠶᠡᠨ ᠳᠤ ᠭᠠᠷᠴᠤ | ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠳᠡᠰ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠩᠬᠠᠳᠠᠭᠴᠢ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠵᠦᠩ ᠨᠥᠩ ᠬᠢᠩᠭᠠᠨ ᠤᠯᠤᠰ ᠤᠨ | ᠳᠡᠰ ᠤᠨ ᠭᠤᠣᠯ ᠡᠭᠦᠯᠳᠡᠷ ᠪᠤᠶᠢᠵᠢᠭᠤᠯᠬᠤ ᠲᠠᠯᠠᠪᠠᠢ ᠪᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠪᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ 93 ᠲᠥᠷᠥᠯ ᠵᠦᠢᠯ ᠢ ᠬᠡᠷᠡᠭᠵᠢᠭᠦᠯᠵᠦ᠂ 3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ | ᠮᠥᠩᠭᠦ ᠶᠢ ᠵᠣᠯᠭᠠᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ 28 ᠬᠡᠷᠡᠭᠵᠢᠭᠦᠯᠵᠦ | ᠂ ᠬᠠᠮᠵᠢᠯᠴᠠᠬᠤ ᠪᠡᠯᠡ ᠮᠥᠩᠭᠦ ᠶᠢ 8232 ᠲᠦᠮᠡᠨ ᠲᠥᠭᠦᠷᠢᠭ ᠣᠷᠣᠭᠤᠯᠪᠠ᠃ ᠳᠤᠮᠳᠠᠳᠤ ᠬᠤᠰᠢᠭᠤ ᠬᠠᠶᠢᠳᠢᠶᠠᠨ | ᠳᠤᠭᠤᠷᠢᠭ ᠤᠨ ᠨᠥᠬᠦᠷᠯᠡᠯ ᠭᠦᠨᠵᠡᠭᠡᠶᠢᠷᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠢᠯᠡᠳᠳᠡ ᠠᠮᠵᠢᠯᠲᠠ | ᠣᠯᠪᠠ᠃ ᠲᠥᠪ ᠤᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ 18 ᠲᠢᠩᠬᠢᠮ ᠲᠣᠪᠴᠢᠶ᠎ᠠ᠂ | ᠠᠶᠢᠮᠠᠭ ᠤᠨ ᠰᠢᠭᠤᠳ ᠬᠠᠷᠢᠶ᠎ᠠ 39 ᠨᠢᠭᠡᠴᠡ ᠠᠴᠠ ᠴᠡᠭ ᠲᠣᠭᠲᠠᠭᠠᠨ ᠬᠠᠪᠰᠤᠷᠤᠨ ᠲᠡᠳᠬᠦᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠬᠥᠳᠡᠯᠭᠡᠬᠦ ᠬᠦᠴᠦᠨ ᠢ | ᠪᠤᠶᠢᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠬᠦᠷᠢᠶᠡᠯᠡᠯ ᠪᠠ ᠮᠠᠭᠲᠠᠭᠠᠯ ᠰᠠᠶᠢᠰᠢᠶᠠᠯ ᠢ ᠣᠯᠪᠠ᠃ ︽ | ᠲᠠᠷᠢᠶᠠᠯᠠᠩ ᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠬᠦ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ︾ ᠪᠠᠷ ᠡᠷᠦᠬᠡ | ᠪᠦᠷᠢ ᠶᠢᠨ ᠳᠤᠮᠳᠠᠴᠢ ᠣᠷᠣᠯᠭ᠎ᠠ ᠶᠢ 3000 ᠲᠥᠭᠦᠷᠢᠭ ᠨᠡᠮᠡᠭᠳᠡᠭᠦᠯᠪᠡ᠃ 810 ᠡᠷᠦᠬᠡ 2156 ᠬᠥᠮᠦᠨ | ᠠᠮᠠ ᠶᠢᠨ ᠬᠢᠨᠠᠨ ᠬᠡᠮᠵᠢᠬᠦ ᠡᠲᠡᠭᠡᠳ ᠢ ᠪᠦᠬᠦᠨ ᠢ ᠬᠠᠮᠤᠷᠤᠭᠤᠯᠪᠠ᠃ ︽ᠲᠠᠪᠤᠨ ᠰᠠᠶᠢᠨᠲᠠᠢ︾ ᠭᠠᠴᠠᠭ᠎ᠠ᠂ ︽ | ᠲᠠᠪᠤᠨ ᠰᠠᠶᠢᠨᠲᠠᠢ︾ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ 7 ᠪᠠᠶᠢᠭᠤᠯᠵᠤ᠂ 1359 | ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠪᠠ᠃ | ᠲᠠᠪᠤ ᠳᠤ᠂ ᠭᠤᠷᠪᠠᠳᠤᠭᠠᠷ ᠠᠵᠤ ᠦᠢᠯᠡᠰ ᠳᠤᠭᠳᠠᠪᠦᠷᠢᠵᠢᠨ ᠬᠦᠭᠵᠢᠶᠡᠨᠵᠢᠪᠡ᠃ ᠠᠩᠬᠠᠳᠠᠭᠴᠢ ᠪᠦᠯᠦᠭ ᠤᠨ | ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ | ᠦᠵᠡᠭᠦᠯᠬᠦ ᠣᠷᠣᠨ ᠤ ᠨᠡᠷᠡᠰ ᠲᠤ ᠠᠮᠵᠢᠯᠲᠠ ᠲᠠᠢ ᠪᠠᠷ ᠰᠣᠩᠭᠤᠭᠳᠠᠪᠠ᠃ ᠥᠪᠡᠷᠲᠡᠭᠡᠨ ᠵᠠᠰᠠᠬᠤ ᠣᠷᠣᠨ ᠤ | ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ᠂ ᠲᠠᠷᠢᠶᠠᠯᠠᠩ ᠰᠣᠶᠣᠯ ᠵᠢᠭᠤᠯᠴᠢᠯᠠᠯ ᠢ | ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ ᠲᠤᠰ ᠪᠦᠷᠢ 1 ᠨᠡᠮᠡᠭᠳᠡᠪᠡ᠃ ᠰᠢᠷᠠᠳᠤᠪᠤ ︽ᠤᠰᠤᠨ | ᠦᠵᠡᠮᠵᠢᠲᠦ ᠨᠤᠳᠤᠭ︾᠂ ᠳᠠᠶᠢᠴᠢᠨᠲᠠᠯ᠎ᠠ ᠰᠣᠶᠣᠯ ᠵᠤᠭᠠᠴᠠᠯ ᠤᠨ ᠵᠢᠵᠢᠭ ᠪᠠᠯᠭᠠᠰᠤ ᠠᠰᠢᠭᠯᠠᠯᠲᠠ ᠳᠤ ᠣᠷᠣᠵᠤ᠂ | ᠰᠣᠶᠣᠯ ᠠᠵᠤ ᠦᠢᠯᠡᠰ ᠤᠨ ᠬᠦᠷᠢᠶᠡᠯᠡᠩ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠬᠢᠩᠭᠠᠨ | ᠠᠶᠢᠮᠠᠭ ᠤᠨ ᠪᠠᠲᠤᠴᠠᠭᠠᠨ ᠤ ᠰᠣᠶᠣᠯ ᠵᠤᠭᠠᠴᠠᠯ ᠤᠨ ᠨᠠᠶᠢᠷ᠂ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ | ᠶᠡᠭᠡ ᠬᠤᠷᠠᠯ ᠵᠡᠷᠭᠡ ᠲᠣᠮᠣ ᠬᠡᠯᠪᠡᠷᠢ ᠶᠢᠨ ᠰᠣᠶᠣᠯ ᠵᠤᠭᠠᠴᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ | ᠳᠤᠮᠳᠠᠳᠤ ᠤᠯᠤᠰ ᠤᠨ ᠤᠮᠠᠷᠠᠲᠤ ᠶᠢᠨ ᠴᠥᠭᠡᠨ ᠲᠣᠭᠠᠲᠤ ᠦᠨᠳᠦᠰᠦᠲᠡᠨ ᠤ ᠭᠠᠷ ᠬᠠᠳᠬᠤᠮᠠᠯ ᠤᠨ ᠰᠢᠨ᠎ᠡ ᠶᠢ | ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 2 ᠨᠡᠮᠡᠭᠳᠡᠵᠤ᠂ ᠪᠣᠳᠠᠰ ᠤᠨ ᠪᠤᠰᠤ ᠰᠣᠶᠣᠯ ᠤᠨ ᠥᠪ ᠤᠨ | ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ | ᠲᠣᠰᠬᠤᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠰᠤᠷᠭᠠᠨ ᠬᠥᠮᠦᠵᠢᠯ ᠤᠨ | ᠦᠢᠯᠡᠳᠦᠯᠭᠡ ᠶᠢᠨ ᠰᠠᠭᠤᠷᠢᠨ ᠲᠤᠰ ᠪᠦᠷᠢ 1 ᠨᠡᠮᠡᠭᠳᠡᠪᠡ᠃ ᠳᠡᠯᠡᠬᠡᠢ ᠶᠢᠨ ᠰᠡᠶᠢᠷᠡᠭ ᠣᠢ ᠲᠠᠯ᠎ᠠ ᠨᠤᠲᠤᠭ ᠤᠨ | ᠭᠡᠷᠡᠯ ᠵᠢᠷᠤᠭ ᠤᠨ ᠦᠵᠡᠰᠬᠦᠯᠡᠩ᠂ ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ᠬᠤᠭᠤᠷ ᠤᠨ ᠦᠯᠢᠭᠡᠷ ᠤᠨ | ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ᠂ ᠪᠦᠬᠦ ᠤᠯᠤᠰ ᠤᠨ ᠡᠪᠦᠯ ᠤᠨ ᠤᠯᠠᠷᠢᠯ ᠤᠨ ︽ᠲᠣᠰᠬᠤᠨ | ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠦᠯᠭᠡ ᠶᠢᠨ ᠠᠵᠢᠯᠯᠠᠭ᠎ᠠ ᠶᠢ ᠡᠷᠬᠢᠯᠡᠪᠡ᠃ ᠪᠦᠬᠦ ᠣᠷᠣᠨ ᠤ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ | ᠦᠨᠡᠯᠡᠭᠳᠡᠵᠦ᠂ ᠭᠠᠳᠠᠭᠠᠳᠤ ᠠᠴᠠ ᠣᠷᠣᠭᠤᠯᠵᠤ᠂ ᠭᠠᠳᠠᠭᠠᠳᠤ ᠳᠤ ᠭᠠᠷᠭᠠᠬᠤ ᠬᠢᠷᠢ ᠴᠢᠳᠠᠮᠵᠢ ᠶᠢᠨ ᠠᠵᠤ ᠠᠬᠤᠶᠢᠯᠠᠯ | ᠰᠢᠨ᠎ᠡ ᠪᠠᠷ 4 ᠨᠡᠮᠡᠭᠳᠡᠪᠡ᠃ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠲᠥᠷᠥᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠯᠤᠭᠤᠨ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠲᠣᠭᠤᠷᠢᠭ ᠲᠤ 4 ᠲᠦᠮᠡᠨ ᠲᠣᠨ ᠬᠥᠮᠥᠷᠭᠡᠯᠡᠨ ᠬᠠᠳᠠᠭᠠᠯᠠᠬᠤ ᠶᠢ ᠪᠡᠶᠡᠯᠡᠭᠦᠯᠪᠡ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠴᠢᠩᠭᠠᠷᠠᠪᠠ᠃ ᠠᠷᠠᠳ ᠤᠨ ᠠᠮᠢᠳᠤᠷᠠᠯ ᠤᠨ ᠵᠠᠷᠤᠯᠭ᠎ᠠ | 37.5 ᠳ᠋ᠦᠩᠰᠢᠭᠤᠷ ᠲᠥᠭᠦᠷᠢᠭ ᠲᠤ ᠬᠦᠷᠴᠦ᠂ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 82.5% ᠶᠢ | ᠡᠵᠡᠯᠡᠪᠡ᠃ ᠬᠤᠲᠠ ᠪᠠᠯᠭᠠᠰᠤᠨ ᠤ 1100 ᠬᠥᠮᠦᠨ ᠳᠤ ᠰᠢᠨ᠎ᠡ ᠪᠠᠷ ᠠᠵᠢᠯ ᠣᠯᠭᠤᠵᠤ᠂ 1.6 ᠲᠦᠮᠡᠨ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠳᠡᠬᠦᠰᠦᠭᠰᠡᠨ 569 ᠬᠥᠮᠦᠨ ᠳᠤ | ᠠᠵᠢᠯ ᠣᠯᠭᠤᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠬᠡᠴᠡ 334 ᠬᠥᠮᠦᠨ ᠡᠯᠰᠡᠪᠡ᠃ ᠰᠤᠷᠭᠠᠨ | ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠵᠠᠷᠤᠯᠭ᠎ᠠ 7.35% ᠪᠠᠷ | ᠨᠡᠮᠡᠭᠳᠡᠪᠡ᠃ ᠰᠢᠯᠢᠳᠡᠭ ᠢ ᠨᠢ ᠰᠣᠩᠭᠤᠨ ᠲᠣᠮᠢᠯᠠᠵᠤ᠂ 20 ᠨᠡᠷᠡᠰ ᠰᠤᠷᠭᠠᠭᠤᠯᠢ ᠶᠢᠨ ᠵᠠᠬᠢᠷᠤᠯ ᠢ ᠰᠤᠯᠢᠯᠴᠠᠵᠤ᠂ ︽ | ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾ ᠵᠡᠷᠭᠡ ᠠᠵᠢᠯᠯᠠᠭ᠎ᠠ ᠶᠢ ᠡᠷᠬᠢᠯᠡᠵᠦ᠂ ᠪᠠᠭᠰᠢ ᠶᠢᠨ ᠡᠩᠨᠡᠭᠡ ᠶᠢ | ᠰᠢᠯᠢᠳᠡᠭᠵᠢᠭᠦᠯᠪᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠡᠩ ᠲᠦᠭᠡᠮᠡᠯ ᠬᠠᠷᠠᠭᠠᠯᠵᠠᠯ | ᠦᠵᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠡᠩ ᠲᠡᠩᠴᠡᠭᠦᠷᠢᠲᠡᠢ ᠪᠤᠯᠭᠠᠨ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠨᠡᠩ ᠠᠭᠤᠯᠤᠭᠳᠠᠬᠤᠨ ᠲᠠᠢ ᠪᠣᠯᠭᠠᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠨᠡᠩ ᠥᠪᠡᠷᠮᠢᠴᠡ ᠣᠨᠴᠠᠯᠢᠭ ᠲᠠᠢ ᠪᠣᠯᠭᠠᠵᠤ᠂ ᠣᠨᠴᠠᠭᠠᠢ ᠰᠤᠷᠭᠠᠨ | ᠬᠥᠮᠦᠵᠢᠯ ᠢ ᠨᠡᠩ ᠬᠠᠶᠢᠷ᠎ᠠ ᠰᠡᠳᠬᠢᠯᠭᠡ ᠲᠠᠢ ᠪᠤᠯᠭᠠᠪᠠ᠃ 2023 ᠤᠨ ᠤ ᠳᠤᠮᠳᠠᠳᠤ ᠤᠯᠤᠰ ᠤᠨ ᠮᠣᠩᠭᠤᠯ | ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠡᠭᠡ ᠬᠤᠷᠠᠯ ᠢ ᠡᠷᠬᠢᠯᠡᠵᠦ | ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠪᠦᠬᠦ ᠣᠷᠣᠨ ᠤ ᠴᠤᠷ ᠤᠨ ᠭᠠᠭᠴᠠ ᠬᠤᠰᠢᠭᠤ ᠰᠢᠶᠠᠨ ᠤ | ᠱᠠᠲᠤᠨ ᠤ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠮᠣᠩᠭᠤᠯ ᠡᠮᠨᠡᠯᠭᠡ ᠶᠢᠨ ᠬᠤᠷᠢᠶ᠎ᠠ ᠪᠣᠯᠪᠠ᠃ ᠬᠤᠷᠢᠨ | ᠵᠢᠷᠭᠤᠭᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮ | ᠡᠮᠨᠡᠯᠭᠡ ᠶᠢᠨ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶᠠᠨ ᠤ ᠬᠤᠪᠢᠶᠠᠷᠢ ᠬᠤᠷᠢᠶᠠᠨ ᠤ ᠫᠠᠶᠢᠰᠠ | ᠡᠯᠭᠦᠬᠦ ᠶᠢ ᠪᠡᠶᠡᠯᠡᠭᠦᠯᠪᠡ᠃ ᠬᠤᠶᠠᠷ ᠵᠠᠭᠤ ᠠᠷᠪᠠᠨ ᠨᠢᠭᠡᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ ︵ᠴᠡᠭ︶ ᠶᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠥᠷᠲᠡᠭᠡ ︵ᠲᠥᠪ︶ ᠶᠢ 40 ᠰᠠᠭᠤᠷᠢ᠂ | ᠬᠤᠶᠠᠷ ᠡᠷᠦᠬᠡ ᠨᠠᠰᠤᠳᠠᠶᠢᠴᠤᠳ ᠤᠨ ᠬᠤᠭᠤᠯᠠᠨ ᠭᠡᠷ ᠢ ᠰᠢᠨ᠎ᠡ ᠪᠠᠷ ᠪᠠᠶᠢᠭᠤᠯᠵᠤ᠂ ᠨᠠᠰᠤᠨ ᠳᠤ ᠦᠯᠦ | ᠬᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠶᠢ 12 ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ | ᠳᠠᠭᠠᠳᠬᠠᠯ᠂ ᠬᠤᠲᠠ ᠲᠣᠭᠤᠷᠢᠭ ᠤᠨ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ᠂ | ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ | ᠪᠡᠶᠡᠯᠡᠭᠦᠯᠪᠡ᠃ | ᠳᠣᠯᠤᠭ᠎ᠠ ᠳᠤ᠂ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠳᠡᠭᠡᠭᠰᠢᠯᠡᠵᠤ ᠳᠡᠰ ᠳᠡᠪᠰᠢᠪᠡ᠃ ᠬᠤᠲᠠ ᠶᠢᠨ | ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 16 ᠬᠡᠷᠡᠭᠵᠢᠭᠦᠯᠵᠦ᠂ 7 ᠵᠤᠷᠪᠤᠰ | ᠵᠠᠮ ᠨᠡᠪᠲᠡᠷᠡᠭᠦᠯᠵᠦ᠂ ᠪᠣᠷᠣᠭᠠᠨ ᠤ ᠤᠰᠤ᠂ ᠪᠣᠬᠢᠷ ᠤᠰᠤ᠂ ᠤᠰᠤ ᠬᠠᠩᠭᠠᠬᠤ᠂ ᠢᠯᠴᠢ ᠬᠠᠩᠭᠠᠬᠤ ᠬᠤᠭᠤᠯᠠᠢ ᠶᠢᠨ | ᠲᠣᠣᠷ ᠢ 57 ᠺᠢᠯᠤᠮᠧᠲᠷ ᠪᠦᠲᠦᠭᠡᠨ ᠪᠠᠶᠢᠭᠤᠯᠪᠠ᠃ ᠰᠢᠨ᠎ᠡ ᠪᠠᠷ ᠨᠡᠮᠡᠭᠳᠡᠭᠰᠡᠨ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ 40 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 7.3 ᠲᠦᠮᠡᠨ | ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠪᠠ᠃ ᠭᠠᠵᠠᠷ ᠰᠢᠷᠣᠢ ᠶᠢᠨ | ᠨᠡᠮᠡᠭᠳᠡᠯ ᠬᠠᠰᠤᠭᠳᠠᠯ ᠢ ᠬᠤᠯᠪᠤᠯᠳᠤᠯᠬᠤ ᠲᠥᠷᠥᠯ ᠵᠦᠢᠯ ᠢ 800 ᠮᠦ ᠬᠡᠷᠡᠭᠵᠢᠭᠦᠯᠵᠦ᠂ 117 ᠡᠷᠦᠬᠡ ᠬᠠᠭᠤᠴᠢᠨ | ᠠᠭᠤᠷᠬᠠᠢ ᠶᠢᠨ ᠣᠷᠣᠨ ᠤ ᠣᠯᠠᠨ ᠲᠦᠮᠡᠨ ᠤ ᠣᠷᠣᠨ ᠰᠠᠭᠤᠴᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ | 5G ᠰᠠᠭᠤᠷᠢ ᠥᠷᠲᠡᠭᠡ ᠶᠢ 204 ᠰᠢᠨ᠎ᠡ ᠪᠠᠷ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | 116 ᠺᠢᠯᠤᠮᠧᠲᠷ ᠪᠦᠲᠦᠭᠡᠨ ᠪᠠᠶᠢᠭᠤᠯᠵᠤ᠂ G5511 ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠬᠡᠰᠡᠭ ᠨᠡᠪᠲᠡᠷᠡᠵᠤ᠂ G1015᠂ G334 ᠵᠠᠰᠠᠮᠠᠯ ᠵᠠᠮ ᠢ ᠠᠵᠢᠯ ᠡᠬᠢᠯᠡᠬᠦᠯᠦᠨ ᠪᠦᠲᠦᠭᠡᠨ ᠪᠠᠶᠢᠭᠤᠯᠪᠠ᠃ | ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠤ ᠲᠣᠣᠷ ᠢ 264 ᠺᠢᠯᠤᠮᠧᠲᠷ ᠥᠭᠡᠷᠡᠴᠢᠯᠡᠨ ᠵᠠᠰᠠᠪᠠ᠃ ︽ᠤᠰᠤᠨ | ᠦᠵᠡᠮᠵᠢ ᠶᠢᠨ ᠨᠤᠳᠤᠭ︾ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠠᠩᠭᠠᠯ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠪᠠ᠃ | ᠨᠠᠢᠮᠠ ᠳᠤ᠂ ᠨᠡᠶᠢᠭᠡᠮ ᠤᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠪᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ | ᠠᠨᠠᠷ ᠤᠨ ᠦᠷ᠎ᠡ ᠮᠡᠲᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ | ᠥᠷᠭᠡᠨ ᠢᠶᠠᠷ ᠦᠷᠨᠢᠬᠦᠯᠪᠡ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ | ᠨᠡᠶᠢᠭᠡᠮ ᠤᠨ ᠠᠮᠤᠷ ᠲᠦᠪᠰᠢᠨ ᠲᠠᠰᠤᠷᠠᠯᠲᠠ ᠦᠭᠡᠢ ᠰᠠᠶᠢᠵᠢᠷᠠᠪᠠ᠃ ᠵᠠᠬᠢᠳᠠᠯ ᠰᠤᠷᠪᠤᠯᠵᠢᠯᠠᠯ ᠢ ᠣᠷᠣᠯᠠᠨ | ᠭᠦᠢᠴᠡᠳᠬᠡᠬᠦ ᠳᠦᠷᠢᠮ ᠢ ᠦᠷᠭᠦᠯᠵᠢᠯᠡᠨ ᠠᠬᠢᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠳᠥᠭᠦᠮ ᠦᠵᠡᠭᠦᠯᠬᠦ ᠤᠲᠠᠰᠤ ᠶᠢᠨ ︽ᠭᠤᠷᠪᠠᠨ ᠨᠣᠷᠮ᠎ᠠ︾ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ︽ᠬᠤᠶᠠᠷ ᠢ ᠰᠢᠯᠳᠡᠭᠵᠢᠬᠦᠯᠬᠦ︾ ᠲᠤᠰᠬᠠᠢ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ | 1554 ᠤᠴᠢᠷ ᠶᠠᠪᠤᠳᠠᠯ ᠢ ᠰᠢᠯᠢᠳᠡᠭᠵᠢᠭᠦᠯᠪᠡ᠃ ᠪᠦᠬᠦ ᠠᠶᠢᠮᠠᠭ ᠲᠤ ᠤᠷᠢᠳᠠᠪᠠᠷ ︽ᠵᠠᠰᠠᠭ ᠤᠨ ᠶᠠᠪᠤᠳᠠᠯ ᠤᠨ | ᠡᠭᠦᠯᠡᠨ ᠰᠢᠭᠤᠳ ᠨᠡᠪᠲᠡᠷᠡᠭᠦᠯᠭᠡ︾᠂ ︽ᠵᠠᠰᠠᠭ ᠤᠨ ᠣᠷᠳᠣᠨ ᠤ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢ | ᠥᠷᠨᠢᠭᠦᠯᠵᠦ᠂ ︽ᠪᠠᠲᠤᠴᠠᠭᠠᠨ ᠤ ᠶᠠᠪᠤᠳᠠᠯ ᠤᠨ ᠬᠠᠪᠰᠤᠷᠤᠨ ᠭᠦᠢᠴᠡᠳᠬᠡᠬᠦ︾ ᠨᠡᠷᠡᠲᠦ ᠲᠡᠮᠳᠡᠭᠲᠦ ᠶᠢ ᠪᠣᠢ | ᠪᠣᠯᠭᠠᠪᠠ᠃ ᠬᠤᠤᠯᠢᠩᠭᠤᠤᠯ ᠬᠤᠲᠠ᠂ ᠹᠥᠸᠧ ᠱᠠᠨ ᠬᠤᠲᠠ ᠶᠢᠨ ᠴᠠᠨ ᠴᠧᠩ ᠲᠣᠭᠤᠷᠢᠭ ᠲᠠᠢ ᠪᠦᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠬᠢᠪᠡ᠃ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ | ᠲᠦᠭᠰᠢᠭᠦᠷᠢ ᠶᠢ ᠬᠦᠴᠦᠯᠡᠨ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ 1 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠶᠢ ᠵᠢᠯ ᠤᠨ | ᠡᠬᠢᠨ ᠤ ᠬᠢ ᠠᠴᠠ 1.5 ᠵᠠᠭᠤᠨ ᠤ ᠴᠡᠭ ᠪᠠᠭᠤᠷᠠᠭᠤᠯᠪᠠ᠃ ᠡᠯ᠎ᠡ ᠲᠥᠷᠥᠯ ᠤᠨ ᠲᠣᠭᠤᠷᠢᠨ ᠪᠠᠶᠢᠴᠠᠭᠠᠬᠤ᠂ | ᠴᠠᠭᠳᠠᠨ ᠪᠠᠶᠢᠴᠠᠭᠠᠬᠤ᠂ ᠬᠢᠨᠠᠨ ᠪᠣᠳᠣᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠤᠯᠤᠰ ᠤᠨ ᠳᠡᠰ ᠤᠨ ᠢᠷᠠᠭᠤ ᠠᠯᠳᠠᠷ ᠢ 26 ᠬᠦᠷᠳᠡᠵᠤ᠂ | ᠥᠪᠡᠷᠲᠡᠭᠡᠨ ᠵᠠᠰᠠᠬᠤ ᠣᠷᠣᠨ ᠤ ᠳᠡᠰ ᠤᠨ 47 ᠢᠷᠠᠭᠤ ᠠᠯᠳᠠᠷ ᠢ ᠬᠦᠷᠲᠡᠪᠡ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ᠂ ᠬᠤᠶᠠᠷ ᠢ ᠬᠦᠷᠢᠶᠡᠯᠡᠬᠦ ᠪᠠ ᠠᠰᠠᠷᠠᠨ ᠬᠠᠷᠠᠭᠠᠯᠵᠠᠬᠤ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠯ | ᠤᠨᠲᠠᠷᠠᠭᠠᠬᠤ ᠵᠡᠷᠭᠡ ᠠᠵᠢᠯ ᠳᠠᠬᠢᠨ ᠰᠢᠨ᠎ᠡ ᠳᠡᠭᠲᠡᠷ ᠲᠤ ᠭᠠᠷᠴᠤ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠨᠠᠰᠤᠲᠠᠶᠢᠴᠤᠳ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ᠂ ᠨᠢᠭᠦᠯᠡᠰᠦᠩᠭᠦᠢ ᠶᠢᠨ ᠦᠢᠯᠡᠰ ᠵᠡᠷᠭᠡ | ᠠᠵᠢᠯ ᠰᠢᠨ᠎ᠡ ᠠᠬᠢᠴᠠ ᠲᠠᠢ ᠪᠣᠯᠪᠠ᠃ | ᠲᠥᠯᠥᠭᠡᠯᠡᠭᠴᠢᠳ ᠡ᠂ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠪᠡᠯ᠂ ᠠᠮᠵᠢᠯᠲᠠ ᠪᠦᠲᠦᠮᠵᠢ ᠬᠢᠯᠪᠠᠷ ᠪᠤᠰᠤ | ᠶᠤᠮ︕ ᠡᠨᠡ ᠪᠣᠯ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠪᠦᠲᠦᠮᠵᠢᠲᠡᠢ ᠬᠢᠨᠠᠯᠲᠠ᠂ ᠬᠦᠴᠦᠲᠡᠢ ᠳᠡᠮᠵᠢᠯᠭᠡ ᠶᠢᠨ ᠦᠷ᠎ᠡ ᠳ᠋ᠦᠩ᠂ ᠪᠠᠰᠠ ᠴᠤ ᠲᠥᠪ ᠤᠨ ᠤᠬᠠᠭᠤᠯᠬᠤ | ᠬᠡᠯᠲᠡᠰ ᠤᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠠᠪᠰᠤᠷᠤᠨ | ᠲᠡᠳᠬᠦᠬᠦ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠨᠢᠭᠡᠴᠡ ᠶᠢᠨ ᠬᠠᠪᠰᠤᠷᠤᠨ ᠲᠡᠳᠬᠦᠭᠰᠡᠨ ᠤ | ᠦᠷ᠎ᠡ ᠳ᠋ᠦᠩ᠂ ᠨᠡᠩ ᠴᠤ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠪᠠ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢ | ᠬᠠᠯᠠᠮᠵᠢᠯᠠᠨ ᠳᠡᠮᠵᠢᠵᠦ ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠲᠤ ᠴᠢᠩ ᠰᠡᠳᠬᠢᠯ ᠤᠨ ᠲᠠᠯᠠᠷᠬᠠᠯ ᠢᠶᠠᠨ | ᠢᠯᠡᠳᠬᠡᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠪᠠᠰᠠ ᠴᠥᠭᠡᠨ ᠪᠤᠰᠤ ᠬᠦᠴᠢᠷᠳᠡᠯ ᠪᠠ ᠬᠦᠷᠦᠯᠴᠡᠬᠦ ᠦᠭᠡᠢ ᠲᠠᠯ᠎ᠠ ᠲᠤᠯᠭᠠᠷᠠᠵᠤ᠂ ᠤᠯᠠᠮᠵᠢᠯᠠᠯᠲᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠳᠤ ᠪᠠᠰᠠ ᠬᠤᠷᠳᠤᠴᠠ ᠪᠠᠨ ᠳᠡᠭᠡᠭᠰᠢᠯᠡᠭᠦᠯᠦᠨ ᠬᠦᠴᠦ ᠨᠡᠮᠡᠬᠦ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ | ᠵᠠᠮ ᠢ ᠤᠯᠠᠮ ᠨᠢᠭᠡ ᠠᠯᠬᠤᠮ ᠥᠷᠭᠡᠳᠬᠡᠬᠦ ᠴᠢᠬᠤᠯᠠᠲᠠᠢ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠪᠠ᠃ | ᠡᠭᠦᠨ ᠳᠤ ᠪᠢᠳᠡ ᠯᠠᠪᠲᠠᠢ ᠬᠤᠪᠢ ᠳᠠᠬᠢᠨ ᠴᠢᠷᠮᠠᠶᠢᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠰᠢᠢᠳᠪᠦᠷᠢᠯᠡᠨ᠎ᠡ᠃ | |