ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠢᠵᠦ᠂ ︽ᠭᠤᠷᠪᠠ ᠶᠢ ᠲᠣᠭᠲᠠᠪᠤᠷᠢᠵᠢᠭᠤᠯᠵᠤ | ᠲᠠᠪᠤ ᠶᠢ ᠠᠬᠢᠭᠤᠯᠬᠤ︾ ᠠᠵᠢᠯ ᠤᠨ ᠰᠡᠳᠬᠢᠮᠵᠢ ᠶᠢ ᠰᠠᠶᠢᠲᠤᠷ ᠨᠠᠶᠢᠳᠠᠪᠤᠷᠢᠵᠢᠭᠤᠯᠵᠤ᠂ ᠵᠢᠷᠭᠤᠭᠠᠨ ᠵᠦᠢᠯ ᠤᠨ | ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ︽ᠠᠮᠢ ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ | ᠬᠥᠭᠵᠢᠭᠦᠯᠵᠦ᠂ ᠵᠢᠭᠤᠯᠴᠢᠯᠠᠯ ᠢ ᠠᠬᠢᠭᠤᠯᠬᠤ︾ ᠬᠥᠭᠵᠢᠯᠲᠡ ᠶᠢᠨ ᠱᠠᠭᠠᠷᠳᠠᠯᠭ᠎ᠠ ᠶᠢ ᠰᠠᠶᠢᠲᠤᠷ ᠠᠬᠢᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% | ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5% ᠣᠷᠴᠢᠮ ᠨᠡᠮᠡᠭᠳᠡᠭᠦᠯᠦᠨ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠪᠦᠷᠢ | 6% ᠪᠠ 9% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠢ ᠲᠤᠭ᠎ᠠ ᠶᠢ 4% ᠣᠷᠴᠢᠮ ᠨᠡᠮᠡᠭᠳᠡᠭᠦᠯᠦᠨ᠎ᠡ᠃ | ᠭᠤᠤᠯᠳᠠᠭᠤ 8 ᠲᠠᠯ᠎ᠠ ᠪᠠᠷ 24 ᠵᠦᠢᠯ ᠤᠨ ᠠᠵᠢᠯ ᠢ ᠰᠠᠶᠢᠲᠤᠷ ᠬᠢᠨ᠎ᠡ᠃ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠬᠤ ᠭᠤᠣᠯ ᠰᠢᠵᠢᠮ ᠢ ᠲᠤᠤᠱᠯᠠᠭᠤᠯᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠪᠦᠲᠦᠭᠡᠨ ᠪᠠᠶᠢᠭᠤᠯᠤᠨ᠎ᠠ | 1. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ | ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠲᠥᠯᠥᠪᠯᠡᠭᠡ ᠶᠢ ᠬᠡᠷᠡᠭᠵᠢᠭᠦᠯᠵᠦ᠂ ︽ᠬᠤᠪᠢᠰᠬᠠᠯᠲᠦ ᠬᠢᠩᠭᠠᠨ︾᠂ ︽ᠪᠤᠬᠢᠷᠳᠤᠯ ᠦᠬᠡᠢ ᠬᠢᠩᠭᠠᠨ︾ ᠢ | ᠨᠢᠭᠡ ᠴᠣᠭᠴᠠᠵᠢᠭᠤᠯᠤᠭᠰᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠢ ᠪᠠᠶᠢᠭᠤᠯᠤᠨ᠎ᠠ᠃ | 2. ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠶᠢᠨ ᠠᠭᠤᠰᠤᠯᠴᠠᠯ ᠢ ᠠᠬᠢᠭᠤᠯᠤᠨ᠎ᠠ᠃ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠷᠢᠯᠴᠠᠨ ᠠᠭᠤᠰᠤᠯᠴᠠᠬᠤ ︽ᠭᠤᠷᠪᠠᠨ ᠵᠦᠢᠯ ᠤᠨ ᠲᠥᠯᠥᠪᠯᠡᠭᠡ︾ ᠶᠢ ᠬᠡᠷᠡᠭᠵᠢᠭᠦᠯᠵᠦ᠂ ︽ᠠᠨᠠᠷ ᠤᠨ | ᠦᠷ᠎ᠡ ᠮᠡᠲᠦ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠡᠷᠭᠡ ᠰᠢᠷᠢᠰ ᠭᠤᠣᠯ ᠰᠡᠳᠦᠪᠲᠦ | ᠠᠵᠢᠯᠯᠠᠭ᠎ᠠ ᠶᠢ ᠥᠷᠨᠢᠭᠦᠯᠵᠦ᠂ ᠬᠤᠪᠢᠰᠬᠠᠯ ᠤᠨ ᠬᠥᠮᠦᠵᠢᠯ ᠤᠨ ︽ᠠᠷᠪᠠᠨ ᠨᠢᠭᠡ︾ ᠶᠢᠨ ᠰᠢᠷᠢᠰ ᠠᠵᠢᠯᠯᠠᠭ᠎ᠠ ᠶᠢ | ᠦᠷᠨᠢᠬᠦᠯᠦᠨ᠎ᠡ᠃ | 3. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠤᠯᠭᠠᠬᠤ ︽ᠨᠠᠢᠮᠠ | ᠳᠤ ᠣᠷᠣᠭᠤᠯᠬᠤ︾ ᠠᠵᠢᠯᠯᠠᠭ᠎ᠠ ᠪᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ︽ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠴᠢᠷᠮᠠᠶᠢᠨ | ᠡᠬᠦᠳᠦᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠠᠳᠬᠤᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ | 4᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠎ᠡ᠃ ︽ᠲᠠᠪᠤᠨ ᠶᠡᠭᠡ ᠡᠭᠦᠷᠭᠡ︾ ᠪᠠ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ︽ᠰᠠᠨᠠᠯ︾ ᠤᠨ | ᠠᠰᠢᠭᠲᠠᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 103 ᠲᠥᠷᠥᠯ ᠵᠦᠢᠯ ᠢ ᠬᠡᠷᠡᠭᠵᠢᠭᠦᠯᠵᠦ᠂ | ᠶᠡᠷᠦᠩᠬᠡᠢ ᠪᠡᠯᠡ ᠣᠷᠣᠭᠤᠯᠤᠯᠲᠠ ᠨᠢ 400 ᠳ᠋ᠦᠩᠰᠢᠭᠤᠷ ᠲᠥᠭᠦᠷᠢᠭ ᠢ ᠳᠠᠪᠠᠵᠤ᠂ ᠵᠢᠯ ᠳᠤ 100 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠳᠡᠭᠡᠳᠦ ᠱᠠᠲᠤᠨ ᠠᠴᠠ ᠳᠡᠮᠡᠴᠡᠨ ᠤᠯᠬᠤ | ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠰᠢᠨᠡᠴᠢᠯᠡᠯᠲᠡ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠴᠢᠳᠠᠪᠤᠷᠢ ᠶᠢᠨ | ᠪᠠᠶᠢᠭᠤᠯᠤᠯᠲᠠ ᠪᠠ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ ᠲᠣᠭᠲᠠᠭᠠᠵᠤ᠂ ᠪᠦᠬᠦ ᠵᠢᠯ ᠳᠤ | ᠳᠡᠭᠡᠳᠦ ᠱᠠᠲᠤᠨ ᠠᠴᠠ 40 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠣᠯᠬᠤ ᠪᠠᠷ ᠴᠢᠷᠮᠠᠶᠢᠨ᠎ᠠ᠃ | 5᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ︽ᠳᠥᠷᠪᠡᠨ ᠤᠯᠠᠷᠢᠯ ᠤᠨ ᠠᠵᠢᠯᠯᠠᠭ᠎ᠠ︾ ᠶᠢ ᠥᠷᠨᠢᠭᠦᠯᠵᠦ᠂ ᠡᠮᠦᠨᠡᠬᠢ | ᠬᠤᠭᠤᠴᠠᠭᠠᠨ ᠤ ᠭᠠᠷᠳᠠᠮ ᠭᠦᠢᠴᠡᠳᠬᠡᠬᠦ ᠶᠢ ᠲᠦᠷᠭᠡᠳᠬᠡᠨ᠂ ᠬᠠᠤᠯᠢ ᠪᠤᠰᠤ ᠪᠠᠷ ᠪᠠᠷᠢᠯᠭ᠎ᠠ ᠪᠠᠷᠢᠬᠤ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠶᠡᠷᠦᠩᠬᠡᠢ ᠪᠡᠯᠡ ᠣᠷᠣᠭᠤᠯᠤᠯᠲᠠ ᠨᠢ 290 ᠳ᠋ᠦᠩᠰᠢᠭᠤᠷ | ᠲᠥᠭᠦᠷᠢᠭ ᠤᠨ 31 ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ | ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠦᠬᠦ ᠵᠢᠯ ᠳᠤ 60 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ | ᠬᠦᠷᠦᠭᠦᠯᠬᠦ ᠶᠢ ᠦᠨᠡᠨᠬᠦ ᠪᠠᠲᠤᠯᠠᠨ᠎ᠠ᠃ ︽ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ︾ ᠤ ᠲᠣᠭᠤᠷᠢᠨ ᠳᠤ᠂ ᠮᠢᠩᠭᠠᠨ ᠲᠦᠮᠡᠨ ᠺᠢᠯᠣᠸᠠᠲ ᠤᠨ ᠳᠡᠰ ᠤᠨ ᠴᠡᠪᠡᠷ ᠡᠨᠧᠷᠭᠢ ᠶᠢᠨ | ᠰᠠᠭᠤᠷᠢᠨ ᠢ ᠪᠠᠶᠢᠭᠤᠯᠵᠤ᠂ ᠨᠡᠭᠡᠭᠡᠨ ᠬᠥᠭᠵᠢᠭᠦᠯᠬᠦ᠂ ᠦᠢᠯᠡᠳᠬᠦ᠂ ᠴᠠᠬᠢᠯᠭᠠᠨ ᠲᠣᠣᠷ᠂ ᠪᠠᠭᠲᠠᠭᠠᠨ ᠰᠢᠩᠭᠡᠭᠡᠬᠦ ᠶᠢ | ᠨᠢᠭᠡ ᠴᠣᠭᠴᠠᠵᠢᠭᠤᠯᠤᠨ ᠠᠬᠢᠭᠤᠯᠤᠨ᠎ᠠ᠃ ᠰᠢᠨ᠎ᠡ ᠡᠨᠧᠷᠭᠢ ᠶᠢᠨ ᠲᠥᠷᠥᠯ ᠵᠦᠢᠯ ᠢ 4 ᠬᠡᠷᠡᠭᠵᠢᠭᠦᠯᠵᠦ᠂ ᠶᠡᠷᠦᠩᠬᠡᠢ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 228 ᠲᠦᠮᠡᠨ ᠺᠢᠯᠣᠸᠠᠲ ᠪᠣᠯᠵᠣ᠂ ᠡᠨᠧᠷᠭᠢ ᠬᠠᠳᠠᠭᠠᠯᠠᠬᠤ ᠲᠤᠰᠠᠭᠠᠷ | ᠴᠠᠬᠢᠯᠭᠠᠨ ᠥᠷᠲᠡᠭᠡ ᠶᠢ ᠪᠠᠶᠢᠭᠤᠯᠵᠤ᠂ ᠯᠢᠦᠢ ᠳ᠋ᠦ᠋ — ᠫᠢᠩ ᠴᠤᠸᠠᠨ ᠬᠦᠷᠬᠦ ᠭᠠᠳᠠᠭᠰᠢ ᠬᠦᠷᠭᠡᠬᠦ ᠨᠡᠪᠲᠡᠷᠡᠯ | ᠱᠤᠭᠤᠮ 2 ᠵᠤᠷᠪᠤᠰ᠂ ᠬᠦᠷᠭᠡᠵᠦ ᠭᠠᠷᠭᠠᠬᠤ ᠵᠠᠮ ᠱᠤᠭᠤᠮ ᠤᠨ ᠢᠨᠵᠧᠨᠧᠷᠢᠩ ᠢ 4 ᠵᠤᠷᠪᠤᠰ ᠬᠡᠷᠡᠭᠵᠢᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠠᠳᠬᠤᠵᠤ᠂ | ᠵᠢᠯ ᠳᠤ 30 ᠲᠦᠮᠡᠨ ᠲᠣᠨ ᠴᠠᠷᠰᠦ ᠶᠢᠨ ᠲᠦᠭᠦᠬᠡᠢ ᠮᠠᠲ᠋ᠧᠷᠢᠶᠠᠯ ᠢ ᠠᠭᠰᠢᠷᠠᠭᠤᠯᠬᠤ ᠰᠢᠩᠭᠡᠨ ᠦᠢᠯᠡᠳᠪᠦᠷᠢᠯᠡᠬᠦ | ᠵᠢᠴᠢ ᠢᠵᠢ ᠪᠦᠷᠢᠳᠦᠭᠦᠯᠬᠦ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | 6᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠨ᠎ᠠ᠃ ︽ᠲᠥᠷᠥᠯ | ᠵᠦᠢᠯ ᠢᠶᠠᠷ ᠭᠤᠣᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠴᠢᠬᠤᠯᠠ ᠪᠣᠯᠭᠠᠬᠤ︾ ᠶᠢ ᠪᠠᠷᠢᠮᠲᠠᠯᠠᠵᠤ᠂ ︽ᠪᠦᠬᠦ | ᠠᠷᠠᠳ ᠪᠦᠬᠦ ᠣᠷᠣᠨ ᠪᠦᠰᠡ ᠪᠦᠬᠦ ᠬᠦᠴᠦᠨ︾ ᠢᠶᠠᠷ ᠶᠡᠭᠡ ᠬᠤᠳᠠᠯᠳᠤᠭᠠᠴᠢᠨ ᠤᠷᠢᠬᠤ ᠪᠠᠶᠢᠷᠢᠰᠢᠯ ᠢ ᠪᠣᠢ | ᠪᠣᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠨᠢᠭᠡ ᠪᠦᠯᠦᠭ ᠲᠣᠮᠣ | ᠲᠥᠷᠥᠯ ᠵᠦᠢᠯ ᠰᠠᠶᠢᠨ ᠲᠥᠷᠥᠯ ᠵᠦᠢᠯ ᠢ ᠰᠦᠪᠡᠭᠴᠢᠯᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠶᠢ | ᠪᠡᠶᠡᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ ᠳᠤ ᠢᠳᠡᠪᠬᠢᠲᠡᠢ ᠪᠠᠷ | ᠠᠭᠤᠰᠤᠯᠴᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ | ᠪᠤᠯᠤᠩ ᠤᠨ ᠣᠷᠣᠨ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠣᠷᠣᠨ ᠪᠦᠰᠡ ᠶᠢᠨ ᠬᠠᠷᠢᠯᠴᠠᠨ | ᠬᠠᠷᠠᠭᠠᠯᠵᠠᠬᠤ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠤᠯᠢᠩᠭᠤᠤᠯ ᠬᠤᠳᠠ᠂ ᠹᠦᠸᠧ ᠱᠠᠨ ᠬᠤᠲᠠ ᠶᠢᠨ ᠴᠠᠨ | ᠴᠧᠩ ᠲᠣᠭᠤᠷᠢᠭ ᠤᠨ ᠨᠥᠬᠦᠷᠰᠡᠭ ᠬᠤᠲᠠ ᠶᠢᠨ ᠬᠤᠭᠤᠷᠣᠨᠳᠣᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ | 2 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠬᠦᠯᠦᠨ᠎ᠡ᠃ ᠰᠢᠩ ᠲᠦᠩ ᠨᠡᠭᠦᠷᠡᠰᠦᠨ ᠤ | ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠦᠷᠭᠡᠳᠭᠡᠵᠤ᠂ ᠲᠠᠢ ᠮᠧᠩ ᠠᠭᠤᠷᠬᠠᠢ ᠶᠢᠨ ᠦᠢᠯᠡᠰ ᠤᠨ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠨ᠎ᠠ᠃ ᠵᠠᠮᠴᠢᠨ ᠲᠤᠭᠤᠯᠭ᠎ᠠ ᠴᠠᠶᠢᠷ ᠤᠨ | ᠠᠭᠤᠷᠬᠠᠢ᠂ ᠲᠦᠰᠢᠶᠡᠲᠦ ᠮᠣᠷᠢᠨ ᠤᠷᠤᠯᠳᠤᠭᠠᠨ ᠤ ᠲᠠᠯᠠᠪᠠᠢ ᠵᠡᠷᠭᠡ ᠰᠤᠯᠠ ᠡᠬᠢ ᠪᠠᠶᠠᠯᠢᠭ ᠢ ᠠᠮᠢᠯᠠᠭᠤᠯᠤᠨ᠎ᠠ᠃ | 7᠂ ᠪᠡᠯᠡ ᠣᠷᠣᠭᠤᠯᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ︽ᠬᠥᠮᠦᠨ ᠪᠦᠬᠦᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ᠂ ᠶᠠᠪᠤᠳᠠᠯ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ | ᠬᠤᠯᠪᠤᠭᠳᠠᠬᠤ︾ ᠣᠶᠢᠯᠠᠭᠠᠭᠳᠠᠬᠤᠨ ᠢ ᠪᠣᠢ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠠᠶᠢᠵᠢᠷᠠᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠳᠣᠲᠣᠨᠣ ᠴᠢᠬᠡᠴᠢ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠤᠢ ᠪᠣᠯᠭᠠᠨ᠎ᠠ᠃ ︽ᠥᠨᠳᠥᠷ ᠪᠦᠲᠦᠮᠵᠢᠲᠡᠢ ᠪᠠᠷ ᠨᠢᠭᠡ | ᠶᠠᠪᠤᠳᠠᠯ ᠪᠦᠲᠦᠭᠡᠵᠦ ᠳᠠᠭᠤᠰᠬᠠᠬᠤ︾ ᠲᠣᠭᠤᠷᠢᠨ ᠳᠤ᠂ ︽ᠬᠤᠯᠪᠣᠭᠳᠠᠬᠤ ᠵᠦᠢᠯᠡᠰ ᠢ ᠲᠥᠪᠯᠡᠷᠡᠭᠦᠯᠦᠨ | ᠭᠦᠢᠴᠡᠳᠬᠡᠬᠦ᠂ ᠳᠤᠲᠠᠭᠳᠠᠬᠤ ᠵᠦᠢᠯᠡᠰ ᠢ ᠠᠮᠠᠯᠠᠬᠤ᠂ ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ | ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠨ ᠭᠦᠢᠴᠡᠳᠬᠡᠬᠦ ᠠᠴᠠ ᠬᠡᠯᠲᠦᠷᠢᠭᠦᠯᠬᠦ︾ | ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠠᠵᠤ ᠠᠬᠤᠶᠢᠯᠠᠯ ᠳᠤ ᠨᠡᠩ ᠶᠡᠭᠡ ᠬᠡᠮᠵᠢᠶ᠎ᠡ ᠪᠠᠷ ᠠᠰᠢᠭᠲᠠᠢ ᠠᠷᠠᠳ ᠲᠤ | ᠳᠥᠭᠦᠮ ᠦᠵᠡᠭᠦᠯᠦᠨ᠎ᠡ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠨ | ᠵᠥᠪᠳᠡᠯᠴᠡᠵᠦ ᠬᠠᠮᠲᠤᠷᠠᠨ ᠬᠢᠨᠠᠬᠤ ᠶᠢ ᠴᠢᠩᠭᠠᠳᠬᠠᠵᠤ᠂ ︽ᠨᠢᠭᠤᠷᠳᠠᠬᠤ︾ ︽ᠳᠤᠰᠬᠠᠶᠢᠵᠢᠬᠤ︾ ︽ᠴᠢᠭᠳᠡᠬᠦᠯᠬᠦ︾ | ᠪᠥᠬᠦ ᠦᠶᠡᠯᠡᠯ ᠤᠨ ᠬᠤᠭᠤᠴᠠᠭᠠᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ | ᠬᠠᠩᠭᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠲᠣᠣᠷ ᠤᠨ | ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠵᠠᠰᠠᠭ ᠤᠨ | ᠣᠷᠳᠣᠨ ᠢ ᠦᠨᠡᠯᠡᠬᠦ᠂ ᠨᠡᠶᠢᠭᠡᠮ ᠤᠨ ᠦᠨᠡᠨᠴᠢ ᠢᠲᠡᠭᠡᠮᠵᠢ ᠶᠢ ᠦᠨᠡᠯᠡᠬᠦ᠂ ᠢᠲᠡᠭᠡᠯ ᠠᠯᠳᠠᠭᠰᠠᠳ ᠢ ᠢᠯᠡᠴᠢᠯᠡᠬᠦ ᠪᠠ | ᠵᠠᠯᠬᠠᠭᠠᠨ ᠴᠡᠭᠡᠷᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ | ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠢᠲᠡᠭᠡᠮᠵᠢᠲᠦ ᠬᠤᠰᠢᠭᠤ ᠶᠢ ᠡᠭᠦᠳᠦᠨ ᠪᠠᠶᠢᠭᠤᠯᠤᠨ᠎ᠠ᠃ | ︵ᠭᠤᠷᠪᠠ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ | ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ | 8᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠢ ᠰᠠᠶᠢᠲᠤᠷ ᠬᠢᠨ᠎ᠡ᠃ ᠠᠭᠤᠯᠠ ᠤᠰᠤ ᠣᠢ | ᠮᠣᠳᠣ ᠭᠠᠵᠠᠷ ᠳᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠠᠮᠢ ᠠᠬᠤᠢ ᠶᠢ ᠴᠢᠬᠤᠯᠠᠴᠢᠯᠠᠬᠤ︾ ᠳᠤ | ᠰᠠᠭᠤᠷᠢᠯᠠᠵᠤ᠂ ︽123457︾ ᠵᠠᠰᠠᠯᠳᠠ ᠶᠢᠨ ᠲᠥᠰᠦᠯ ᠢ ᠨᠠᠶᠢᠳᠠᠪᠤᠷᠢᠵᠢᠭᠤᠯᠵᠤ᠂ ︽ᠭᠤᠷᠪᠠᠨ ᠤᠮᠠᠷᠠᠲᠤ︾ | ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠨ᠎ᠠ᠃ ᠮᠠ ᠢ ᠣᠢ ᠰᠢᠭᠤᠢ᠂ ᠬᠥᠮᠦᠨ ᠤ ᠬᠦᠴᠦ ᠪᠠᠷ 7 ᠲᠦᠮᠡᠨ ᠮᠤ᠋ | ᠣᠶᠢᠵᠢᠭᠤᠯᠵᠤ᠂ ᠬᠥᠮᠦᠨ ᠤ ᠬᠦᠴᠦ ᠪᠠᠷ 7 ᠲᠦᠮᠡᠨ ᠮᠤ᠋ ᠡᠪᠡᠰᠦ ᠲᠠᠷᠢᠵᠤ᠂ 14 ᠲᠦᠮᠡᠨ ᠮᠤ᠋ ᠲᠠᠴᠢᠷᠳᠠᠭᠰᠠᠨ | ᠣᠢ ᠡᠪᠡᠰᠦ ᠶᠢ ᠰᠡᠷᠭᠦᠭᠡᠨ ᠵᠠᠰᠠᠵᠤ᠂ 22 ᠲᠦᠮᠡᠨ ᠮᠤ᠋ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠵᠦ᠂ | ᠶᠡᠷᠦᠩᠬᠡᠢ ᠵᠠᠰᠠᠭᠰᠠᠨ ᠲᠠᠯᠠᠪᠠᠢ ᠶᠢ 50 ᠲᠦᠮᠡᠨ ᠮᠤ᠋ ᠳᠤ ᠬᠦᠷᠭᠡᠨ᠎ᠡ᠃ ︽ᠪᠤᠲᠠᠯᠢᠭ ᠮᠣᠳᠣ+︾ ᠵᠠᠭᠪᠤᠷ ᠢ | ᠬᠡᠷᠡᠭᠯᠡᠨ᠂ 539 ᠬᠡᠰᠡᠭ 5.9 ᠲᠦᠮᠡᠨ ᠮᠦ ᠢᠯᠡ ᠡᠯᠡᠰᠦ ᠮᠠᠩᠬ᠎ᠠ ᠶᠢ ᠪᠦᠷᠢᠨ ᠤᠰᠠᠳᠬᠠᠬᠤ ᠶᠢ ᠦᠨᠡᠨᠬᠦ | ᠪᠠᠲᠤᠯᠠᠵᠤ᠂ ︽ᠡᠯᠡᠰᠦ ᠮᠠᠩᠬ᠎ᠠ ᠶᠢ ᠤᠰᠠᠳᠬᠠᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠶᠢ ᠪᠡᠶᠡᠯᠡᠭᠦᠯᠦᠨ᠎ᠡ᠃ | ᠡᠮᠦᠨ᠎ᠡ ᠭᠤᠷᠪᠠᠨ ᠰᠤᠮᠤ ᠶᠢᠨ ︽ᠦᠢᠯᠡᠳᠪᠦᠷᠢᠯᠡᠯ ᠠᠮᠢᠳᠤᠷᠠᠯ ᠠᠮᠢ ᠠᠬᠤᠢ︾ ᠶᠢ ᠠᠭᠤᠰᠤᠯᠴᠠᠭᠤᠯᠤᠨ ᠵᠠᠰᠠᠬᠤ | ᠢᠨᠵᠧᠨᠧᠷᠢᠩ ᠢ ᠬᠡᠷᠡᠭᠵᠢᠭᠦᠯᠵᠦ᠂ 6 ᠡᠯᠡᠰᠦ ᠶᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠪᠠ 2 | ᠬᠤᠵᠢᠷᠯᠢᠭ ᠢ ᠵᠠᠰᠠᠬᠤ ᠲᠤᠷᠰᠢᠯᠲᠠ ᠶᠢᠨ ᠰᠠᠭᠤᠷᠢᠨ ᠢ ᠪᠠᠶᠢᠭᠤᠯᠤᠨ᠎ᠠ᠃ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠢ | ᠬᠡᠷᠡᠭᠵᠢᠭᠦᠯᠵᠦ᠂ ᠵᠦᠩ ᠭᠤᠸᠠᠩ ᠾᠧ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠤ ᠰᠢᠨ᠎ᠡ | ᠡᠨᠧᠷᠭᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ︽ᠭᠡᠷᠡᠯ | ᠴᠡᠨᠡᠭ+︾ ᠢ ᠨᠢᠭᠡ ᠴᠣᠭᠴᠠᠵᠢᠭᠤᠯᠤᠭᠰᠠᠨ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ | ᠪᠠᠶᠢᠭᠤᠯᠤᠨ᠎ᠠ᠃ ᠠᠭᠤᠯᠠᠨ ᠦᠶᠡᠷ ᠤᠨ ᠭᠤᠤ ᠶᠢ ᠵᠠᠰᠠᠬᠤ᠂ ᠬᠥᠷᠥᠰᠥ ᠰᠢᠷᠣᠢ ᠶᠢ ᠬᠠᠮᠠᠭᠠᠯᠠᠬᠤ 5 ᠲᠥᠷᠥᠯ | ᠵᠦᠢᠯ ᠢ ᠬᠡᠷᠡᠭᠵᠢᠭᠦᠯᠵᠦ᠂ ᠢᠳᠡᠭᠳᠡᠮᠡᠯ ᠭᠤᠤ ᠶᠢ 295 ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ 41 | ᠡᠵᠡᠨ ᠦᠭᠡᠢ ᠠᠭᠤᠷᠬᠠᠢ ᠶᠢ ᠵᠠᠰᠠᠨ ᠰᠡᠷᠬᠦᠬᠡᠨ᠎ᠡ᠃ ᠬᠤᠤᠯᠢᠨ ᠭᠤᠤᠯ ᠤᠨ ᠶᠡᠷᠦᠩᠬᠡᠶᠢᠯᠡᠨ ᠵᠠᠰᠠᠬᠤ ᠲᠥᠷᠥᠯ | ᠵᠦᠢᠯ ᠢ ᠴᠢᠩᠭ᠎ᠠ ᠠᠩᠬᠠᠷᠴᠤ᠂ 2025 ᠣᠨ ᠤ ᠬᠡᠷᠡᠭᠵᠢᠭᠦᠯᠬᠦ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠨ᠎ᠠ᠃ | ︽ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ ᠨᠠᠶᠢᠳᠠᠪᠤᠷᠢᠵᠢᠭᠤᠯᠵᠤ᠂ ᠬᠤᠯᠠᠭᠠᠶᠢᠯᠠᠨ | ᠮᠠᠯᠵᠢᠬᠤ᠂ ᠳᠤᠷ᠎ᠠ ᠪᠠᠷ ᠢᠶᠠᠨ ᠬᠠᠭᠠᠯᠪᠤᠷᠢᠯᠠᠵᠤ ᠳᠤᠷ᠎ᠠ ᠪᠠᠷ ᠢᠶᠠᠨ ᠣᠭᠲᠣᠯᠬᠤ᠂ ᠳᠤᠷ᠎ᠠ ᠪᠠᠷ ᠢᠶᠠᠨ ᠬᠦᠷᠢᠶᠡᠯᠡᠨ | ᠡᠵᠡᠯᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠳᠥᠷᠪᠡ ᠶᠢ ᠴᠠᠭᠠᠵᠠᠯᠠᠬᠤ︾ ᠠᠵᠢᠯ ᠢ | ᠪᠦᠬᠦ ᠲᠠᠯ᠎ᠠ ᠪᠠᠷ ᠠᠬᠢᠭᠤᠯᠤᠨ᠎ᠠ᠃ | 9᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ | ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠶᠢ ᠴᠢᠩᠭᠠᠳᠬᠠᠨ᠂ ︽ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ︾ ᠶᠢ ᠰᠠᠨᠠᠭᠠᠴᠢᠯᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠳᠠ᠂ | ᠪᠣᠬᠢᠷᠲᠤᠯ ᠦᠭᠡᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠡᠯ᠎ᠡ ᠱᠠᠲᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠣᠨ ᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠳᠤᠯᠠᠨ᠎ᠠ᠃ ︽ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠨᠠᠶᠢᠳᠠᠪᠤᠷᠢᠵᠢᠭᠤᠯᠵᠤ᠂ ᠬᠤᠷᠴᠢᠨ ᠤ ᠤᠯᠤᠰ ᠤᠨ ᠳᠡᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠤᠯᠤᠰ ᠤᠨ ᠴᠢᠬᠤᠯᠠ ᠨᠤᠭᠤ ᠭᠠᠵᠠᠷ ᠪᠣᠯᠭᠠᠨ ᠮᠡᠳᠡᠭᠦᠯᠬᠦ ᠶᠢ | ᠠᠬᠢᠭᠤᠯᠤᠨ᠎ᠠ᠃ ᠪᠠᠶᠠᠨᠬᠤᠰᠢᠭᠤ ᠪᠠᠯᠭᠠᠰᠤᠨ ᠤ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ | ᠰᠤᠷᠪᠤᠯᠵᠢ ᠶᠢ ᠬᠤᠪᠢᠶᠠᠷᠢᠯᠠᠨ ᠲᠣᠬᠢᠷᠠᠭᠤᠯᠬᠤ ᠶᠢ ᠪᠡᠶᠡᠯᠡᠭᠦᠯᠦᠨ᠎ᠡ᠃ ᠨᠠᠨᠳᠢᠨ ᠤᠰᠤ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠴᠡᠪᠡᠷᠰᠢᠬᠦᠯᠦᠭᠰᠡᠨ ᠤᠰᠤ ᠶᠢ ᠡᠭᠡᠭᠦᠯᠦᠨ ᠬᠡᠷᠡᠭᠯᠡᠬᠦ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ | ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ | ᠴᠢᠷᠮᠠᠶᠢᠨ ᠪᠠᠶᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠰᠠᠶᠢᠲᠤᠷ ᠠᠳᠬᠤᠵᠤ᠂ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠣᠬᠢᠷᠲᠤᠯ ᠳᠤ ᠤᠴᠠᠷᠠᠭᠰᠠᠨ ᠨᠠᠷᠢᠨ ᠪᠠᠶᠢᠴᠠᠭᠠᠯᠲᠠ ᠶᠢᠨ ᠲᠥᠷᠥᠯ ᠵᠦᠢᠯ ᠢ | ᠶᠠᠪᠤᠭᠳᠠᠭᠤᠯᠤᠨ᠎ᠠ᠃ | 10᠂ ᠠᠷᠪᠢᠴᠢ ᠡᠷᠴᠢᠮᠯᠢᠭ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ︽ | ᠲᠠᠪᠤ ᠶᠢ ᠲᠦᠢᠯᠪᠤᠷᠢᠲᠠᠢ ᠪᠠᠶᠢᠴᠠᠭᠠᠬᠤ︾ ᠦᠷ᠎ᠡ ᠪᠦᠲᠦᠭᠡᠯ ᠢ ᠪᠠᠬᠢᠵᠢᠭᠦᠯᠦᠨ᠎ᠡ᠃ 2 ᠴᠠᠬᠢᠯᠭᠠᠨ ᠤ | ᠦᠢᠯᠡᠳᠪᠦᠷᠢ ᠶᠢᠨ ᠦᠯᠡᠳᠡᠪᠦᠷᠢ ᠡᠨᠧᠷᠭᠢ᠂ ᠦᠯᠡᠳᠡᠪᠦᠷᠢ ᠬᠡᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠨᠡᠭᠡᠭᠡᠨ | ᠠᠰᠢᠭᠯᠠᠬᠤ ᠲᠣᠭᠤᠷᠢᠨ ᠳᠤ᠂ ᠵᠢᠩ ᠺᠧ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠥᠷᠥᠯ | ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠳᠠᠯᠳᠤᠭᠠᠴᠢᠨ ᠤᠷᠢᠵᠤ 4000 ᠲᠦᠮᠡᠨ ᠲᠡᠭᠰᠢ | ᠳᠥᠷᠪᠡᠯᠵᠢᠨ ᠮᠧᠲᠷ ᠤᠨ ᠴᠠᠭᠠᠰᠤᠨ ᠵᠤᠭᠠᠩ ᠤᠨ ᠬᠠᠪᠲᠠᠰᠤ ᠶᠢᠨ ᠦᠢᠯᠡᠳᠪᠦᠷᠢᠯᠡᠯ ᠤᠨ ᠱᠤᠭᠤᠮ ᠢ | ᠨᠠᠶᠢᠳᠠᠪᠤᠷᠢᠵᠢᠭᠤᠯᠬᠤ᠂ ᠵᠢᠯ ᠳᠤ 100 ᠲᠦᠮᠡᠨ ᠲᠣᠨ ᠨᠢᠮᠪᠡᠭᠡ ᠶᠢᠨ ᠬᠦᠴᠢᠯ ᠤᠨ ᠡᠷᠳᠡᠨᠢ ᠰᠢᠰᠢ ᠡᠳ᠋ᠰᠢᠭᠦᠯᠬᠦ | ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠮᠧᠩ ᠨᠧᠩ ᠴᠠᠬᠢᠯᠭᠠᠨ ᠤ ᠦᠢᠯᠡᠳᠪᠦᠷᠢ ᠠᠴᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠬᠦ 15 ᠺᠢᠯᠣᠮᠧᠲᠷ ᠤᠨ ᠢᠯᠴᠢ ᠶᠢᠨ ᠡᠨᠧᠷᠭᠢ ᠶᠢᠨ ᠬᠤᠭᠤᠯᠠᠢ | ᠂ ᠲᠦᠴᠢᠦᠸᠠᠨ ᠪᠠᠯᠭᠠᠰᠤᠨ ᠳᠤ ᠬᠦᠷᠬᠦ 55 ᠺᠢᠯᠣᠮᠧᠲᠷ ᠤᠨ ᠢᠯᠴᠢ ᠬᠠᠩᠭᠠᠬᠤ ᠬᠤᠭᠤᠯᠠᠢ ᠶᠢᠨ ᠲᠥᠷᠥᠯ ᠵᠦᠢᠯ ᠢ | ᠰᠦᠪᠡᠭᠴᠢᠯᠡᠨ᠎ᠡ᠃ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠢ ᠠᠰᠢᠭᠯᠠᠨ᠂ 7000 ᠮᠦ ᠶᠢᠨ ᠲᠠᠷᠢᠶᠠᠨ | ᠭᠠᠵᠠᠷ ᠢᠶᠠᠷ ᠬᠦᠮᠦᠷᠭᠡ ᠨᠥᠬᠦᠪᠥᠷᠢᠯᠡᠬᠦ᠂ 3000 ᠮᠦ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ | ᠵᠦᠢᠯ ᠢ ᠲᠦᠯᠬᠢᠨ ᠠᠬᠢᠭᠤᠯᠤᠨ᠎ᠠ᠃ ᠣᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ | ᠨᠡᠭᠦᠷᠡᠰᠦᠲᠥ᠋ᠷᠥᠭᠴᠢ ᠶᠢᠨ ᠬᠥᠮᠥᠷᠭᠡ ᠶᠢᠨ ᠴᠢᠳᠠᠮᠵᠢ ᠶᠢ ᠪᠠᠳᠠᠷᠠᠭᠤᠯᠵᠤ᠂ ᠣᠢ ᠰᠢᠭᠤᠢ ᠶᠢᠨ | ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠠᠮᠤ | ᠪᠤᠳᠠᠭᠠᠨ ᠤ ᠬᠤᠷᠣᠭᠳᠠᠯ ᠢ ᠪᠠᠭᠠᠰᠬᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ | ᠠᠮᠤ ᠪᠤᠳᠠᠭ᠎ᠠ ᠨᠥᠭᠡᠴᠡᠯᠡᠬᠦ ᠶᠢ ᠶᠡᠬᠡᠪᠡᠷ ᠲᠦᠯᠬᠢᠨ ᠠᠬᠢᠭᠤᠯᠤᠨ᠎ᠠ᠃ | ︵ᠳᠦᠷᠪᠡ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠰᠠᠭᠤᠷᠢᠨ ᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ | 11᠂ ᠲᠠᠷᠢᠮᠠᠯ ᠤᠨ ᠦᠢᠯᠡᠰ ᠤᠨ ᠴᠢᠨᠠᠷ ᠰᠠᠶᠢᠲᠠᠢ ᠦᠷ᠎ᠡ ᠠᠰᠢᠭ ᠢ ᠪᠡᠶᠡᠯᠡᠭᠦᠯᠦᠨ᠎ᠡ᠃ ᠬᠡᠪᠴᠢᠶᠡᠵᠢᠭᠦᠯᠬᠦ᠂ | ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠬᠦ ᠳᠤ ᠰᠠᠭᠤᠷᠢᠯᠠᠨ᠂ ᠲᠠᠷᠢᠮᠠᠯ ᠤᠨ ᠪᠦᠲᠦᠴᠡ ᠪᠠ ᠣᠷᠣᠨ ᠪᠦᠰᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠨᠳᠥᠷ ᠦᠷ᠎ᠡ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ᠂ | ᠨᠠᠷᠢᠯᠢᠭ ᠳᠠᠷᠢᠵᠤ ᠨᠢᠮᠪᠠᠢ ᠠᠷᠠᠴᠢᠯᠠᠬᠤ᠂ ᠰᠢᠨᠵᠢᠯᠡᠬᠦ ᠤᠬᠠᠭᠠᠨᠴᠢ ᠪᠠᠷ ᠨᠢᠭᠲᠠ ᠲᠠᠷᠢᠬᠤ᠂ ᠪᠦᠰᠡᠯᠢᠭ ᠨᠡᠶᠢᠯᠡᠮᠡᠯ | ᠵᠡᠷᠭᠡ ᠲᠡᠷᠢᠭᠦᠨ ᠤ ᠮᠡᠷᠭᠡᠵᠢᠯ ᠢ ᠳᠡᠯᠭᠡᠷᠡᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ 25 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 140 ᠲᠦᠮᠡᠨ | ᠮᠦ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ᠂ 48 ᠲᠦᠮᠡᠨ ᠮᠦ ᠲᠠᠷᠢᠶᠠᠨ ᠭᠠᠵᠠᠷ ᠲᠤ ᠡᠭᠡᠯᠵᠢᠯᠡᠨ | ᠲᠠᠷᠢᠬᠤ᠂ 38 ᠲᠦᠮᠡᠨ ᠮᠦ ᠭᠠᠵᠠᠷ ᠢ ᠭᠦᠨ ᠰᠤᠯᠠᠷᠠᠭᠤᠯᠵᠤ ᠲᠡᠭᠰᠢᠯᠡᠬᠦ᠂ 20 ᠲᠦᠮᠡᠨ ᠮᠦ ᠡᠷᠳᠡᠨᠢ ᠰᠢᠰᠢ ᠶᠢᠨ | ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ᠃ 70 ᠲᠦᠮᠡᠨ | ᠮᠦ ᠡᠷᠳᠡᠨᠢ ᠰᠢᠰᠢ ᠶᠢ ᠨᠢᠭᠲᠠ ᠲᠠᠷᠢᠬᠤ᠂ ᠭᠦᠶᠦᠭᠡᠨ ᠪᠤᠯᠠᠵᠤ ᠲᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ 60 ᠲᠦᠮᠡᠨ ᠮᠦ ᠭᠠᠵᠠᠷ ᠰᠢᠷᠣᠢ ᠶᠢ ᠳᠡᠯᠭᠡᠷᠡᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ | ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ 2 ᠴᠤᠭᠴᠠᠯᠠᠵᠤ᠂ ︽ᠲᠣᠨ ᠠᠮᠤ ᠪᠤᠳᠠᠭᠠᠨ ᠤ | ᠲᠠᠷᠢᠶᠠᠨ ᠭᠠᠵᠠᠷ︾ ᠢ 15 ᠲᠦᠮᠡᠨ ᠮᠦ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 26 ᠳ᠋ᠦᠩᠰᠢᠭᠤᠷ | ᠵᠢᠩ ᠠᠴᠠ ᠳᠡᠭᠡᠭᠰᠢ ᠳᠤ ᠬᠦᠷᠦᠭᠦᠯᠦᠨ᠎ᠡ᠃ ᠰᠢᠨ ᠰᠢᠤᠸᠠᠨ ᠪᠦᠯᠦᠭᠯᠡᠯ ᠤᠨ 10 ᠲᠦᠮᠡᠨ ᠮᠦ ᠰᠢᠨ᠎ᠡ ᠰᠣᠷᠭᠤᠭ | ᠢᠳᠡᠭᠡᠨ ᠤ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | 10 ᠲᠦᠮᠡᠨ ᠲᠦᠷᠦᠭᠦᠦ ᠰᠣᠷᠭᠤᠭ ᠢᠳᠡᠭᠡᠨ ᠤ ᠡᠷᠳᠡᠨᠢ ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠰ ᠤᠨ ᠲᠥᠪ ᠢ ᠪᠦᠲᠦᠭᠡᠨ ᠪᠠᠶᠢᠭᠤᠯᠤᠨ᠎ᠠ᠃ | 12᠂ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠠᠶᠢᠬᠤ ᠶᠢ ᠪᠡᠶᠡᠯᠡᠭᠦᠯᠦᠨ᠎ᠡ᠃ | ︽ᠦᠬᠡᠷ ᠤᠨ ᠦᠢᠯᠡᠰ ᠢ ᠬᠦᠭᠵᠢᠬᠦᠯᠬᠦ︾ ᠳᠤ ᠰᠠᠭᠤᠷᠢᠯᠠᠨ᠂ ᠤᠯᠤᠰ ᠤᠨ ᠳᠡᠰ ᠤᠨ ᠣᠳᠣ ᠦᠶ᠎ᠡ ᠶᠢᠨ ᠮᠠᠯ ᠠᠵᠤ | ᠠᠬᠤᠢ ᠶᠢᠨ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠠᠷ ᠵᠢᠯᠣᠭᠤᠳᠣᠯᠭ᠎ᠠ ᠪᠣᠯᠭᠠᠵᠤ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠵᠠᠭᠤᠨ ᠲᠦᠮᠡᠨ ᠠᠯᠠᠰᠢᠨ ᠦᠬᠡᠷ ᠤᠨ ᠰᠠᠭᠤᠷᠢᠨ︾ ᠢᠶᠠᠷ ᠬᠠᠷᠠᠯᠲᠠ | ᠪᠣᠯᠭᠠᠨ᠂ ᠣᠶᠤᠨᠴᠢ ᠮᠠᠯ ᠠᠵᠤ ᠠᠬᠤᠢ ᠶᠢᠨ ᠲᠠᠪᠴᠠᠩ ᠢ ᠪᠠᠶᠢᠭᠤᠯᠵᠤ᠂ ᠰᠠᠶᠢᠨ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ᠂ ᠠᠷᠠᠴᠢᠯᠠᠨ ᠬᠠᠮᠢᠶᠠᠷᠬᠤ᠂ ᠵᠠᠬ᠎ᠠ ᠳᠡᠯᠭᠡᠭᠦᠷ ᠤᠨ ᠭᠦᠢᠯᠭᠡᠭᠡ᠂ ᠨᠠᠷᠢᠯᠢᠭ ᠡᠳ᠋ᠰᠢᠭᠦᠯᠬᠦ᠂ ᠲᠡᠵᠢᠭᠡᠯ | ᠡᠪᠡᠰᠦ ᠪᠣᠷᠳᠤᠭ᠎ᠠ ᠶᠢ ᠪᠠᠲᠤᠯᠠᠬᠤ ᠵᠡᠷᠭᠡ ᠣᠳᠣᠬᠢᠴᠢᠯᠠᠭᠰᠠᠨ ᠰᠢᠰᠲ᠋ᠧᠮ ᠢ ᠰᠢᠯᠢᠳᠡᠭᠵᠢᠭᠦᠯᠦᠨ᠂ ᠠᠯᠠᠰᠢᠨ ᠦᠬᠡᠷ ᠤᠨ | ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠦᠢᠯᠡᠴᠯᠡᠬᠡᠨ ᠤ ᠲᠥᠪ ᠲᠤ ᠲᠦᠰᠢᠭᠯᠡᠨ᠂ ᠪᠠᠶᠠᠯᠢᠭ ᠠᠯᠠᠰᠢᠨ ᠦᠬᠡᠷ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠢᠶᠠᠷ ᠲᠠᠪᠴᠠᠩ ᠪᠣᠯᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠯᠠᠰᠢᠨ ᠦᠬᠡᠷ ᠤᠨ ᠤᠭ ᠭᠠᠷᠤᠯᠲᠠ ᠶᠢᠨ ᠭᠠᠵᠠᠷ ᠤᠨ ᠠᠯᠪᠠᠨ ᠤ ᠵᠢᠩᠬᠢᠨᠢ ᠲᠣᠭᠠᠴᠢᠯᠠᠭᠰᠠᠨ ᠠᠷᠠᠯᠵᠢᠶᠠᠨ ᠤ | ᠨᠡᠪᠲᠡᠷᠡᠬᠦ ᠵᠠᠮ ᠢ ᠪᠠᠶᠢᠭᠤᠯᠵᠤ᠂ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠫᠠᠶᠢᠰᠠ ᠡᠯᠭᠦᠬᠦ ᠶᠢ ᠠᠬᠢᠭᠤᠯᠤᠨ᠎ᠠ᠃ ᠣᠶᠤᠨᠴᠢ ᠮᠠᠯ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠳᠤ ᠰᠠᠭᠤᠷᠢᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠳᠤᠮᠳᠠᠳᠤ | ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠰᠢᠨ ᠮᠧᠩ ᠹᠧᠩ ᠺᠥᠩ | ᠪᠦᠯᠦᠭᠯᠡᠯ ᠲᠠᠢ ︽1+3+1+N︾ ᠳᠤᠮᠳᠠᠳᠤ ᠤᠯᠤᠰ ᠤᠨ ᠴᠢᠨᠠᠷ ᠰᠠᠶᠢᠲᠠᠢ ᠠᠯᠠᠰᠢᠨ ᠦᠬᠡᠷ ᠤᠨ ᠪᠦᠬᠦ | ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠪᠠᠶᠢᠭᠤᠯᠵᠤ᠂ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠤ ᠲᠣᠭᠠᠴᠢᠯᠠᠭᠰᠠᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠤᠯᠤᠰ ᠤᠨ ᠳᠡᠰ ᠤᠨ ᠴᠢᠨᠠᠷ | ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠶᠢᠨ ᠲᠥᠪ᠂ ᠪᠠᠶᠢᠴᠠᠭᠠᠨ ᠰᠢᠯᠭᠠᠬᠤ ᠲᠥᠪ᠂ ᠶᠠᠰᠤ | ᠴᠢᠨᠠᠷ ᠢ ᠦᠨᠡᠯᠡᠬᠦ ᠲᠥᠪ ᠤᠨ ᠫᠠᠶᠢᠰᠠ ᠶᠢ ᠡᠯᠬᠦᠨ᠎ᠡ᠃ ᠬᠡᠯᠬᠢᠶᠡᠵᠢᠯ ᠤᠨ ᠭᠤᠣᠯ ᠠᠵᠤ ᠠᠬᠤᠶᠢᠯᠠᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠸᠠ ᠶᠠᠩ 20 ᠲᠦᠮᠡᠨ ᠲᠣᠨ ᠦᠬᠡᠷ ᠤᠨ ᠮᠢᠬ᠎ᠠ ᠡᠳ᠋ᠰᠢᠭᠦᠯᠬᠦ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠨᠢᠲᠤᠯᠬᠤ ᠬᠡᠮᠵᠢᠶ᠎ᠡ ᠶᠢ 2 ᠲᠦᠮᠡᠨ | ᠳᠤᠯᠤᠭᠠᠢ ᠠᠴᠠ ᠳᠡᠭᠡᠭᠰᠢ ᠪᠠᠶᠢᠬᠤ ᠶᠢ ᠲᠦᠯᠬᠢᠨ ᠠᠬᠢᠭᠤᠯᠤᠨ᠎ᠠ᠃ ᠦᠷ᠎ᠡ ᠶᠢᠨ ᠢᠷᠡᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠳᠤ ᠰᠠᠭᠤᠷᠢᠯᠠᠨ᠂ ᠵᠦᠩ ᠨᠥᠩ ᠬᠢᠩᠭᠠᠨ ᠤ ᠰᠢᠯᠢᠳᠡᠭ ᠦᠷ᠎ᠡ ᠶᠢᠨ ᠢᠷᠡᠯᠲᠡ ᠶᠢᠨ | ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠵᠢᠯ ᠳᠤ 500 ᠲᠦᠮᠡᠨ ᠴᠢᠨᠠᠷ ᠰᠠᠶᠢᠲᠠᠢ ᠢᠴᠡᠭᠡᠯ ᠦᠷ᠎ᠡ | ᠦᠢᠯᠡᠳᠪᠦᠷᠢᠯᠡᠵᠦ᠂ 2 ᠲᠦᠮᠡᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ | ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠵᠠᠬ᠎ᠠ ᠳᠡᠯᠭᠡᠭᠦᠷ ᠤᠨ ᠬᠡᠪᠴᠢᠶ᠎ᠡ ᠶᠢ | ᠥᠷᠭᠡᠳᠬᠡᠬᠦ ᠳᠤ ᠰᠠᠭᠤᠷᠢᠯᠠᠨ᠂ ᠳᠤᠮᠳᠠᠳᠤ ᠤᠯᠤᠰ ᠤᠨ ᠦᠬᠡᠷ ᠤᠨ ᠠᠷᠠᠯᠵᠢᠶᠠᠨ ᠤ ᠶᠡᠭᠡ ᠬᠤᠷᠠᠯ ᠢ ᠰᠠᠶᠢᠲᠤᠷ | ᠡᠷᠬᠢᠯᠡᠵᠦ᠂ ︽ᠳᠤᠮᠳᠠᠳᠤ ᠤᠯᠤᠰ ᠤᠨ ᠠᠯᠠᠰᠢᠨ ᠦᠬᠡᠷ ᠤᠨ ᠠᠵᠤ ᠦᠢᠯᠡᠰ · ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠵᠢᠭᠠᠯᠲᠠ ᠲᠤᠭ᠎ᠠ︾ ᠶᠢᠨ ᠦᠷ᠎ᠡ ᠠᠰᠢᠭ ᠢ ᠪᠠᠳᠠᠷᠠᠭᠤᠯᠵᠤ᠂ ᠲᠣᠭᠠᠴᠢᠯᠠᠭᠰᠠᠨ | ᠠᠷᠠᠯᠵᠢᠶᠠᠨ ᠤ ᠲᠠᠪᠴᠠᠩ ᠢ ᠲᠡᠭᠦᠯᠳᠡᠷᠵᠢᠭᠦᠯᠦᠨ᠂ ᠬᠤᠩ ᠠᠨ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ | ᠠᠷᠠᠯᠵᠢᠶᠠᠨ ᠤ ᠬᠡᠮᠵᠢᠶ᠎ᠡ ᠶᠢ 130 ᠲᠦᠮᠡᠨ ᠲᠣᠯᠣᠭᠠᠢ ᠶᠢ ᠳᠠᠪᠠᠭᠤᠯᠤᠨ᠎ᠠ᠃ ᠮᠠᠯ ᠠᠵᠤ ᠠᠬᠤᠢ ᠶᠢᠨ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠬᠦ ᠳᠤ ᠰᠠᠭᠤᠷᠢᠯᠠᠨ᠂ 33 ᠲᠦᠮᠡᠨ ᠲᠡᠭᠰᠢ ᠳᠥᠷᠪᠡᠯᠵᠢᠨ ᠮᠧᠲᠷ ᠫᠧᠩ | ᠰᠠᠷᠠᠪᠴᠢ ᠶᠢ ᠰᠢᠨ᠎ᠡ ᠪᠠᠷ ᠪᠠᠶᠢᠭᠤᠯᠤᠨ᠎ᠠ᠃ ᠲᠡᠵᠢᠭᠡᠯ ᠡᠪᠡᠰᠦ ᠶᠢᠨ ᠪᠠᠲᠤᠯᠠᠭ᠎ᠠ ᠳᠤ ᠰᠠᠭᠤᠷᠢᠯᠠᠨ᠂ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠬᠢᠭᠡᠳ ᠭᠦᠢᠵᠧᠦ ᠶᠢᠨ ᠰᠠᠨᠰᠠᠷ ᠤᠨ ᠠᠶᠠᠯᠠᠯ ᠤᠨ | ᠬᠢᠶᠠᠭ ᠦᠷᠡᠵᠢᠭᠦᠯᠦᠨ ᠪᠤᠶᠢᠵᠢᠭᠤᠯᠬᠤ ᠰᠠᠭᠤᠷᠢᠨ ᠢ ᠪᠠᠶᠢᠭᠤᠯᠵᠤ᠂ ︽ᠬᠢᠩᠭᠠᠨ ᠠᠶᠢᠮᠠᠭ ᠤᠨ ᠬᠢᠶᠠᠭ ᠡᠪᠡᠰᠦᠨ ᠤ | ᠰᠠᠭᠤᠷᠢᠨ ᠤ ᠦᠯᠢᠭᠡᠷ ᠳᠠᠭᠤᠷᠢᠶᠠᠯ︾ ᠢ ᠪᠣᠢ ᠪᠣᠯᠭᠠᠵᠤ᠂ 80 ᠲᠦᠮᠡᠨ ᠮᠦ ᠠᠴᠠ ᠳᠡᠭᠡᠭᠰᠢ ᠴᠢᠨᠠᠷ ᠰᠠᠶᠢᠲᠠᠢ | ᠲᠡᠵᠢᠭᠡᠯ ᠡᠪᠡᠰᠦ ᠳᠠᠷᠢᠨ᠎ᠠ᠃ ︽ᠵᠠᠭᠤᠨ ᠲᠦᠮᠡᠨ ᠠᠯᠠᠰᠢᠨ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾ | ᠶᠢ ᠬᠡᠷᠡᠭᠵᠢᠭᠦᠯᠵᠦ᠂ ᠵᠢᠦ ᠹᠦ᠋ ᠬᠤᠨᠢ᠂ ᠤᠮᠠᠷᠠᠲᠤ ᠶᠢᠨ ᠬᠠᠮᠲᠤᠷᠠᠭᠰᠠᠨ ᠮᠠᠯ ᠠᠵᠤ ᠠᠬᠤᠢ ᠵᠡᠷᠭᠡ ᠠᠵᠤ | ᠠᠬᠤᠶᠢᠯᠠᠯ ᠳᠤ ᠲᠦᠰᠢᠭᠯᠡᠨ᠂ ︽ᠵᠠᠬ᠎ᠠ ᠳᠡᠯᠭᠡᠭᠦᠷ+ ᠳᠠᠭᠠᠭᠤᠯᠤᠭᠴᠢ ᠠᠵᠤ ᠠᠬᠤᠶᠢᠯᠠᠯ+ | ᠬᠤᠷᠰᠢᠶᠠᠵᠢᠯ+ᠮᠠᠯᠵᠢᠬᠤ ᠲᠠᠷᠢᠶᠠᠯᠠᠬᠤ ᠡᠷᠦᠬᠡ︾ ᠶᠢᠨ ᠵᠠᠭᠪᠤᠷ ᠢ ᠬᠡᠷᠡᠭᠯᠡᠵᠦ᠂ ᠴᠢᠨᠠᠷ ᠰᠠᠶᠢᠲᠠᠢ ᠠᠯᠠᠰᠢᠨ | ᠬᠤᠨᠢᠨ ᠤ ᠡᠭᠦᠯᠳᠡᠷ ᠢ ᠪᠤᠶᠢᠵᠢᠭᠤᠯᠬᠤ᠂ ᠣᠳᠣ ᠦᠶ᠎ᠡ ᠶᠢᠨ ᠠᠯᠠᠰᠢᠨ ᠬᠤᠨᠢᠨ ᠤ ᠠᠵᠤ ᠦᠢᠯᠡᠰ ᠤᠨ ᠳᠡᠰ ᠳᠡᠪᠰᠢᠬᠦ | ᠂ ᠣᠨᠴᠠᠯᠢᠭᠲᠤ ᠳᠡᠭᠡᠳᠦ ᠳᠡᠰ ᠤᠨ ᠨᠡᠷᠡᠲᠦ ᠲᠡᠮᠳᠡᠭᠲᠦ ᠶᠢ ᠪᠣᠢ ᠪᠣᠯᠭᠠᠬᠤ ᠶᠢ ᠠᠬᠢᠭᠤᠯᠤᠨ᠎ᠠ᠃ | 13᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠵᠦ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠳᠣᠣᠷ᠎ᠠ | ᠣᠷᠣᠯᠭ᠎ᠠ ᠲᠠᠢ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠶᠢ ᠰᠠᠶᠢᠲᠤᠷ ᠠᠳᠬᠤᠨ᠎ᠠ᠃ 3.5 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 118 | ᠲᠥᠷᠥᠯ ᠵᠦᠢᠯ ᠢ ᠬᠡᠷᠡᠭᠵᠢᠬᠦᠯᠦᠨ᠎ᠡ᠃ ︽ᠬᠤᠶᠠᠷ ᠢ ᠥᠨᠳᠥᠷ ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ | ᠲᠣᠭᠤᠷᠢᠨ ᠳᠤ᠂ ︽ᠲᠠᠷᠢᠶᠠᠯᠠᠩ ᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠬᠦ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ | ︾ ᠶᠢ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ︽ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶ᠎ᠡ︾ ᠶᠢ 3 ᠪᠠᠶᠢᠭᠤᠯᠬᠤ ᠪᠠᠷ ᠴᠢᠷᠮᠠᠶᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ | ᠳᠡᠭᠡᠭᠰᠢᠯᠡᠭᠦᠯᠬᠦ ᠢᠨᠵᠧᠨᠧᠷᠢᠩ ᠢ 25᠂ 650 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ᠂ ᠬᠠᠶᠢᠳᠢᠶᠠᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠲᠣᠭᠤᠷᠢᠨ ᠳᠤ᠂ ᠬᠠᠶᠢᠳᠢᠶᠠᠨ | ᠳᠤᠭᠤᠷᠢᠭ ᠤᠨ ᠨᠡᠩ ᠣᠯᠠᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠤᠯᠲᠠ᠂ ᠵᠢᠭᠤᠯᠴᠢᠯᠠᠯ᠂ ᠠᠵᠤ | ᠦᠢᠯᠡᠰ ᠤᠨ ᠬᠠᠮᠲᠤᠷᠠᠯᠴᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ | ᠰᠢᠪᠲᠤᠯᠤᠯᠲᠠ ᠶᠢ ᠪᠡᠶᠡᠯᠡᠭᠦᠯᠵᠦ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠬᠠᠶᠢᠳᠢᠶᠠᠨ ᠲᠤᠰᠠᠯᠠᠨ | ᠪᠠᠶᠢᠭᠤᠯᠬᠤ︾ ᠨᠡᠷᠡᠲᠦ ᠲᠡᠮᠳᠡᠭ ᠢ ᠭᠡᠷᠡᠯᠳᠦᠭᠦᠯᠦᠨ᠎ᠡ᠃ ︽ᠮᠢᠩᠭᠠᠨ ᠲᠦᠮᠡᠨ ᠢᠨᠵᠧᠨᠧᠷᠢᠩ︾ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠪᠢᠴᠢᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠣᠷᠣᠰᠢᠨ ᠰᠠᠭᠤᠬᠤ ᠳᠤ | ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠲᠠᠪᠤᠨ ᠰᠠᠶᠢᠨᠲᠠᠢ︾ ᠭᠠᠴᠠᠭ᠎ᠠ᠂ ︽ᠲᠠᠪᠤᠨ | ᠰᠠᠶᠢᠨᠲᠠᠢ︾ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠢ ᠪᠣᠯᠭᠠᠵᠤ᠂ ᠥᠪᠡᠷᠲᠡᠭᠡᠨ ᠵᠠᠰᠠᠬᠤ | ᠣᠷᠣᠨ ᠤ ᠵᠢᠱᠢᠶ᠎ᠡ ᠦᠵᠡᠭᠦᠯᠬᠦ ᠰᠤᠮᠤ ᠪᠠᠯᠭᠠᠰᠤ 2᠂ ᠵᠢᠱᠢᠶ᠎ᠡ ᠦᠵᠡᠭᠦᠯᠬᠦ ᠭᠠᠴᠠᠭ᠎ᠠ 16 ᠶᠢ ᠡᠭᠦᠳᠦᠨ | ᠪᠠᠶᠢᠭᠤᠯᠤᠨ᠎ᠠ᠃ | 14᠂ ᠲᠠᠷᠢᠶᠠᠯᠠᠬᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ᠥᠮᠴᠢᠯᠡᠬᠦ ᠡᠷᠬᠡ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ | ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠂ ᠬᠠᠮᠲᠤ ᠶᠢᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ | ᠨᠡᠮᠡᠭᠳᠡᠭᠦᠯᠬᠦ ᠪᠠᠷ ᠬᠠᠷᠠᠯᠲᠠ ᠪᠣᠯᠭᠠᠭᠰᠠᠨ ᠲᠠᠷᠢᠶᠠᠯᠠᠬᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ ︽ᠳᠣᠯᠤᠭ᠎ᠠ ᠶᠢ ᠶᠠᠭᠠᠬᠢᠬᠤ︾ ᠰᠡᠳᠦᠪ ᠤᠨ ᠲᠣᠭᠤᠷᠢᠨ ᠳᠤ᠂ ᠤᠷᠢᠳᠠᠪᠠᠷ 6 ᠵᠢᠱᠢᠶ᠎ᠡ | ᠦᠵᠡᠭᠦᠯᠬᠦ ᠴᠡᠭ ᠢ ᠪᠤᠶᠢᠵᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠥᠰᠦᠯ ᠢ ᠬᠠᠩᠭᠠᠵᠤ | ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠭᠪᠤᠷ ᠢ ᠪᠦᠷᠢᠯᠳᠦᠭᠦᠯᠦᠨ᠎ᠡ᠃ ᠬᠠᠮᠲᠤᠷᠠᠨ ᠬᠢᠨᠠᠵᠤ | ᠬᠠᠮᠲᠤᠷᠠᠨ ᠡᠷᠬᠢᠯᠡᠵᠦ ᠪᠦᠬᠦᠢ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠣᠭᠲᠠᠴᠠ ᠶᠢ ᠪᠠᠶᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠦᠯᠦ ᠬᠥᠳᠡᠯᠬᠦ | ᠬᠥᠷᠥᠩᠭᠡ ᠶᠢᠨ ᠳᠠᠩᠰᠠᠯᠠᠨ ᠲᠡᠮᠳᠡᠭᠯᠡᠬᠦ ᠳᠤ ᠣᠷᠣᠭᠤᠯᠬᠤ ᠶᠢ ᠠᠬᠢᠭᠤᠯᠤᠨ᠂ ᠣᠢ ᠰᠢᠭᠤᠢ ᠶᠢᠨ ᠡᠷᠬᠡ ᠶᠢᠨ | ᠲᠥᠷᠥᠯ ᠤᠨ ᠦᠯᠦ ᠬᠥᠳᠡᠯᠬᠦ ᠬᠥᠷᠥᠩᠭᠡ ᠶᠢ ᠰᠡᠯᠪᠢᠨ ᠵᠠᠰᠠᠵᠤ ᠨᠥᠬᠦᠵᠦ ᠬᠡᠮᠵᠢᠬᠦ ᠲᠥᠷᠥᠯ ᠵᠦᠢᠯ ᠢ ᠬᠡᠷᠡᠭᠵᠢᠭᠦᠯᠵᠦ | ᠂ ᠮᠠᠯᠵᠢᠬᠤ ᠲᠠᠷᠢᠶᠠᠯᠠᠬᠤ ᠣᠷᠣᠨ ᠤ ᠤᠷᠤᠨ ᠰᠠᠭᠤᠴᠠ ᠬᠡᠷᠡᠭᠯᠡᠬᠦ ᠭᠠᠵᠠᠷ ᠲᠤ ᠭᠡᠷ ᠪᠠᠶᠢᠰᠢᠩ ᠪᠠᠷᠢᠬᠤ ᠶᠢ ᠬᠢᠨᠠᠨ | ᠵᠥᠪᠰᠢᠶᠡᠷᠡᠬᠦ ᠴᠤᠪᠤᠷᠠᠯ ᠢ ᠳᠥᠭᠦᠮᠴᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ | ᠳᠦᠷᠢᠮ ᠢ ᠲᠡᠭᠦᠯᠳᠡᠷᠵᠢᠭᠦᠯᠵᠦ᠂ ᠬᠠᠮᠲᠤ ᠶᠢᠨ ᠥᠮᠴᠢᠯᠡᠬᠦ ᠡᠷᠬᠡ ᠶᠢᠨ ᠡᠷᠭᠢᠯᠳᠦᠭᠦᠯᠦᠨ ᠠᠷᠠᠯᠵᠢᠶᠠᠯᠠᠬᠤ ᠲᠠᠪᠴᠠᠩ ᠢ | ᠵᠢᠷᠤᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ | ᠬᠠᠩᠭᠠᠨ᠎ᠠ᠃ ᠡᠷᠳᠡᠨᠢ ᠰᠢᠰᠢ ᠰᠢᠷ᠎ᠠ ᠪᠤᠷᠴᠠᠭ᠂ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ | ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠣᠯᠭᠤᠬᠤ ᠠᠵᠢᠯ ᠢ ᠴᠢᠩᠭ᠎ᠠ ᠵᠢᠷᠤᠮᠵᠢᠭᠤᠯᠤᠨ᠎ᠠ᠃ | ᠬᠥᠳᠡᠭᠡ ᠲᠣᠰᠬᠤᠨ ᠤ ᠵᠠᠰᠠᠯᠲᠠ ᠶᠢᠨ ︽ᠬᠤᠪᠢ ᠬᠤᠷᠠᠮᠳᠤᠭᠤᠯᠬᠤ ᠳᠦᠷᠢᠮ︾᠂ ︽ᠨᠠᠷᠢᠨ ᠳᠠᠩᠰᠠ ᠶᠢᠨ ᠳᠦᠷᠢᠮ | ︾ ᠢ ᠳᠡᠯᠭᠡᠷᠡᠭᠦᠯᠦᠨ ᠬᠡᠷᠡᠭᠯᠡᠵᠦ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ | ︵ᠳᠠᠪᠤ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ | 15᠂ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠨ᠎ᠡ᠃ ︽ᠵᠢᠭᠤᠯᠴᠢᠯᠠᠯ ᠢ ᠬᠥᠭᠵᠢᠭᠦᠯᠬᠦ︾ ᠳᠤ | ᠰᠠᠭᠤᠷᠢᠯᠠᠨ᠂ ᠲᠥᠪ ᠤᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠢᠩᠬᠢᠮ ᠤᠨ ᠬᠠᠪᠰᠤᠷᠤᠨ ᠲᠡᠳᠬᠦᠬᠦ ᠠᠵᠠ ᠲᠣᠬᠢᠶᠠᠯ ᠢ | ᠭᠦᠢᠴᠡᠳ ᠠᠰᠢᠭᠯᠠᠵᠤ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠵᠢᠭᠤᠯᠴᠢᠯᠠᠯ ᠤᠨ | ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ︽ᠵᠢᠭᠤᠯᠴᠢᠯᠠᠯ ᠤᠨ ᠳᠥᠷᠪᠡᠨ ᠭᠠᠵᠠᠷ︾ ᠢ | ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ᠂ ︽18 ᠺᠢᠯᠤᠮᠧᠲᠷ ᠤᠨ ᠷᠠᠳᠢᠥ᠋ᠰ ᠤᠨ ᠵᠢᠭᠤᠯᠴᠢᠯᠠᠯ ᠤᠨ | ᠲᠣᠭᠤᠷᠢᠭ ᠤᠨ ᠰᠣᠳᠣᠨ ᠵᠠᠮ ᠱᠤᠭᠤᠮ︾ ᠢ ᠪᠣᠢ ᠪᠣᠯᠭᠠᠵᠤ᠂ ᠬᠤᠸᠠ ᠴᠢᠶᠣᠣ ᠴᠧᠩ ᠤᠮᠠᠷᠠᠲᠤ ᠶᠢᠨ ᠪᠦᠯᠦᠭᠯᠡᠯ | ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ᠂ ᠨᠠᠷᠠᠲᠤ | ᠲᠡᠮᠳᠡᠭᠴᠢᠯᠡᠭᠰᠡᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠢᠳᠡᠵᠦ ᠤᠤᠭᠤᠬᠤ ᠶᠠᠪᠤᠵᠤ | ᠰᠠᠭᠤᠬᠤ ᠵᠤᠭᠠᠴᠠᠨ ᠳᠤᠭᠤᠷᠢᠬᠤ᠂ ᠬᠤᠳᠠᠯᠳᠤᠭ᠎ᠠ ᠮᠠᠶᠢᠮᠠᠢ ᠡᠷᠬᠢᠯᠡᠵᠤ ᠰᠡᠯᠡᠭᠦᠴᠡᠨ ᠳᠤᠭᠤᠷᠢᠬᠤ︾ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠵᠢᠭᠤᠯᠴᠢᠯᠠᠯ ᠤᠨ | ᠣᠷᠣᠯᠭ᠎ᠠ ᠶᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠬᠢᠩᠭᠠᠨ ᠠᠶᠢᠮᠠᠭ ᠤᠨ ᠪᠠᠲᠤᠴᠠᠭᠠᠨ ᠤ ᠰᠣᠶᠣᠯ | ᠵᠢᠭᠤᠯᠴᠢᠯᠠᠯ ᠤᠨ ᠨᠠᠶᠢᠷ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ | ᠬᠤᠷᠠᠯ᠂ ᠬᠢᠩᠭᠠᠨ ᠠᠶᠢᠮᠠᠭ ᠤᠨ ᠪᠠᠲᠤᠴᠠᠭᠠᠨ ᠤ ᠳᠠᠭᠤᠤ ᠬᠥᠭᠵᠢᠮ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠡᠷᠬᠢᠯᠡᠨ᠎ᠡ᠃ ᠬᠠᠩᠭᠠᠯ ᠨᠠᠭᠤᠷ — ᠪᠠᠲᠤᠴᠠᠭᠠᠨ ᠤ ᠵᠢᠭᠤᠯᠴᠢᠯᠠᠯ ᠤᠨ ᠣᠷᠣᠨ ᠤ ᠰᠠᠭᠤᠷᠢ | ᠲᠥᠬᠦᠭᠡᠷᠦᠮᠵᠢ᠂ ᠳᠠᠶᠢᠴᠢᠨᠲᠠᠯ᠎ᠠ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠠᠩᠭᠠᠯ ᠨᠠᠭᠤᠷ ᠤᠨ ᠠᠮᠠᠷᠠᠯᠲᠠ ᠶᠢᠨ ᠪᠠᠭᠤᠳᠠᠯ ᠤᠨ ᠲᠥᠷᠥᠯ ᠵᠦᠢᠯ ᠢ | ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ ᠲᠤᠰ ᠪᠦᠷᠢ 1 ᠶᠢ ᠡᠭᠦᠳᠦᠨ ᠪᠠᠶᠢᠭᠤᠯᠵᠤ᠂ 4C ᠲᠠᠰ ᠤᠨ ᠦᠪᠡᠷᠲᠡᠭᠡᠨ | ᠵᠢᠯᠣᠭᠤᠳᠴᠤ ᠵᠢᠭᠤᠯᠴᠢᠯᠠᠬᠤ ᠲᠡᠷᠭᠡᠨ ᠤ ᠬᠤᠸᠠᠷᠠᠨ ᠢ 1 ᠪᠠᠶᠢᠭᠤᠯᠵᠤ᠂ 2 ᠵᠡᠷᠭᠡ ᠲᠠᠰ ᠤᠨ ᠠᠷᠠᠳ ᠤᠨ ᠣᠷᠣᠨ | ᠰᠠᠭᠤᠴᠠ ᠶᠢ ᠦᠨᠡᠯᠡᠨ ᠳᠤᠭᠳᠠᠭᠠᠯᠭᠠᠨᠠ᠃ | 16᠂ ᠰᠣᠶᠣᠯ ᠤᠨ ᠠᠵᠤ ᠦᠢᠯᠡᠰ ᠢ ᠪᠠᠳᠠᠷᠭᠤᠯᠤᠨᠠ᠃ ︽ᠤᠮᠠᠷᠠᠲᠤ ᠬᠢᠯᠢ ᠶᠢᠨ ᠰᠣᠶᠣᠯ︾ ᠤᠨ | ᠲᠣᠭᠤᠷᠢᠨ ᠳᠤ᠂ ᠮᠣᠩᠭᠤᠯ ᠡᠮ ᠡᠮᠨᠡᠯᠭᠡ ᠶᠢᠨ ᠪᠡᠶ᠎ᠡ ᠤᠬᠢᠶᠠᠬᠤ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ᠂ | ᠮᠣᠩᠭᠤᠯ ᠦᠨᠳᠦᠰᠦᠲᠡᠨ ᠤ ᠭᠠᠷ ᠤᠷᠠᠯᠠᠯ ᠤᠨ ᠬᠠᠳᠬᠤᠮᠠᠯ ᠤᠨ ᠪᠣᠯᠪᠠᠰᠤᠷᠠᠯ ᠤᠨ ᠲᠥᠪ ᠵᠡᠷᠭᠡ 2 ᠪᠣᠳᠠᠰ ᠤᠨ | ᠪᠤᠰᠤ ᠰᠣᠶᠣᠯ ᠤᠨ ᠥᠪ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ᠃ ︽ᠪᠠᠳᠤᠴᠠᠭᠠᠨ | ︾ ᠤ ᠨᠡᠷᠡᠲᠦ ᠲᠡᠮᠳᠡᠭ ᠢ ᠶᠡᠬᠡᠪᠡᠷ ᠪᠤᠶᠢᠵᠢᠭᠤᠯᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠪᠠ | ᠤᠬᠠᠭᠤᠯᠬᠤ ᠶᠢ ᠰᠠᠶᠢᠲᠤᠷ ᠠᠳᠬᠤᠵᠤ᠂ ᠳᠠᠭᠤᠤ ᠪᠥᠵᠢᠭᠲᠦ ᠵᠦᠴᠦᠭᠡ ︽ᠰᠡᠶᠢᠯᠦᠮᠡᠯ ᠡᠮᠡᠭᠡᠯ︾ ᠤᠨ ᠠᠩᠬᠠᠨ ᠤ | ᠲᠣᠭᠯᠠᠯᠲᠠ ᠶᠢ ᠪᠡᠶᠡᠯᠡᠭᠦᠯᠵᠦ᠂ ᠺᠢᠨᠣ᠋ ︽ᠲᠠᠨ ᠲᠠᠢ ᠬᠠᠮᠲᠤ ᠶᠠᠪᠤᠬᠤ︾ ᠶᠢ ᠡᠬᠢᠯᠡᠨ ᠰᠡᠬᠦᠳᠡᠷᠯᠡᠵᠤ᠂ 1 ᠰᠣᠳᠣᠨ | ᠦᠯᠢᠭᠡᠷ ᠵᠣᠬᠢᠶᠠᠨ ᠪᠦᠳᠦᠭᠡᠵᠤ᠂ ᠠᠩᠬᠠᠳᠤᠭᠠᠷ ᠬᠤᠭᠤᠴᠠᠭᠠᠨ ᠤ ᠦᠯᠢᠭᠡᠷ ᠤᠷᠠᠯᠢᠭ ᠤᠨ ᠨᠠᠭᠠᠳᠤᠮ᠂ ᠪᠣᠳᠠᠰ ᠤᠨ | ᠪᠤᠰᠤ ᠰᠣᠶᠣᠯ ᠤᠨ ᠥᠪ ᠤᠨ ᠰᠣᠶᠣᠯ ᠵᠢᠭᠤᠯᠴᠢᠯᠠᠯ ᠤᠨ ᠨᠠᠶᠢᠷ᠂ ᠬᠠᠳᠬᠤᠮᠠᠯ ᠭᠠᠷ ᠤᠷᠠᠯᠠᠯ ᠤᠨ | ᠪᠦᠲᠦᠭᠡᠭᠳᠡᠬᠦᠨ ᠤ ᠵᠢᠷᠤᠭ ᠲᠥᠯᠥᠪᠯᠡᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠡᠷᠬᠢᠯᠡᠨ᠎ᠡ᠃ ︽ᠳᠥᠷᠪᠡᠨ | ᠤᠯᠠᠷᠢᠯ ᠤᠨ ᠲᠣᠰᠬᠤᠨ ᠤ ᠦᠳᠡᠰᠢᠯᠡᠭᠡ︾᠂ ︽ᠤᠷᠢᠬᠠᠨ ᠬᠠᠪᠤᠷ ᠤᠨ ᠢᠨᠵᠧᠨᠧᠷᠢᠩ︾᠂ ︽ᠰᠣᠶᠣᠯ ᠤᠨ | ᠲᠣᠰᠬᠤᠨ ᠤ ᠳᠠᠷᠤᠭ᠎ᠠ︾ ᠵᠡᠷᠭᠡ ᠣᠨᠴᠠᠯᠢᠭᠲᠤ ᠨᠡᠷᠡᠲᠦ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠠᠬᠢᠭᠤᠯᠵᠤ᠂ | ᠣᠯᠠᠨ ᠲᠦᠮᠡᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠤᠨ᠎ᠠ᠃ | 17᠂ ᠭᠦᠢᠯᠭᠡᠭᠡᠨ ᠤ ᠠᠵᠤ ᠦᠢᠯᠡᠰ ᠢ ᠬᠥᠭᠵᠢᠭᠦᠯᠦᠨ᠎ᠡ᠃ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ | ᠪᠠᠶᠢᠭᠤᠯᠬᠤ ᠢᠨᠵᠧᠨᠧᠷᠢᠩ︾ ᠳᠤ ᠠᠭᠤᠰᠤᠯᠴᠠᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ | ᠲᠤᠷᠰᠢᠯᠲᠠ ᠶᠢᠨ ᠰᠢᠶᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ | ᠭᠤᠷᠪᠠᠨ ᠱᠠᠲᠤᠨ ᠤ ᠬᠡᠷᠡᠭᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠨᠤᠲᠤᠭ ᠤᠨ ᠣᠨᠴᠠ | ᠭᠠᠷᠤᠯᠲᠠ ᠶᠢᠨ ᠠᠵᠤ ᠠᠬᠤᠢ ᠶᠢ ᠬᠥᠭᠵᠢᠭᠦᠯᠵᠦ᠂ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ | ᠰᠠᠭᠤᠷᠢᠨ ᠢ ᠪᠠᠶᠢᠭᠤᠯᠵᠤ᠂ ᠦᠬᠡᠷ ᠤᠨ ᠮᠢᠬ᠎ᠠ᠂ ᠰᠢᠨ᠎ᠡ ᠰᠣᠷᠭᠤᠭ ᠡᠷᠳᠡᠨᠢ ᠰᠢᠰᠢ᠂ ᠬᠠᠲᠠᠭᠠᠭᠰᠠᠨ ᠪᠤᠷᠴᠠᠭ᠂ | ᠤᠷᠢᠳᠴᠢᠯᠠᠨ ᠬᠢᠭᠰᠡᠨ ᠨᠣᠭᠤᠭ᠎ᠠ᠂ ᠪᠠᠲᠤᠴᠠᠭᠠᠨ ᠤ ᠲᠣᠰᠣ᠂ ᠸᠧᠨ ᠭᠤᠸᠠᠨ ᠭᠥᠸᠧ ᠶᠢᠨ ᠲᠣᠰᠣ᠂ ᠤᠯᠠᠭᠠᠨ᠎ᠠ | ᠵᠡᠷᠭᠡ ︽ᠨᠤᠲᠤᠭ ᠤᠨ ᠣᠨᠴᠠ ᠭᠠᠷᠤᠯᠲᠠ︾ ᠶᠢᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠮᠣᠷᠢᠨ | ᠬᠤᠭᠤᠷ ᠤᠨ ᠦᠢᠯᠡᠰ ᠤᠨ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭᠲᠦ︾ ᠶᠢ ᠭᠤᠶᠤᠴᠢᠯᠠᠨ ᠮᠡᠳᠡᠭᠦᠯᠬᠦ ᠶᠢ | ᠳᠡᠮᠵᠢᠨ᠎ᠡ᠃ ᠰᠥᠨᠢ ᠶᠢᠨ ᠠᠵᠤ ᠠᠬᠤᠢ᠂ ᠵᠠᠳᠠᠭᠠᠢ ᠵᠠᠬ᠎ᠠ ᠶᠢᠨ ᠠᠵᠤ ᠠᠬᠤᠢ ᠶᠢ ᠵᠣᠷᠢᠭᠵᠢᠭᠤᠯᠵᠤ᠂ ᠥᠷᠯᠥᠭᠡᠨ ᠤ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠬᠦᠭᠵᠢᠶᠡᠨ ᠨᠠᠷᠬᠢᠶᠠᠨ︾ ᠨᠢ ᠠᠵᠤ | ᠠᠬᠤᠢ ᠶᠢ ᠳᠤᠯᠠᠭᠠᠴᠠᠭᠤᠯᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ ᠭᠠᠳᠠᠭᠠᠳᠤ ᠠᠷᠠᠯᠵᠢᠶᠠᠨ ᠤ ᠠᠵᠤ | ᠠᠬᠤᠢ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ | ᠲᠣᠭᠤᠷᠢᠨ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠤᠭ᠎ᠠ ᠶᠢᠨ | ᠨᠡᠮᠡᠭᠳᠡᠯ ᠢ ᠠᠬᠢᠭᠤᠯᠵᠤ᠂ ᠭᠠᠳᠠᠭᠠᠳᠤ ᠠᠵᠤ ᠠᠬᠤᠢ ᠶᠢᠨ ᠠᠷᠠᠯᠵᠢᠶᠠᠨ ᠤ ᠲᠤᠰᠬᠠᠢ ᠪᠡᠯᠡ ᠮᠥᠩᠭᠦ ᠶᠢᠨ 1 ᠲᠥᠷᠥᠯ | ᠵᠦᠢᠯ ᠢ ᠬᠡᠷᠡᠭᠵᠢᠭᠦᠯᠦᠨ᠎ᠡ᠃ ᠪᠠᠷᠠᠭᠠᠨ ᠤ ᠭᠦᠢᠯᠭᠡᠭᠡᠨ ᠤ ᠠᠵᠤ ᠠᠬᠤᠢ ᠶᠢ ᠰᠢᠯᠢᠳᠡᠭᠵᠢᠭᠦᠯᠵᠦ᠂ ᠡᠪᠡᠰᠦᠨ ᠤ ᠠᠵᠤ | ᠦᠢᠯᠡᠰ ᠤᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠸᠠ ᠶᠠᠩ | ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠵᠥᠩ ᠴᠦ᠋ ᠯᠢᠶᠠᠩ ᠠᠮᠤ ᠪᠤᠳᠠᠭ᠎ᠠ ᠨᠥᠭᠡᠴᠡᠯᠡᠬᠦ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠎ᠡ | 18᠂ ᠠᠷᠠᠳ ᠤᠨ ᠠᠮᠢᠳᠤᠷᠠᠯ ᠤᠨ ᠪᠠᠳᠤᠯᠠᠭᠠᠲᠦ ᠱᠤᠭᠤᠮ ᠢ ᠪᠠᠷᠢᠮᠳᠠᠯᠠᠨ᠎ᠠ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠠᠵᠢᠯ | ᠣᠯᠭᠤᠯᠲᠠ ᠶᠢ ᠰᠠᠶᠢᠲᠤᠷ ᠬᠢᠨ᠎ᠡ᠃ ᠬᠦᠴᠢᠷᠳᠡᠯᠲᠡᠢ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ | ᠴᠢᠩᠭᠠᠳᠬᠠᠵᠤ᠂ ᠣᠨᠴᠠᠭᠠᠢ ᠬᠦᠴᠢᠷᠳᠡᠯᠲᠡᠢ ᠬᠥᠮᠦᠰ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠨ᠎ᠠ | ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠤᠲᠠ | ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠪᠠ ᠨᠠᠰᠤᠵᠢᠯ ᠤᠨ ᠳᠠᠭᠠᠳᠬᠠᠯ ᠤᠨ ᠣᠷᠣᠯᠴᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠡᠷᠡᠭᠦᠯ ᠡᠩᠬᠡ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ | ᠵᠢᠱᠢᠶ᠎ᠡ ᠦᠵᠡᠭᠦᠯᠬᠦ ᠬᠤᠰᠢᠭᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠶᠢ ᠴᠢᠷᠮᠠᠶᠢᠨ ᠡᠭᠦᠳᠴᠦ᠂ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ | ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠵᠡᠷᠭᠡ 4 ᠲᠥᠷᠥᠯ | ᠵᠦᠢᠯ ᠢ ᠪᠡᠶᠡᠯᠡᠭᠦᠯᠦᠨ᠎ᠡ᠃ ᠳᠠᠭᠠᠳᠬᠠᠯ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠎ᠠ᠃ ᠲᠦᠯᠢᠶᠡᠮᠤᠳᠦ ᠪᠠᠭ᠎ᠠ ᠰᠤᠷᠭᠠᠭᠤᠯᠢ ᠶᠢᠨ | ᠵᠢᠭᠠᠨ ᠰᠤᠷᠭᠠᠬᠤ ᠠᠰᠠᠷ᠂ ᠮᠦᠩᠬᠦᠨ ᠳᠤᠯᠤᠭᠠᠢ ᠠᠭᠤᠷᠬᠠᠢ ᠶᠢᠨ ᠬᠡᠦᠬᠡᠳ ᠤᠨ ᠴᠡᠴᠡᠷᠯᠢᠭ ᠤᠨ ᠠᠰᠠᠷᠠᠨ | ᠬᠥᠮᠦᠵᠢᠭᠦᠯᠬᠦ ᠠᠰᠠᠷ ᠵᠡᠷᠭᠡ 2 ᠲᠥᠷᠥᠯ ᠵᠦᠢᠯ ᠢ ᠪᠡᠶᠡᠯᠡᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ | ᠰᠠᠶᠢᠵᠢᠷᠠᠭᠤᠯᠬᠤ ᠲᠥᠷᠥᠯ ᠵᠦᠢᠯ ᠢ 6 ᠭᠡᠷᠡᠭᠵᠢᠬᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠠᠬᠢᠭᠤᠯᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠰᠢᠭᠤ︾ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ᠎ᠡ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ︽ᠬᠤᠶᠠᠷ ᠢ ᠬᠦᠷᠢᠶᠡᠯᠡᠬᠦ︾ ᠬᠠᠮᠲᠤ ᠪᠠᠷ ᠪᠠᠶᠢᠭᠤᠯᠬᠤ ᠶᠢ ᠴᠢᠩᠭᠠᠳᠬᠠᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠶᠢᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠡ᠃ | 19᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ G1015᠂ G334᠂ | S210 ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ | ᠤᠯᠠᠭᠠᠢ ᠠᠴᠠ ᠤᠯᠠᠭᠠᠨ ᠭᠤᠣᠯ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠪᠠᠷᠢᠯᠭ᠎ᠠ ᠶᠢ ᠳᠠᠭᠤᠰᠬᠠᠵᠤ᠂ ᠡᠬᠢ | ᠪᠠᠶᠠᠯᠢᠭ ᠤᠨ ᠵᠠᠮ᠂ ᠲᠣᠣᠷᠵᠢᠭᠤᠯᠤᠭᠰᠠᠨ ᠵᠠᠮ ᠢ 41.5 ᠺᠢᠯᠤᠮᠧᠲᠷ ᠰᠢᠨ᠎ᠡ ᠪᠠᠷ ᠪᠠᠶᠢᠭᠤᠯᠤᠨ᠎ᠠ᠃ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠠᠯᠠᠪᠠᠢ 6 ᠰᠠᠭᠤᠷᠢ᠂ ᠴᠠᠬᠢᠯᠭᠠᠨ ᠴᠡᠨᠡᠭᠯᠡᠬᠦ ᠪᠠᠭᠠᠨ᠎ᠠ 19 | ᠪᠠᠶᠢᠭᠤᠯᠤᠨ᠎ᠠ᠃ 5G ᠰᠠᠭᠤᠷᠢ ᠥᠷᠲᠡᠭᠡ ᠶᠢ 180 ᠪᠠᠶᠢᠭᠤᠯᠤᠨ᠎ᠠ᠃ ︽ᠤᠰᠤᠨ ᠦᠵᠡᠮᠵᠢᠲᠦ ᠨᠤᠳᠤᠭ︾᠂ | ᠱᠤᠸᠠᠩ ᠱᠠᠨ ᠠᠭᠤᠯᠠ ᠶᠢᠨ ᠦᠶᠡᠷ ᠢ ᠰᠠᠯᠭᠠᠬᠤ ᠤᠰᠤ ᠲᠠᠲᠠᠬᠤ ᠵᠠᠩᠭᠢᠯᠠᠭ᠎ᠠ ᠶᠢᠨ ᠠᠶᠤᠯ ᠢ ᠠᠷᠢᠯᠭᠠᠨ | ᠪᠠᠬᠢᠵᠢᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠤᠤᠯ ᠭᠤᠣᠯ ᠤᠨ ᠤᠰᠤ ᠶᠢ | ᠲᠠᠲᠠᠵᠤ ᠯᠢᠶᠣᠤ ᠾᠧ ᠭᠤᠣᠯ ᠳᠤ ᠣᠷᠣᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ 400 | ᠺᠢᠯᠤᠮᠧᠲᠷ ᠬᠡᠷᠡᠭᠵᠢᠭᠦᠯᠦᠨ᠎ᠡ᠃ ᠬᠤᠲᠠ ᠲᠣᠭᠤᠷᠢᠭ ᠤᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ | ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ | ᠨᠡᠮᠡᠭᠳᠡᠭᠦᠯᠦᠨ᠎ᠡ᠃ ᠳᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 18.4 ᠺᠢᠯᠤᠮᠧᠲᠷ ᠤᠨ ᠢᠯᠴᠢ ᠬᠠᠩᠭᠠᠬᠤ | ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠵᠤ᠂ ᠳᠤᠯᠠᠭᠠᠯᠭ᠎ᠠ ᠶᠢᠨ ᠴᠢᠳᠠᠪᠤᠷᠢ ᠶᠢ 700 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠭᠡᠨ᠎ᠡ᠃ ᠲᠦᠩᠯᠢᠶᠣᠤ — ᠬᠢᠩᠭᠠᠨ ᠠᠶᠢᠮᠠᠭ ᠬᠦᠷᠬᠦ ᠪᠠᠶᠢᠭᠠᠯᠢ ᠶᠢᠨ ᠰᠢᠲᠠᠮᠠᠬᠠᠢ | ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠡᠰᠡᠭ ᠤᠨ | ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠲᠠᠯᠠᠪᠠᠢ ᠶᠢ 25 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠬᠦᠯᠦᠨ᠎ᠡ᠃ | ᠬᠤᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠳᠤᠯᠤᠭ᠎ᠠ︶ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ | 20᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯ ᠦᠭᠡᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠠᠬᠢᠯᠡᠯᠲᠡ ᠳᠠᠭᠠᠷᠢᠬᠤ ᠭᠤᠷᠪᠠᠨ ᠵᠢᠯ ᠤᠨ ᠠᠵᠢᠯᠯᠠᠭ᠎ᠠ ᠶᠢ | ᠥᠷᠨᠢᠭᠦᠯᠦᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠨ ᠭᠠᠩ ᠲᠠᠢ | ᠲᠡᠮᠡᠴᠡᠬᠦ ᠪᠠ ᠲᠦᠢᠯ ᠤᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠡᠭᠦᠯᠳᠡᠷᠵᠢᠭᠦᠯᠵᠦ᠂ ᠠᠭᠤᠷᠬᠠᠢ᠂ ᠡᠨᠧᠷᠭᠢ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠵᠡᠷᠭᠡ | ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠶᠤᠯ ᠦᠭᠡᠢ ᠦᠢᠯᠡᠳᠪᠦᠷᠢᠯᠡᠯ ᠤᠨ | ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ︽ᠳᠥᠷᠪᠡᠨ ᠬᠠᠮᠤᠭ ᠤᠨ ᠴᠢᠩᠭ᠎ᠠ︾ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ | ᠲᠦᠪᠰᠢᠨ︾ ᠢ ᠦᠨᠡᠨᠬᠦ ᠪᠠᠳᠤᠯᠠᠨ᠎ᠠ᠃ ᠠᠵᠤ ᠠᠬᠤᠶᠢᠯᠠᠯ ᠤᠨ ᠳᠠᠩᠰᠠᠨ ᠳᠤ ᠥᠷᠢᠲᠦᠵᠦ ᠪᠠᠶᠢᠭ᠎ᠠ ᠵᠣᠭᠤᠰ ᠢ | ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠠᠰᠠᠭᠤᠳᠠᠯ ᠤᠨ ᠡᠳ᠋ ᠬᠥᠷᠥᠩᠭᠡ ᠶᠢ ᠪᠦᠲᠦᠮᠵᠢᠲᠡᠢ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠮᠥᠩᠭᠦᠨ | ᠭᠦᠢᠯᠭᠡᠭᠡᠨ ᠤ ᠲᠦᠭᠰᠢᠭᠦᠷᠢ ᠭᠠᠷᠬᠤ ᠶᠢ ᠰᠡᠷᠭᠡᠶᠢᠯᠡᠨ᠎ᠡ᠃ | 21᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠵᠢᠭᠰᠠᠭᠠᠯ ᠤᠨ ᠭᠠᠵᠠᠷ ᠤᠨ | ᠪᠠᠶᠢᠭᠤᠯᠤᠯᠲᠠ ᠪᠠ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ | ᠬᠡᠯᠪᠡᠷᠢ ᠶᠢᠨ ᠬᠦᠷᠢᠶᠡᠨ ᠳᠠᠬᠢ ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ︽ᠹᠧᠩ | ᠴᠢᠶᠣᠣ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾ ᠶᠢ ᠳᠡᠯᠭᠡᠷᠡᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠬᠠᠤᠯᠢᠵᠢᠯᠲᠠ᠂ ᠵᠢᠷᠤᠮᠵᠢᠯᠲᠠ ᠶᠢ ᠠᠬᠢᠭᠤᠯᠤᠨ᠎ᠠ᠃ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠤᠨ ᠠᠬᠢᠭᠤᠯᠵᠤ᠂ ᠬᠡᠪ ᠳᠠᠭᠤᠷᠢᠶᠠᠯ ᠮᠠᠶ᠋ᠢᠭ ᠤᠨ ︽ᠨᠢᠭᠡ ᠲᠣᠰᠬᠤᠨ ᠨᠢᠭᠡ ᠴᠠᠭᠳᠠᠭᠠᠨ ᠤ | ᠶᠠᠪᠤᠳᠠᠯ ᠤᠨ ᠲᠤᠰᠠᠯᠠᠭᠴᠢ︾ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠨᠡᠷᠡᠲᠦ ᠲᠡᠮᠳᠡᠭᠲᠦ ᠶᠢ ᠪᠣᠢ ᠪᠣᠯᠭᠠᠵᠤ᠂ | ᠠᠮᠤᠷ ᠠᠮᠤᠭᠤᠯᠠᠩ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | | ︵ᠨᠠᠶᠢᠮᠠ︶ ᠠᠷᠢᠭᠤᠨ ᠴᠢᠬᠡᠴᠢ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠬᠠᠷᠢᠭᠤᠴᠠᠯᠭ᠎ᠠ ᠡᠭᠦᠷᠭᠡᠯᠡᠨ ᠠᠵᠢᠯ | ᠶᠠᠪᠤᠳᠠᠯ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ | 22᠂ ᠬᠦᠴᠦᠨ ᠴᠢᠳᠠᠪᠤᠷᠢ ᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ | ᠤᠳᠠᠭᠠᠨ︾ ︽ᠪᠦᠳᠦᠭᠦᠯᠢᠭ᠂ ᠤᠳᠠᠭᠠᠨ᠂ ᠬᠡᠶᠢᠰᠪᠦᠷᠢ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠵᠣᠷᠢᠭᠲᠠᠢ ᠪᠠᠷ ᠰᠠᠶᠢᠲᠤᠷ ᠠᠳᠬᠤᠵᠤ ᠬᠢᠨ᠎ᠡ᠃ ︽ | 12345︾ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠳᠥᠭᠦᠮ ᠳᠥᠲᠡ | ᠥᠨᠳᠥᠷ ᠪᠦᠲᠦᠮᠵᠢᠲᠡᠢ ᠪᠣᠯᠭᠠᠨ᠎ᠠ᠃ | 23᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠣᠳᠣᠬᠤ ᠬᠢᠨᠠᠯᠲᠠ᠂ ᠨᠡᠶᠢᠭᠡᠮ᠂ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠠᠤᠯᠢ ᠪᠠᠷ ᠵᠠᠰᠠᠬᠤ ᠳᠤᠮᠳᠠᠳᠤ ᠬᠤᠰᠢᠭᠤᠨ ᠤ | ᠪᠠᠶᠢᠭᠤᠯᠤᠯᠲᠠ ᠶᠢ ᠴᠢᠩᠭᠠᠳᠬᠠᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ | ᠭᠦᠨᠵᠡᠭᠡᠢ ᠠᠬᠢᠭᠤᠯᠵᠤ᠂ ᠪᠦᠬᠦ ᠨᠡᠶᠢᠭᠡᠮ ᠢ ᠳᠠᠶᠢᠴᠢᠯᠠᠨ ︽ᠬᠠᠤᠯᠢ ᠶᠣᠰᠣᠭᠠᠷ ᠠᠵᠢᠯᠯᠠᠬᠤ᠂ ᠤᠴᠢᠷ ᠶᠠᠪᠤᠳᠠᠯ | ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ | ᠠᠷᠢᠯᠭᠠᠬᠤ ᠳᠤ ᠬᠠᠤᠯᠢ ᠳᠤ ᠲᠦᠰᠢᠭᠯᠡᠬᠦ︾ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃ | 24᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠴᠢᠩᠭᠠᠳᠬᠠᠨ᠎ᠠ᠃ ︽ | ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠣᠢ ᠪᠣᠯᠭᠠᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ | ᠠᠷᠪᠢᠯᠠᠵᠤ᠂ ᠭᠠᠶᠢᠯᠢ ᠶᠢᠨ ᠢᠷᠡᠯᠲᠡ ᠶᠢ ᠪᠤᠶᠢᠵᠢᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ | ᠴᠢᠩᠭ᠎ᠠ ᠬᠢᠵᠠᠭᠠᠷᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ᠃ | ᠲᠥᠯᠥᠭᠡᠯᠡᠭᠴᠢᠳ ᠡ︕ ᠬᠠᠷᠠᠯᠲᠠ ᠨᠢᠭᠡᠨᠲᠡ ᠲᠣᠭᠲᠠᠵᠠᠢ᠂ ᠵᠠᠮ ᠨᠢᠭᠡᠨᠲᠡ ᠲᠣᠳᠣᠷᠬᠠᠢ ᠪᠣᠯᠵᠠᠢ︕ ᠮᠠᠨ ᠤ | ᠬᠢᠬᠦ ᠭᠡᠪᠡᠯ ᠳᠠᠷᠤᠢ ᠭᠠᠷ ᠢᠶᠠᠨ ᠰᠠᠵᠢᠨ᠂ ᠦᠨᠡᠨ ᠪᠣᠳᠠᠲᠠᠢ ᠪᠠᠷ ᠠᠵᠢᠯᠯᠠᠬᠤ ᠪᠣᠯ ᠳᠠᠷᠤᠢ ᠪᠣᠳᠠᠲᠠᠢ ᠠᠵᠢᠯᠯᠠᠬᠤ | ᠲᠠᠯ᠎ᠠ ᠪᠠᠷ ᠦᠨᠡᠨ ᠪᠣᠳᠠᠲᠠᠢ ᠪᠠᠶᠢᠬᠤ ᠶᠢ ᠢᠯᠡᠷᠡᠭᠦᠯᠵᠦ᠂ ᠨᠠᠶᠢᠳᠠᠪᠤᠷᠢᠵᠢᠭᠤᠯᠬᠤ ᠲᠠᠯ᠎ᠠ ᠪᠠᠷ ᠤᠷᠢᠳ ᠬᠤᠵᠢᠳ ᠢᠶᠠᠷ | ᠲᠡᠮᠡᠴᠡᠬᠦ ᠬᠡᠷᠡᠭᠲᠡᠢ᠃ ᠪᠢᠳᠡ ︽ᠮᠣᠩᠭᠤᠯ ᠮᠣᠷᠢᠨ ᠤ ᠵᠣᠷᠢᠭ ᠰᠠᠨᠠᠭ᠎ᠠ︾᠂ ︽ᠭᠤᠷᠪᠠᠨ ᠤᠮᠠᠷᠠᠲᠤ ᠶᠢᠨ ᠵᠣᠷᠢᠭ | ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ | ᠥᠭᠡᠳᠡᠯᠡᠨ ᠳᠠᠪᠰᠢᠬᠤ ᠵᠣᠷᠢᠭ ᠰᠠᠨᠠᠭ᠎ᠠ᠂ ᠬᠠᠷᠢᠭᠤᠴᠠᠯᠭ᠎ᠠ ᠡᠭᠦᠷᠭᠡᠯᠡᠯ ᠢᠶᠠᠷ ᠦᠨᠡᠨ ᠬᠦ ᠠᠳᠬᠤᠨ ᠪᠣᠳᠠᠲᠠᠢ | ᠠᠵᠢᠯᠯᠠᠵᠤ᠂ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠠᠮᠤᠷ ᠠᠮᠤᠭᠤᠯᠠᠩ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠶ᠎ᠡ︕ |