ᠡᠪᠦᠯ ᠤᠨ ᠤᠯᠠᠷᠢᠯ ᠤᠨ ᠬᠦᠯᠡᠮᠵᠢ ᠶᠢᠨ ᠢᠳᠡᠰᠢᠨ ᠨᠣᠭᠤᠭ᠎ᠠ ᠳᠤ ᠬᠡᠷᠡᠭᠯᠡᠬᠦ ᠪᠣᠷᠳᠣᠭᠤᠷ ᠤᠨ ᠠᠩᠬᠠᠷᠬᠤ ᠵᠦᠢᠯ
ᠨᠡᠶᠢᠲᠡᠯᠡᠭᠰᠡᠨ ᠴᠠᠭ᠄
2024/1/28
   ᠪᠣᠷᠳᠣᠭᠤᠷ ᠣᠷᠣᠭᠤᠯᠬᠤ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠬᠡᠷᠡᠭᠲᠡᠢ᠄ ᠰᠠᠭᠤᠷᠢ ᠪᠣᠷᠳᠣᠭᠤᠷ ᠢ ᠳᠠᠷᠢᠵᠤ ᠰᠠᠭᠤᠷᠢᠰᠢᠭᠤᠯᠬᠤ ᠠᠴᠠ ᠨᠢᠭᠡ ᠭᠠᠷᠠᠭ ᠤᠨ ᠡᠮᠦᠨ᠎ᠡ ᠬᠡᠷᠡᠭᠯᠡᠬᠦ ᠶᠢᠨ ᠬᠠᠮᠲᠤ ᠬᠥᠷᠥᠰᠥ ᠲᠠᠢ ᠵᠢᠭᠳᠡ ᠬᠤᠯᠢᠪᠠᠯ ᠬᠠᠮᠤᠭ ᠰᠠᠶᠢᠨ᠃ ᠪᠣᠷᠳᠣᠭᠤᠷ ᠣᠷᠣᠭᠤᠯᠬᠤ ᠳᠠᠭᠠᠨ ᠤᠷᠭᠤᠮᠠᠯ ᠤᠨ ᠰᠠᠭᠤᠷᠢ ᠠᠴᠠ 7~10 ᠰᠠᠨᠲ᠋ᠢᠮᠧᠳ᠋ᠷ ᠤᠨ ᠵᠠᠶᠢᠲᠠᠢ ᠭᠠᠵᠠᠷ ᠤᠨ ᠭᠤᠤ ᠪᠠᠷ ᠪᠤᠶᠤ ᠨᠦᠬᠡ ᠪᠠᠷ ᠨᠢ ᠨᠡᠮᠡᠵᠦ᠂ ᠨᠡᠮᠡᠭᠰᠡᠨ ᠤ ᠳᠠᠷᠠᠭ᠎ᠠ ᠴᠠᠭ ᠲᠤᠬᠠᠢ ᠳᠤᠨᠢ ᠰᠢᠷᠣᠢ ᠶᠢ ᠨᠢ ᠬᠥᠷᠪᠡᠭᠦᠯᠦᠨ ᠤᠰᠤᠯᠠᠨ᠎ᠠ︔ ᠪᠠᠰᠠ ᠪᠣᠷᠳᠣᠭᠤᠷ ᠢ ᠵᠣᠬᠢᠬᠤ ᠥᠳᠬᠡᠴᠡ ᠪᠠᠷ ᠨᠢ ᠤᠰᠤ ᠶᠢ ᠲᠠᠭᠠᠨ ᠤᠷᠤᠰᠬᠠᠨ ᠣᠷᠣᠭᠤᠯᠵᠤ ᠪᠣᠯᠣᠨ᠎ᠠ᠃   ᠠᠽᠣᠲ ᠲᠥᠯᠥᠪᠲᠦ ᠠᠽᠣᠲ ᠪᠣᠷᠳᠣᠭᠤᠷ ᠢ ᠬᠡᠷᠡᠭᠯᠡᠬᠦ ᠶᠢ ᠴᠠᠭᠠᠵᠠᠯᠠᠨ᠎ᠠ᠄ ᠠᠽᠣᠲ ᠬᠦᠴᠢᠯ ᠤᠨ ᠠᠮᠮᠤᠨᠢ᠂ ᠠᠽᠣᠲ ᠬᠦᠴᠢᠯ ᠤᠨ ᠺᠠᠯᠢ ᠵᠡᠷᠭᠡ ᠠᠽᠣᠲ ᠲᠥᠯᠥᠪᠲᠦ ᠠᠽᠣᠲ ᠪᠣᠷᠳᠣᠭᠤᠷ ᠢ ᠬᠡᠷᠡᠭᠯᠡᠪᠡᠯ᠂ ᠢᠳᠡᠰᠢᠨ ᠨᠣᠭᠤᠭ᠎ᠠ ᠳᠤ ᠠᠮᠠᠷᠬᠠᠨ ᠠᠽᠣᠲ ᠬᠦᠴᠢᠯ ᠤᠨ ᠳᠠᠪᠤᠰᠤ ᠬᠤᠷᠠᠮᠳᠤᠭᠤᠯᠤᠨ᠎ᠠ︔ ᠾᠯᠣᠷ ᠬᠢᠮᠢ ᠶᠢᠨ ᠪᠣᠷᠳᠣᠭᠤᠷ ᠢ ᠣᠷᠣᠭᠤᠯᠬᠤ ᠳᠤ ᠲᠣᠬᠢᠷᠠᠮᠵᠢ ᠦᠭᠡᠢ᠂ ᠤᠴᠢᠷ ᠨᠢ ᠾᠯᠣᠷ ᠢᠶᠤᠨ ᠢᠳᠡᠰᠢᠨ ᠨᠣᠭᠤᠭ᠎ᠠ ᠶᠢᠨ ᠴᠠᠷᠳᠠᠭᠤᠯ ᠵᠢᠴᠢ ᠰᠢᠬᠢᠷ ᠤᠨ ᠠᠭᠤᠯᠤᠭᠳᠠᠴᠠ ᠶᠢ ᠪᠠᠭᠤᠷᠠᠭᠤᠯᠵᠤ᠂ ᠴᠢᠨᠠᠷ ᠴᠢᠨᠰᠠᠭ᠎ᠠ ᠶᠢ ᠮᠠᠭᠤᠳᠠᠭᠤᠯᠤᠨ᠂ ᠤᠨᠠᠯᠲᠠ ᠶᠢ ᠪᠠᠭᠤᠷᠠᠭᠤᠯᠵᠤ᠂ ᠬᠥᠷᠥᠰᠥ ᠰᠢᠷᠣᠢ ᠶᠢ ᠬᠠᠲᠠᠭᠤᠷᠠᠭᠤᠯᠤᠨ᠎ᠠ︔ ᠴᠢᠳᠠᠬᠤ ᠶᠢᠨ ᠳᠣᠲᠣᠷ᠎ᠠ ᠨᠡᠭᠦᠷᠡᠰᠦᠲᠥ᠋ᠷᠥᠭᠴᠢ ᠶᠢᠨ ᠠᠮᠮᠤᠨᠢ ᠶᠢ ᠬᠡᠷᠡᠭᠯᠡᠬᠦ ᠦᠭᠡᠢ᠂ ᠲᠡᠷᠡ ᠨᠢ ᠲᠡᠭᠳᠡᠬᠦ ᠳᠡᠭᠡᠨ ᠨᠠᠪᠴᠢ ᠶᠢ ᠰᠢᠳᠠᠭᠠᠳᠠᠭ᠂ ᠬᠡᠷᠡᠭᠯᠡᠬᠦ ᠴᠢᠬᠤᠯᠠ ᠲᠠᠢ ᠦᠶ᠎ᠡ ᠳᠤ ᠡᠷᠬᠡᠪᠰᠢ ᠭᠤᠤ ᠮᠠᠯᠲᠠᠵᠤ ᠭᠦᠨ ᠣᠷᠣᠭᠤᠯᠤᠨ᠎ᠠ᠂ ᠠᠽᠣᠲ ᠪᠣᠷᠳᠣᠭᠤᠷ ᠣᠷᠣᠭᠤᠯᠬᠤ ᠦᠶ᠎ᠡ ᠳᠤ ᠬᠡᠷᠡᠭᠯᠡᠬᠦ ᠬᠡᠮᠵᠢᠶ᠎ᠡ ᠶᠢ ᠨᠢ ᠬᠢᠵᠠᠭᠠᠷᠯᠠᠬᠤ ᠬᠡᠷᠡᠭᠲᠡᠢ᠃ ᠠᠮᠢ ᠠᠬᠤᠢ ᠶᠢᠨ ᠣᠷᠭᠠᠨᠢᠭ ᠪᠣᠷᠳᠣᠭᠤᠷ ᠣᠷᠣᠭᠤᠯᠬᠤ᠄ ᠡᠪᠦᠯ ᠤᠨ ᠤᠯᠠᠷᠢᠯ ᠬᠦᠯᠡᠮᠵᠢ ᠳᠤ ᠪᠣᠷᠳᠣᠭᠤᠷ ᠣᠷᠣᠭᠤᠯᠬᠤ ᠳᠤ᠂ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠢᠰᠬᠡᠭᠰᠡᠨ ᠤ ᠳᠠᠷᠠᠭ᠎ᠠ ᠦᠢᠯᠡᠳᠪᠦᠷᠢᠯᠡᠭᠰᠡᠨ ᠠᠮᠢ ᠠᠬᠤᠢ ᠶᠢᠨ ᠣᠷᠭᠠᠨᠢᠭ ᠪᠣᠷᠳᠣᠭᠤᠷ ᠢ ᠣᠷᠣᠭᠤᠯᠪᠠᠯ ᠬᠠᠮᠤᠭ ᠰᠠᠶᠢᠨ᠃ ᠲᠤᠰ ᠵᠦᠢᠯ ᠤᠨ ᠪᠣᠷᠳᠣᠭᠤᠷ ᠢ ᠬᠦᠯᠡᠮᠵᠢ ᠳᠤ ᠬᠡᠷᠡᠭᠯᠡᠪᠡᠯ᠂ ᠢᠳᠡᠰᠢᠨ ᠨᠣᠭᠤᠭ᠎ᠠ ᠳᠤ ᠠᠽᠣᠲ ᠢ ᠲᠣᠭᠲᠠᠪᠤᠷᠢᠵᠢᠭᠤᠯᠬᠤ᠂ ᠹᠣᠰᠹᠣᠷ ᠢ ᠲᠠᠶᠢᠯᠬᠤ᠂ ᠺᠠᠯᠢ ᠶᠢ ᠲᠠᠶᠢᠯᠬᠤ ᠦᠢᠯᠡᠳᠦᠯ ᠲᠠᠢ ᠪᠥᠭᠡᠳ ᠪᠠᠰᠠ ᠲᠠᠷᠢᠶᠠᠨ ᠡᠮ ᠪᠣᠯᠣᠨ ᠬᠢᠮᠢ ᠶᠢᠨ ᠪᠣᠷᠳᠣᠭᠤᠷ ᠤᠨ ᠦᠯᠡᠳᠡᠭᠳᠡᠯ ᠪᠣᠳᠠᠰ ᠢ ᠵᠠᠳᠠᠷᠠᠭᠤᠯᠵᠤ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠳᠡᠭ᠃ ᠪᠢᠴᠢᠯ ᠪᠣᠷᠳᠣᠭᠤᠷ ᠢ ᠵᠣᠬᠢᠬᠤ ᠬᠡᠮᠵᠢᠶ᠎ᠡ ᠪᠠᠷ ᠬᠡᠷᠡᠭᠯᠡᠬᠦ ᠬᠡᠷᠡᠭᠲᠡᠢ᠄ ᠪᠢᠴᠢᠯ ᠡᠯᠧᠮᠧᠨ᠋ᠲ ᠤᠨ ᠪᠣᠷᠳᠣᠭᠤᠷ ᠤᠨ ᠢᠳᠡᠰᠢᠨ ᠨᠣᠭᠤᠭ᠎ᠠ ᠳᠤ ᠬᠡᠷᠡᠭᠰᠡᠬᠦ ᠬᠡᠮᠵᠢᠶ᠎ᠡ ᠨᠢ ᠬᠡᠳᠦ᠋ᠢᠪᠡᠷ ᠪᠠᠭ᠎ᠠ ᠪᠣᠯᠪᠠᠴᠤ ᠲᠡᠭᠦᠨ ᠤ ᠢᠳᠡᠰᠢᠨ ᠨᠣᠭᠤᠭ᠎ᠠ ᠶᠢᠨ ᠰᠣᠯᠢᠯᠴᠠᠭ᠎ᠠ ᠳᠤ ᠦᠵᠡᠭᠦᠯᠬᠦ ᠦᠢᠯᠡᠳᠦᠯ ᠨᠢ ᠬᠠᠷᠢᠨ ᠮᠠᠰᠢ ᠶᠡᠭᠡ ᠪᠠᠶᠢᠳᠠᠭ᠃    ᠣᠳᠣᠬᠠᠨ ᠳᠤ ᠬᠡᠷᠡᠭᠯᠡᠵᠦ ᠪᠠᠶᠢᠭ᠎ᠠ ᠭᠤᠣᠯ ᠪᠢᠴᠢᠯ ᠪᠣᠷᠳᠣᠭᠤᠷ ᠭᠡᠪᠡᠯ ᠪᠤᠷ᠂ ᠮᠣᠯᠢᠪᠳᠧᠨ᠂ ᠴᠠᠶᠢᠷ᠂ ᠲᠡᠮᠦᠷ ᠤᠨ ᠪᠣᠷᠳᠣᠭᠤᠷ ᠵᠡᠷᠭᠡ ᠪᠤᠢ᠃ ᠪᠢᠴᠢᠯ ᠪᠣᠷᠳᠣᠭᠤᠷ ᠢᠶᠠᠷ ᠣᠯᠠᠩᠬᠢ ᠳᠠᠭᠠᠨ ᠰᠠᠭᠤᠷᠢ ᠪᠣᠷᠳᠣᠭᠤᠷ ᠬᠢᠳᠡᠭ᠂ ᠪᠠᠰᠠ ᠦᠷ᠎ᠡ ᠬᠤᠯᠢᠬᠤ᠂ ᠦᠷ᠎ᠡ ᠳᠡᠪᠲᠦᠭᠡᠬᠦ ᠪᠤᠶᠤ ᠦᠨᠳᠦᠰᠦ ᠶᠢᠨ ᠭᠠᠳᠠᠨ᠎ᠠ ᠪᠣᠷᠳᠣᠭᠤᠷ ᠨᠡᠮᠡᠬᠦ ᠳᠤ ᠬᠡᠷᠡᠭᠯᠡᠵᠦ ᠪᠣᠯᠣᠨ᠎ᠠ᠃ ᠪᠢᠴᠢᠯ ᠪᠣᠷᠳᠣᠭᠤᠷ ᠵᠣᠬᠢᠬᠤ ᠬᠡᠮᠵᠢᠶ᠎ᠡ ᠪᠠ ᠬᠡᠮᠵᠢᠶ᠎ᠡ ᠠᠴᠠ ᠬᠡᠲᠦᠷᠡᠬᠦ ᠶᠢᠨ ᠬᠤᠭᠤᠷᠣᠨᠳᠣᠬᠢ ᠬᠡᠪᠴᠢᠶ᠎ᠡ ᠨᠢ ᠨᠡᠯᠢᠶᠡᠳ ᠢᠪᠴᠤᠤ᠂ ᠬᠡᠷᠡᠭᠯᠡᠬᠦ ᠬᠡᠮᠵᠢᠶ᠎ᠡ ᠨᠢ ᠵᠠᠪᠠᠯ ᠣᠨᠣᠪᠴᠢᠲᠠᠶ ᠪᠠᠶᠢᠬᠤ ᠬᠡᠷᠡᠭᠲᠡᠢ᠃ ᠬᠡᠢ ᠪᠣᠷᠳᠣᠭᠤᠷ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠬᠦ ᠬᠡᠷᠡᠭᠲᠡᠢ᠄ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯ ᠤᠷᠭᠤᠮᠠᠯ ᠤᠨ ᠭᠡᠷᠡᠯ ᠤᠨ ᠨᠡᠶᠢᠯᠡᠯᠭᠡ ᠶᠢᠨ ᠦᠢᠯᠡᠳᠦᠯ ᠤᠨ ᠭᠤᠣᠯ ᠲᠦᠭᠦᠬᠡᠢ ᠮᠠᠲ᠋ᠧᠷᠢᠶᠠᠯ ᠮᠥᠨ᠂ ᠬᠦᠯᠡᠮᠵᠢ ᠶᠢᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠣᠷᠳᠣᠭᠤᠷ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠬᠦ ᠨᠢ ᠲᠦᠢᠯ ᠤᠨ ᠴᠢᠬᠤᠯᠠ᠂ ᠤᠨᠠᠯᠲᠠ ᠶᠢ ᠨᠡᠮᠡᠭᠳᠡᠭᠦᠯᠵᠦ ᠴᠢᠨᠠᠷ ᠢ ᠳᠡᠭᠡᠭᠰᠢᠯᠡᠭᠦᠯᠬᠦ ᠦᠢᠯᠡᠳᠦᠯ ᠨᠢ ᠢᠯᠡᠷᠬᠡᠢ ᠪᠠᠶᠢᠳᠠᠭ᠃    ᠹᠣᠰᠹᠣᠷ ᠬᠦᠴᠢᠯ ᠤᠨ ᠬᠤᠶᠠᠷᠴᠢ ᠠᠮᠮᠤᠨᠢ ᠶᠢ ᠨᠡᠮᠡᠨ ᠣᠷᠣᠭᠤᠯᠬᠤ ᠨᠢ ᠲᠣᠬᠢᠷᠠᠮᠵᠢ ᠦᠭᠡᠢ᠂ ᠤᠴᠢᠷ ᠨᠢ ᠹᠣᠰᠹᠣᠷ ᠬᠦᠴᠢᠯ ᠤᠨ ᠬᠤᠶᠠᠷᠴᠢ ᠠᠮᠮᠤᠨᠢ ᠶᠢ ᠭᠡᠳᠦᠷᠡᠳᠡᠯ᠎ᠡ ᠭᠡᠷᠡᠭᠯᠡᠪᠡᠯ ᠠᠮᠮᠤᠨᠢ ᠶᠢᠨ ᠲᠦᠯᠦᠪᠳᠦ ᠠᠽᠤᠲ ᠢᠯᠡᠬᠦᠳᠡᠵᠦ᠂ ᠭᠠᠵᠠᠷ ᠤᠨ ᠳᠤᠯᠠᠭᠠᠨ ᠢ ᠨᠥᠯᠥᠭᠡᠯᠡᠬᠦ ᠪᠠᠷ ᠪᠠᠷᠠᠬᠤ ᠦᠭᠡᠢ᠂ ᠪᠦᠷᠬᠦᠭ ᠡᠳᠦᠷ ᠠᠭᠠᠷ ᠤᠨ ᠬᠥᠨᠥᠭᠡᠯ ᠡᠭᠦᠰᠬᠡᠵᠦ ᠮᠡᠳᠡᠨ᠎ᠡ᠃ ᠡᠶᠢᠮᠦ ᠠᠴᠠ ᠡᠪᠦᠯ ᠤᠨ ᠤᠯᠠᠷᠢᠯ ᠳᠤ ᠬᠦᠯᠡᠮᠵᠢ ᠶᠢᠨ ᠢᠳᠡᠰᠢᠨ ᠨᠣᠭᠤᠭ᠎ᠠ ᠳᠤ ᠪᠣᠷᠳᠣᠭᠤᠷ ᠣᠷᠣᠭᠤᠯᠬᠤ ᠦᠶ᠎ᠡ ᠳᠤ᠂ ᠲᠠᠷᠢᠶᠠᠴᠢᠨ ᠡᠷᠤᠭᠡ ᠲᠡᠩᠴᠡᠭᠦᠷᠢᠲᠡᠢ ᠪᠣᠷᠳᠣᠭᠤᠷ ᠣᠷᠣᠭᠤᠯᠬᠤ ᠬᠡᠷᠡᠭᠲᠡᠢ᠂ ᠬᠦᠯᠡᠮᠵᠢ ᠶᠢᠨ ᠬᠥᠷᠥᠰᠥᠨ ᠳᠤ ᠹᠣᠰᠹᠣᠷ ᠡᠯᠪᠡᠭ ᠠᠭᠤᠯᠤᠭᠳᠠᠬᠤ ᠦᠶ᠎ᠡ ᠳᠤ᠂ ᠬᠠᠮᠤᠭ ᠰᠠᠶᠢᠨ ᠨᠢ ᠰᠣᠬᠤᠷ ᠪᠠᠯᠠᠢ ᠪᠠᠷ ᠹᠣᠰᠹᠣᠷ ᠬᠦᠴᠢᠯ ᠤᠨ ᠬᠤᠶᠠᠷᠴᠢ ᠠᠮᠮᠤᠨᠢ ᠶᠢ ᠨᠡᠮᠡᠨ ᠤᠷᠤᠭᠤᠯᠵᠤ ᠪᠤᠯᠬᠤ ᠦᠭᠡᠢ᠂ ᠢᠳᠡᠰᠢᠨ ᠨᠣᠭᠤᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠰᠢᠭᠲᠠᠢ ᠪᠠᠶᠢᠯᠭᠠᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号