ᠦᠰᠦᠭ ᠪᠢᠴᠢᠭ ᠤᠨ ᠳᠠᠶᠢᠯᠤᠮᠵᠢ᠄ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠎ ᠤᠨ ᠳᠠᠶᠢᠯᠤᠮᠵᠢ ︵ᠬᠤᠶᠠᠷ︶
ᠨᠡᠶᠢᠲᠡᠯᠡᠭᠰᠡᠨ ᠴᠠᠭ᠄
2024/1/29
   ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠬᠢᠵᠦ᠂ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ︾ ᠠᠵᠢᠯ ᠤᠨ ᠰᠡᠳᠬᠢᠮᠵᠢ ᠶᠢ ᠰᠠᠶᠢᠲᠤᠷ ᠨᠠᠶᠢᠳᠠᠪᠤᠷᠢᠵᠢᠭᠤᠯᠵᠤ᠂ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ︽ᠠᠮᠢ ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ ᠬᠥᠭᠵᠢᠭᠦᠯᠵᠦ᠂ ᠵᠢᠭᠤᠯᠴᠢᠯᠠᠯ ᠢ ᠠᠬᠢᠭᠤᠯᠬᠤ︾ ᠬᠥᠭᠵᠢᠯᠲᠡ ᠶᠢᠨ ᠱᠠᠭᠠᠷᠳᠠᠯᠭ᠎ᠠ ᠶᠢ ᠰᠠᠶᠢᠲᠤᠷ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃   ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5% ᠣᠷᠴᠢᠮ ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠪᠦᠷᠢ 6% ᠪᠠ 9% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4% ᠣᠷᠴᠢᠮ ᠨᠡᠮᠡᠭᠳᠡᠭᠦᠯᠦᠨ᠎ᠡ᠃ᠭᠤᠤᠯᠳᠠᠭᠤ 8 ᠲᠠᠯ᠎ᠠ ᠪᠠᠷ 24 ᠵᠦᠢᠯ ᠤᠨ ᠠᠵᠢᠯ ᠢ ᠰᠠᠶᠢᠲᠤᠷ ᠬᠢᠨ᠎ᠡ᠃    ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠢᠵᠢᠮ ᠢ ᠲᠤᠤᠱᠯᠠᠭᠤᠯᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾᠎ ᠶᠢ ᠪᠦᠲᠦᠭᠡᠨ ᠪᠠᠶᠢᠭᠤᠯᠤᠨ᠎ᠠ    1. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠥᠯᠥᠪᠯᠡᠭᠡ ᠶᠢ ᠬᠡᠷᠡᠭᠵᠢᠭᠦᠯᠵᠦ᠂ ︽ᠬᠤᠪᠢᠰᠬᠠᠯᠲᠦ ᠬᠢᠩᠭᠠᠨ︾᠂ ︽ᠪᠤᠬᠢᠷᠳᠤᠯ ᠦᠬᠡᠢ ᠬᠢᠩᠭᠠᠨ︾᠎ ᠢ ᠨᠢᠭᠡ ᠴᠣᠭᠴᠠᠵᠢᠭᠤᠯᠤᠭᠰᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠢ ᠪᠠᠶᠢᠭᠤᠯᠤᠨ᠎ᠠ᠃    2. ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠶᠢᠨ ᠠᠭᠤᠰᠤᠯᠴᠠᠯ ᠢ ᠠᠬᠢᠭᠤᠯᠤᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠠᠭᠤᠰᠤᠯᠴᠠᠬᠤ ︽ᠭᠤᠷᠪᠠᠨ ᠵᠦᠢᠯ ᠤᠨ ᠲᠥᠯᠥᠪᠯᠡᠭᠡ︾᠎ ᠶᠢ ᠬᠡᠷᠡᠭᠵᠢᠭᠦᠯᠵᠦ᠂ ︽ᠠᠨᠠᠷ ᠤᠨ ᠦᠷ᠎ᠡ ᠮᠡᠲᠦ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠬᠤᠪᠢᠰᠬᠠᠯ ᠤᠨ ᠬᠥᠮᠦᠵᠢᠯ ᠤᠨ ︽ᠠᠷᠪᠠᠨ ᠨᠢᠭᠡ︾᠎ ᠶᠢᠨ ᠰᠢᠷᠢᠰ ᠠᠵᠢᠯᠯᠠᠭ᠎ᠠ ᠶᠢ ᠦᠷᠨᠢᠬᠦᠯᠦᠨ᠎ᠡ᠃   3. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠤᠯᠭᠠᠬᠤ ︽ᠨᠠᠢᠮᠠ ᠎ ᠳᠤ ᠣᠷᠣᠭᠤᠯᠬᠤ︾ ᠠᠵᠢᠯᠯᠠᠭ᠎ᠠ ᠪᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾᠎ ᠶᠢ ᠴᠢᠷᠮᠠᠶᠢᠨ ᠡᠬᠦᠳᠦᠨ᠎ᠡ᠃      ︵ᠬᠤᠶᠠᠷ︶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ    4᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠎ᠡ᠃ ︽ᠲᠠᠪᠤᠨ ᠶᠡᠭᠡ ᠡᠭᠦᠷᠭᠡ︾ ᠪᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ︽ᠰᠠᠨᠠᠯ︾᠎ ᠤᠨ ᠠᠰᠢᠭᠲᠠᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 103 ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 400 ᠳ᠋ᠦᠩᠰᠢᠭᠤᠷ ᠲᠥᠭᠦᠷᠢᠭ ᠢ ᠳᠠᠪᠠᠵᠤ᠂ ᠵᠢᠯ ᠳᠤ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠳᠡᠭᠡᠳᠦ ᠱᠠᠲᠤᠨ ᠠᠴᠠ ᠳᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠰᠢᠨᠡᠴᠢᠯᠡᠯᠲᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠴᠢᠳᠠᠪᠤᠷᠢ ᠶᠢᠨ ᠪᠠᠶᠢᠭᠤᠯᠤᠯᠲᠠ ᠪᠠ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ ᠲᠣᠭᠲᠠᠭᠠᠵᠤ᠂ ᠪᠦᠬᠦ ᠵᠢᠯ ᠳᠤ ᠳᠡᠭᠡᠳᠦ ᠱᠠᠲᠤᠨ ᠠᠴᠠ 40 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠣᠯᠬᠤ ᠪᠠᠷ ᠴᠢᠷᠮᠠᠶᠢᠨ᠎ᠠ᠃   5᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠳᠥᠷᠪᠡᠨ ᠤᠯᠠᠷᠢᠯ ᠤᠨ ᠠᠵᠢᠯᠯᠠᠭ᠎ᠠ︾᠎ ᠶᠢ ᠥᠷᠨᠢᠭᠦᠯᠵᠦ᠂ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠶᠢ ᠲᠦᠷᠭᠡᠳᠬᠡᠨ᠂ ᠬᠠᠤᠯᠢ ᠪᠤᠰᠤ ᠪᠠᠷ ᠪᠠᠷᠢᠯᠭ᠎ᠠ ᠪᠠᠷᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠶᠡᠷᠦᠩᠬᠡᠢ ᠪᠡᠯᠡ ᠣᠷᠣᠭᠤᠯᠤᠯᠲᠠ ᠨᠢ 290 ᠳ᠋ᠦᠩᠰᠢᠭᠤᠷ ᠲᠥᠭᠦᠷᠢᠭ ᠤᠨ 31 ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠦᠬᠦ ᠵᠢᠯ ᠳᠤ 60 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ︽ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ︾᠎ ᠤ ᠲᠣᠭᠤᠷᠢᠨ ᠳᠤ᠂ ᠮᠢᠩᠭᠠᠨ ᠲᠦᠮᠡᠨ ᠺᠢᠯᠣᠸᠠᠲ ᠤᠨ ᠳᠡᠰ ᠤᠨ ᠴᠡᠪᠡᠷ ᠡᠨᠧᠷᠭᠢ ᠶᠢᠨ ᠰᠠᠭᠤᠷᠢᠨ ᠢ ᠪᠠᠶᠢᠭᠤᠯᠵᠤ᠂ ᠨᠡᠭᠡᠭᠡᠨ ᠬᠥᠭᠵᠢᠭᠦᠯᠬᠦ᠂ ᠦᠢᠯᠡᠳᠬᠦ᠂ ᠴᠠᠬᠢᠯᠭᠠᠨ ᠲᠣᠣᠷ᠂ ᠪᠠᠭᠲᠠᠭᠠᠨ ᠰᠢᠩᠭᠡᠭᠡᠬᠦ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠰᠢᠨ᠎ᠡ ᠡᠨᠧᠷᠭᠢ ᠶᠢᠨ ᠲᠥᠷᠥᠯ ᠵᠦᠢᠯ ᠢ 4 ᠬᠡᠷᠡᠭᠵᠢᠭᠦᠯᠵᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 228 ᠲᠦᠮᠡᠨ ᠺᠢᠯᠣᠸᠠᠲ ᠪᠣᠯᠵᠣ᠂ ᠡᠨᠧᠷᠭᠢ ᠬᠠᠳᠠᠭᠠᠯᠠᠬᠤ ᠲᠤᠰᠠᠭᠠᠷ ᠴᠠᠬᠢᠯᠭᠠᠨ ᠥᠷᠲᠡᠭᠡ ᠶᠢ ᠪᠠᠶᠢᠭᠤᠯᠵᠤ᠂ ᠯᠢᠦᠢ ᠳ᠋ᠦ᠋ —  ᠫᠢᠩ ᠴᠤᠸᠠᠨ ᠬᠦᠷᠬᠦ ᠭᠠᠳᠠᠭᠰᠢ ᠬᠦᠷᠭᠡᠬᠦ ᠨᠡᠪᠲᠡᠷᠡᠯ ᠱᠤᠭᠤᠮ 2 ᠵᠤᠷᠪᠤᠰ᠂ ᠬᠦᠷᠭᠡᠵᠦ ᠭᠠᠷᠭᠠᠬᠤ ᠵᠠᠮ ᠱᠤᠭᠤᠮ ᠤᠨ ᠢᠨᠵᠧᠨᠧᠷᠢᠩ ᠢ 4 ᠵᠤᠷᠪᠤᠰ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠠᠳᠬᠤᠵᠤ᠂ ᠵᠢᠯ ᠳᠤ 30 ᠲᠦᠮᠡᠨ ᠲᠣᠨ ᠴᠠᠷᠰᠦ ᠶᠢᠨ ᠲᠦᠭᠦᠬᠡᠢ ᠮᠠᠲ᠋ᠧᠷᠢᠶᠠᠯ ᠢ ᠠᠭᠰᠢᠷᠠᠭᠤᠯᠬᠤ ᠰᠢᠩᠭᠡᠨ ᠦᠢᠯᠡᠳᠪᠦᠷᠢᠯᠡᠬᠦ ᠵᠢᠴᠢ ᠢᠵᠢ ᠪᠦᠷᠢᠳᠦᠭᠦᠯᠬᠦ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃   6᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠨ᠎ᠠ᠃ ︽ᠲᠥᠷᠥᠯ ᠵᠦᠢᠯ ᠢᠶᠠᠷ ᠭᠤᠣᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠴᠢᠬᠤᠯᠠ ᠪᠣᠯᠭᠠᠬᠤ︾᠎ ᠶᠢ ᠪᠠᠷᠢᠮᠲᠠᠯᠠᠵᠤ᠂ ︽ᠪᠦᠬᠦ ᠠᠷᠠᠳ ᠪᠦᠬᠦ ᠣᠷᠣᠨ ᠪᠦᠰᠡ ᠪᠦᠬᠦ ᠬᠦᠴᠦᠨ︾᠎ ᠢᠶᠠᠷ ᠶᠡᠭᠡ ᠬᠤᠳᠠᠯᠳᠤᠭᠠᠴᠢᠨ ᠤᠷᠢᠬᠤ ᠪᠠᠶᠢᠷᠢᠰᠢᠯ ᠢ ᠪᠣᠢ ᠪᠣᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠨᠢᠭᠡ ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠰᠦᠪᠡᠭᠴᠢᠯᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ ᠳᠤ ᠢᠳᠡᠪᠬᠢᠲᠡᠢ ᠪᠠᠷ ᠠᠭᠤᠰᠤᠯᠴᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠣᠷᠣᠨ ᠪᠦᠰᠡ ᠶᠢᠨ ᠬᠠᠷᠢᠯᠴᠠᠨ ᠬᠠᠷᠠᠭᠠᠯᠵᠠᠬᠤ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠤᠯᠢᠩᠭᠤᠤᠯ ᠬᠤᠳᠠ᠂ ᠹᠦᠸᠧ ᠱᠠᠨ ᠬᠤᠲᠠ ᠶᠢᠨ ᠴᠠᠨ ᠴᠧᠩ ᠲᠣᠭᠤᠷᠢᠭ ᠤᠨ ᠨᠥᠬᠦᠷᠰᠡᠭ ᠬᠤᠲᠠ ᠶᠢᠨ ᠬᠤᠭᠤᠷᠣᠨᠳᠣᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ 2 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠬᠦᠯᠦᠨ᠎ᠡ᠃ ᠰᠢᠩ ᠲᠦᠩ ᠨᠡᠭᠦᠷᠡᠰᠦᠨ ᠤ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠦᠷᠭᠡᠳᠭᠡᠵᠤ᠂ ᠲᠠᠢ ᠮᠧᠩ ᠠᠭᠤᠷᠬᠠᠢ ᠶᠢᠨ ᠦᠢᠯᠡᠰ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠨ᠎ᠠ᠃ ᠵᠠᠮᠴᠢᠨ ᠲᠤᠭᠤᠯᠭ᠎ᠠ ᠴᠠᠶᠢᠷ ᠤᠨ ᠠᠭᠤᠷᠬᠠᠢ᠂ ᠲᠦᠰᠢᠶᠡᠲᠦ ᠮᠣᠷᠢᠨ ᠤᠷᠤᠯᠳᠤᠭᠠᠨ ᠤ ᠲᠠᠯᠠᠪᠠᠢ ᠵᠡᠷᠭᠡ ᠰᠤᠯᠠ ᠡᠬᠢ ᠪᠠᠶᠠᠯᠢᠭ ᠢ ᠠᠮᠢᠯᠠᠭᠤᠯᠤᠨ᠎ᠠ᠃   7᠂ ᠪᠡᠯᠡ ᠣᠷᠣᠭᠤᠯᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ︽ᠬᠥᠮᠦᠨ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠶᠠᠪᠤᠳᠠᠯ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ  ᠬᠤᠯᠪᠤᠭᠳᠠᠬᠤ︾ ᠣᠶᠢᠯᠠᠭᠠᠭᠳᠠᠬᠤᠨ ᠢ ᠪᠣᠢ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠤᠢ ᠪᠣᠯᠭᠠᠨ᠎ᠠ᠃ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠪᠦᠲᠦᠭᠡᠵᠦ ᠳᠠᠭᠤᠰᠬᠠᠬᠤ︾ ᠲᠣᠭᠤᠷᠢᠨ ᠳᠤ᠂ ︽ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ᠂ ᠳᠤᠲᠠᠭᠳᠠᠬᠤ ᠵᠦᠢᠯᠡᠰ ᠢ ᠠᠮᠠᠯᠠᠬᠤ᠂ ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠨ ᠭᠦᠢᠴᠡᠳᠬᠡᠬᠦ ᠠᠴᠠ ᠬᠡᠯᠲᠦᠷᠢᠭᠦᠯᠬᠦ︾ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠠᠵᠤ ᠠᠬᠤᠶᠢᠯᠠᠯ ᠳᠤ ᠨᠡᠩ ᠶᠡᠭᠡ ᠬᠡᠮᠵᠢᠶ᠎ᠡ ᠪᠠᠷ ᠠᠰᠢᠭᠲᠠᠢ ᠠᠷᠠᠳ ᠲᠤ ᠳᠥᠭᠦᠮ ᠦᠵᠡᠭᠦᠯᠦᠨ᠎ᠡ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠨ ᠵᠥᠪᠳᠡᠯᠴᠡᠵᠦ ᠬᠠᠮᠲᠤᠷᠠᠨ ᠬᠢᠨᠠᠬᠤ ᠶᠢ ᠴᠢᠩᠭᠠᠳᠬᠠᠵᠤ᠂ ︽ᠨᠢᠭᠤᠷᠳᠠᠬᠤ︾ ︽ᠳᠤᠰᠬᠠᠶᠢᠵᠢᠬᠤ︾ ︽ᠴᠢᠭᠳᠡᠬᠦᠯᠬᠦ︾ ᠪᠥᠬᠦ ᠦᠶᠡᠯᠡᠯ ᠤᠨ ᠬᠤᠭᠤᠴᠠᠭᠠᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠬᠠᠩᠭᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠲᠣᠣᠷ ᠤᠨ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠵᠠᠰᠠᠭ ᠤᠨ ᠣᠷᠳᠣᠨ ᠢ ᠦᠨᠡᠯᠡᠬᠦ᠂ ᠨᠡᠶᠢᠭᠡᠮ ᠤᠨ ᠦᠨᠡᠨᠴᠢ ᠢᠲᠡᠭᠡᠮᠵᠢ ᠶᠢ ᠦᠨᠡᠯᠡᠬᠦ᠂ ᠢᠲᠡᠭᠡᠯ ᠠᠯᠳᠠᠭᠰᠠᠳ ᠢ ᠢᠯᠡᠴᠢᠯᠡᠬᠦ ᠪᠠ ᠵᠠᠯᠬᠠᠭᠠᠨ ᠴᠡᠭᠡᠷᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠲᠡᠭᠡᠮᠵᠢᠲᠦ ᠬᠤᠰᠢᠭᠤ ᠶᠢ ᠡᠭᠦᠳᠦᠨ ᠪᠠᠶᠢᠭᠤᠯᠤᠨ᠎ᠠ᠃   ︵ᠭᠤᠷᠪᠠ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ   8᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠢ ᠰᠠᠶᠢᠲᠤᠷ ᠬᠢᠨ᠎ᠡ᠃ ᠠᠭᠤᠯᠠ ᠤᠰᠤ ᠣᠢ ᠮᠣᠳᠣ ᠭᠠᠵᠠᠷ ᠳᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠠᠮᠢ ᠠᠬᠤᠢ ᠶᠢ ᠴᠢᠬᠤᠯᠠᠴᠢᠯᠠᠬᠤ︾᠎ ᠳᠤ ᠰᠠᠭᠤᠷᠢᠯᠠᠵᠤ᠂ ︽123457︾ ᠵᠠᠰᠠᠯᠳᠠ ᠶᠢᠨ ᠲᠥᠰᠦᠯ ᠢ ᠨᠠᠶᠢᠳᠠᠪᠤᠷᠢᠵᠢᠭᠤᠯᠵᠤ᠂ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃  ᠮᠠ ᠢ ᠣᠢ ᠰᠢᠭᠤᠢ᠂ ᠬᠥᠮᠦᠨ ᠤ ᠬᠦᠴᠦ ᠪᠠᠷ 7 ᠲᠦᠮᠡᠨ ᠮᠤ᠋ ᠣᠶᠢᠵᠢᠭᠤᠯᠵᠤ᠂ ᠬᠥᠮᠦᠨ ᠤ ᠬᠦᠴᠦ ᠪᠠᠷ 7 ᠲᠦᠮᠡᠨ ᠮᠤ᠋ ᠡᠪᠡᠰᠦ ᠲᠠᠷᠢᠵᠤ᠂ 14 ᠲᠦᠮᠡᠨ ᠮᠤ᠋ ᠲᠠᠴᠢᠷᠳᠠᠭᠰᠠᠨ ᠣᠢ ᠡᠪᠡᠰᠦ ᠶᠢ ᠰᠡᠷᠭᠦᠭᠡᠨ ᠵᠠᠰᠠᠵᠤ᠂ 22 ᠲᠦᠮᠡᠨ ᠮᠤ᠋ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠵᠦ᠂ ᠶᠡᠷᠦᠩᠬᠡᠢ ᠵᠠᠰᠠᠭᠰᠠᠨ ᠲᠠᠯᠠᠪᠠᠢ ᠶᠢ 50 ᠲᠦᠮᠡᠨ ᠮᠤ᠋ ᠳᠤ ᠬᠦᠷᠭᠡᠨ᠎ᠡ᠃ ︽ᠪᠤᠲᠠᠯᠢᠭ ᠮᠣᠳᠣ+︾ ᠵᠠᠭᠪᠤᠷ ᠢ ᠬᠡᠷᠡᠭᠯᠡᠨ᠂ 539 ᠬᠡᠰᠡᠭ 5.9 ᠲᠦᠮᠡᠨ ᠮᠦ ᠢᠯᠡ ᠡᠯᠡᠰᠦ ᠮᠠᠩᠬ᠎ᠠ ᠶᠢ ᠪᠦᠷᠢᠨ ᠤᠰᠠᠳᠬᠠᠬᠤ ᠶᠢ ᠦᠨᠡᠨᠬᠦ ᠪᠠᠲᠤᠯᠠᠵᠤ᠂ ︽ᠡᠯᠡᠰᠦ ᠮᠠᠩᠬ᠎ᠠ ᠶᠢ ᠤᠰᠠᠳᠬᠠᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾᠎ ᠶᠢ ᠪᠡᠶᠡᠯᠡᠭᠦᠯᠦᠨ᠎ᠡ᠃ ᠡᠮᠦᠨ᠎ᠡ ᠭᠤᠷᠪᠠᠨ ᠰᠤᠮᠤ ᠶᠢᠨ ︽ᠦᠢᠯᠡᠳᠪᠦᠷᠢᠯᠡᠯ ᠠᠮᠢᠳᠤᠷᠠᠯ ᠠᠮᠢ ᠠᠬᠤᠢ︾᠎ ᠶᠢ ᠠᠭᠤᠰᠤᠯᠴᠠᠭᠤᠯᠤᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 6 ᠡᠯᠡᠰᠦ ᠶᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠪᠠ 2 ᠬᠤᠵᠢᠷᠯᠢᠭ ᠢ ᠵᠠᠰᠠᠬᠤ ᠲᠤᠷᠰᠢᠯᠲᠠ ᠶᠢᠨ ᠰᠠᠭᠤᠷᠢᠨ ᠢ ᠪᠠᠶᠢᠭᠤᠯᠤᠨ᠎ᠠ᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠢ ᠬᠡᠷᠡᠭᠵᠢᠭᠦᠯᠵᠦ᠂ ᠵᠦᠩ ᠭᠤᠸᠠᠩ ᠾᠧ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠤ ᠰᠢᠨ᠎ᠡ ᠡᠨᠧᠷᠭᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ︽ᠭᠡᠷᠡᠯ ᠴᠡᠨᠡᠭ+︾᠎ ᠢ ᠨᠢᠭᠡ ᠴᠣᠭᠴᠠᠵᠢᠭᠤᠯᠤᠭᠰᠠᠨ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠠᠭᠤᠯᠠᠨ ᠦᠶᠡᠷ ᠤᠨ ᠭᠤᠤ ᠶᠢ ᠵᠠᠰᠠᠬᠤ᠂ ᠬᠥᠷᠥᠰᠥ ᠰᠢᠷᠣᠢ ᠶᠢ ᠬᠠᠮᠠᠭᠠᠯᠠᠬᠤ 5 ᠲᠥᠷᠥᠯ ᠵᠦᠢᠯ ᠢ ᠬᠡᠷᠡᠭᠵᠢᠭᠦᠯᠵᠦ᠂ ᠢᠳᠡᠭᠳᠡᠮᠡᠯ ᠭᠤᠤ ᠶᠢ 295 ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ 41 ᠡᠵᠡᠨ ᠦᠭᠡᠢ ᠠᠭᠤᠷᠬᠠᠢ ᠶᠢ ᠵᠠᠰᠠᠨ ᠰᠡᠷᠬᠦᠬᠡᠨ᠎ᠡ᠃ ᠬᠤᠤᠯᠢᠨ ᠭᠤᠤᠯ ᠤᠨ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠴᠢᠩᠭ᠎ᠠ ᠠᠩᠬᠠᠷᠴᠤ᠂ 2025 ᠣᠨ ᠤ ᠬᠡᠷᠡᠭᠵᠢᠭᠦᠯᠬᠦ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠨ᠎ᠠ᠃ ︽ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ︾᠎ ᠢ ᠨᠠᠶᠢᠳᠠᠪᠤᠷᠢᠵᠢᠭᠤᠯᠵᠤ᠂ ᠬᠤᠯᠠᠭᠠᠶᠢᠯᠠᠨ ᠮᠠᠯᠵᠢᠬᠤ᠂ ᠳᠤᠷ᠎ᠠ ᠪᠠᠷ ᠢᠶᠠᠨ ᠬᠠᠭᠠᠯᠪᠤᠷᠢᠯᠠᠵᠤ ᠳᠤᠷ᠎ᠠ ᠪᠠᠷ ᠢᠶᠠᠨ ᠣᠭᠲᠣᠯᠬᠤ᠂ ᠳᠤᠷ᠎ᠠ ᠪᠠᠷ ᠢᠶᠠᠨ ᠬᠦᠷᠢᠶᠡᠯᠡᠨ ᠡᠵᠡᠯᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠳᠥᠷᠪᠡ ᠶᠢ ᠴᠠᠭᠠᠵᠠᠯᠠᠬᠤ︾ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃   9᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ︽ᠬᠤᠣᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠶᠢ ᠴᠢᠩᠭᠠᠳᠬᠠᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠎ ᠶᠢ ᠰᠠᠨᠠᠭᠠᠴᠢᠯᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠳᠠ᠂ ᠪᠣᠬᠢᠷᠲᠤᠯ ᠦᠭᠡᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠨ ᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠳᠤᠯᠠᠨ᠎ᠠ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾᠎ ᠢ ᠨᠠᠶᠢᠳᠠᠪᠤᠷᠢᠵᠢᠭᠤᠯᠵᠤ᠂ ᠬᠤᠷᠴᠢᠨ ᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠤᠯᠤᠰ ᠤᠨ ᠴᠢᠬᠤᠯᠠ ᠨᠤᠭᠤ ᠭᠠᠵᠠᠷ ᠪᠣᠯᠭᠠᠨ ᠮᠡᠳᠡᠭᠦᠯᠬᠦ ᠶᠢ ᠠᠬᠢᠭᠤᠯᠤᠨ᠎ᠠ᠃ ᠪᠠᠶᠠᠨᠬᠤᠰᠢᠭᠤ ᠪᠠᠯᠭᠠᠰᠤᠨ ᠤ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢ ᠬᠤᠪᠢᠶᠠᠷᠢᠯᠠᠨ ᠲᠣᠬᠢᠷᠠᠭᠤᠯᠬᠤ ᠶᠢ ᠪᠡᠶᠡᠯᠡᠭᠦᠯᠦᠨ᠎ᠡ᠃ ᠨᠠᠨᠳᠢᠨ ᠤᠰᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠴᠡᠪᠡᠷᠰᠢᠬᠦᠯᠦᠭᠰᠡᠨ ᠤᠰᠤ ᠶᠢ ᠡᠭᠡᠭᠦᠯᠦᠨ ᠬᠡᠷᠡᠭᠯᠡᠬᠦ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠴᠢᠷᠮᠠᠶᠢᠨ ᠪᠠᠶᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠠᠷᠢᠶᠠᠯᠠᠩ ᠤᠨ ︽ᠳᠥᠷᠪᠡ ᠶᠢ  ᠬᠢᠵᠠᠭᠠᠷᠯᠠᠬᠤ︾ ᠠᠵᠢᠯᠯᠠᠭ᠎ᠠ ᠶᠢ ᠰᠠᠶᠢᠲᠤᠷ ᠠᠳᠬᠤᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠣᠬᠢᠷᠲᠤᠯ ᠳᠤ ᠤᠴᠠᠷᠠᠭᠰᠠᠨ ᠨᠠᠷᠢᠨ ᠪᠠᠶᠢᠴᠠᠭᠠᠯᠲᠠ ᠶᠢᠨ ᠲᠥᠷᠥᠯ ᠵᠦᠢᠯ ᠢ ᠶᠠᠪᠤᠭᠳᠠᠭᠤᠯᠤᠨ᠎ᠠ᠃   10᠂ ᠠᠷᠪᠢᠴᠢ ᠡᠷᠴᠢᠮᠯᠢᠭ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠦᠷ᠎ᠡ ᠪᠦᠲᠦᠭᠡᠯ ᠢ ᠪᠠᠬᠢᠵᠢᠭᠦᠯᠦᠨ᠎ᠡ᠃ 2 ᠴᠠᠬᠢᠯᠭᠠᠨ ᠤ ᠦᠢᠯᠡᠳᠪᠦᠷᠢ ᠶᠢᠨ ᠦᠯᠡᠳᠡᠪᠦᠷᠢ ᠡᠨᠧᠷᠭᠢ᠂ ᠦᠯᠡᠳᠡᠪᠦᠷᠢ ᠬᠡᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠨᠡᠭᠡᠭᠡᠨ ᠠᠰᠢᠭᠯᠠᠬᠤ ᠲᠣᠭᠤᠷᠢᠨ ᠳᠤ᠂ ᠵᠢᠩ ᠺᠧ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠳᠠᠯᠳᠤᠭᠠᠴᠢᠨ ᠤᠷᠢᠵᠤ 4000 ᠲᠦᠮᠡᠨ ᠲᠡᠭᠰᠢ ᠳᠥᠷᠪᠡᠯᠵᠢᠨ ᠮᠧᠲᠷ ᠤᠨ ᠴᠠᠭᠠᠰᠤᠨ ᠵᠤᠭᠠᠩ ᠤᠨ ᠬᠠᠪᠲᠠᠰᠤ ᠶᠢᠨ ᠦᠢᠯᠡᠳᠪᠦᠷᠢᠯᠡᠯ ᠤᠨ ᠱᠤᠭᠤᠮ ᠢ ᠨᠠᠶᠢᠳᠠᠪᠤᠷᠢᠵᠢᠭᠤᠯᠬᠤ᠂ ᠵᠢᠯ ᠳᠤ 100 ᠲᠦᠮᠡᠨ ᠲᠣᠨ ᠨᠢᠮᠪᠡᠭᠡ ᠶᠢᠨ ᠬᠦᠴᠢᠯ ᠤᠨ ᠡᠷᠳᠡᠨᠢ ᠰᠢᠰᠢ ᠡᠳ᠋ᠰᠢᠭᠦᠯᠬᠦ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠮᠧᠩ ᠨᠧᠩ ᠴᠠᠬᠢᠯᠭᠠᠨ ᠤ ᠦᠢᠯᠡᠳᠪᠦᠷᠢ ᠠᠴᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠬᠦ 15 ᠺᠢᠯᠣᠮᠧᠲᠷ ᠤᠨ ᠢᠯᠴᠢ ᠶᠢᠨ ᠡᠨᠧᠷᠭᠢ ᠶᠢᠨ ᠬᠤᠭᠤᠯᠠᠢ ᠂ ᠲᠦᠴᠢᠦᠸᠠᠨ ᠪᠠᠯᠭᠠᠰᠤᠨ ᠳᠤ ᠬᠦᠷᠬᠦ 55 ᠺᠢᠯᠣᠮᠧᠲᠷ ᠤᠨ ᠢᠯᠴᠢ ᠬᠠᠩᠭᠠᠬᠤ ᠬᠤᠭᠤᠯᠠᠢ ᠶᠢᠨ ᠲᠥᠷᠥᠯ ᠵᠦᠢᠯ ᠢ ᠰᠦᠪᠡᠭᠴᠢᠯᠡᠨ᠎ᠡ᠃ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠢ ᠠᠰᠢᠭᠯᠠᠨ᠂ 7000 ᠮᠦ ᠶᠢᠨ ᠲᠠᠷᠢᠶᠠᠨ ᠭᠠᠵᠠᠷ ᠢᠶᠠᠷ ᠬᠦᠮᠦᠷᠭᠡ ᠨᠥᠬᠦᠪᠥᠷᠢᠯᠡᠬᠦ᠂ 3000 ᠮᠦ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠣᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠨᠡᠭᠦᠷᠡᠰᠦᠲᠥ᠋ᠷᠥᠭᠴᠢ ᠶᠢᠨ ᠬᠥᠮᠥᠷᠭᠡ ᠶᠢᠨ ᠴᠢᠳᠠᠮᠵᠢ ᠶᠢ ᠪᠠᠳᠠᠷᠠᠭᠤᠯᠵᠤ᠂ ᠣᠢ ᠰᠢᠭᠤᠢ ᠶᠢᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠠᠮᠤ ᠪᠤᠳᠠᠭᠠᠨ ᠤ ᠬᠤᠷᠣᠭᠳᠠᠯ ᠢ ᠪᠠᠭᠠᠰᠬᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠶᠡᠬᠡᠪᠡᠷ ᠲᠦᠯᠬᠢᠨ ᠠᠬᠢᠭᠤᠯᠤᠨ᠎ᠠ᠃    ︵ᠳᠦᠷᠪᠡ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ    11᠂ ᠲᠠᠷᠢᠮᠠᠯ ᠤᠨ ᠦᠢᠯᠡᠰ ᠤᠨ ᠴᠢᠨᠠᠷ ᠰᠠᠶᠢᠲᠠᠢ ᠦᠷ᠎ᠡ ᠠᠰᠢᠭ ᠢ ᠪᠡᠶᠡᠯᠡᠭᠦᠯᠦᠨ᠎ᠡ᠃ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠬᠦ ᠳᠤ ᠰᠠᠭᠤᠷᠢᠯᠠᠨ᠂ ᠲᠠᠷᠢᠮᠠᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠨᠳᠥᠷ ᠦᠷ᠎ᠡ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ᠂ ᠨᠠᠷᠢᠯᠢᠭ ᠳᠠᠷᠢᠵᠤ ᠨᠢᠮᠪᠠᠢ ᠠᠷᠠᠴᠢᠯᠠᠬᠤ᠂ ᠰᠢᠨᠵᠢᠯᠡᠬᠦ ᠤᠬᠠᠭᠠᠨᠴᠢ ᠪᠠᠷ ᠨᠢᠭᠲᠠ ᠲᠠᠷᠢᠬᠤ᠂ ᠪᠦᠰᠡᠯᠢᠭ ᠨᠡᠶᠢᠯᠡᠮᠡᠯ ᠵᠡᠷᠭᠡ ᠲᠡᠷᠢᠭᠦᠨ ᠤ ᠮᠡᠷᠭᠡᠵᠢᠯ ᠢ ᠳᠡᠯᠭᠡᠷᠡᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ 25 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 140 ᠲᠦᠮᠡᠨ ᠮᠦ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ᠂ 48 ᠲᠦᠮᠡᠨ ᠮᠦ ᠲᠠᠷᠢᠶᠠᠨ ᠭᠠᠵᠠᠷ ᠲᠤ ᠡᠭᠡᠯᠵᠢᠯᠡᠨ ᠲᠠᠷᠢᠬᠤ᠂ 38 ᠲᠦᠮᠡᠨ ᠮᠦ ᠭᠠᠵᠠᠷ ᠢ ᠭᠦᠨ ᠰᠤᠯᠠᠷᠠᠭᠤᠯᠵᠤ ᠲᠡᠭᠰᠢᠯᠡᠬᠦ᠂ 20 ᠲᠦᠮᠡᠨ ᠮᠦ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ᠃ 70 ᠲᠦᠮᠡᠨ ᠮᠦ ᠡᠷᠳᠡᠨᠢ ᠰᠢᠰᠢ ᠶᠢ ᠨᠢᠭᠲᠠ ᠲᠠᠷᠢᠬᠤ᠂ ᠭᠦᠶᠦᠭᠡᠨ ᠪᠤᠯᠠᠵᠤ ᠲᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ 60 ᠲᠦᠮᠡᠨ ᠮᠦ ᠭᠠᠵᠠᠷ ᠰᠢᠷᠣᠢ ᠶᠢ ᠳᠡᠯᠭᠡᠷᠡᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ 2 ᠴᠤᠭᠴᠠᠯᠠᠵᠤ᠂ ︽ᠲᠣᠨ ᠠᠮᠤ ᠪᠤᠳᠠᠭᠠᠨ ᠤ ᠲᠠᠷᠢᠶᠠᠨ ᠭᠠᠵᠠᠷ︾᠎ ᠢ 15 ᠲᠦᠮᠡᠨ ᠮᠦ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 26 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠦᠭᠦᠯᠦᠨ᠎ᠡ᠃ ᠰᠢᠨ ᠰᠢᠤᠸᠠᠨ ᠪᠦᠯᠦᠭᠯᠡᠯ ᠤᠨ 10 ᠲᠦᠮᠡᠨ ᠮᠦ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ 10 ᠲᠦᠮᠡᠨ ᠲᠦᠷᠦᠭᠦᠦ ᠰᠣᠷᠭᠤᠭ ᠢᠳᠡᠭᠡᠨ ᠤ ᠡᠷᠳᠡᠨᠢ ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠲᠥᠪ ᠢ ᠪᠦᠲᠦᠭᠡᠨ ᠪᠠᠶᠢᠭᠤᠯᠤᠨ᠎ᠠ᠃    12᠂ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠠᠶᠢᠬᠤ ᠶᠢ ᠪᠡᠶᠡᠯᠡᠭᠦᠯᠦᠨ᠎ᠡ᠃ ︽ᠦᠬᠡᠷ ᠤᠨ ᠦᠢᠯᠡᠰ ᠢ ᠬᠦᠭᠵᠢᠬᠦᠯᠬᠦ︾᠎ ᠳᠤ ᠰᠠᠭᠤᠷᠢᠯᠠᠨ᠂ ᠤᠯᠤᠰ ᠤᠨ ᠳᠡᠰ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠠᠷ ᠵᠢᠯᠣᠭᠤᠳᠣᠯᠭ᠎ᠠ ᠪᠣᠯᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠵᠠᠭᠤᠨ ᠲᠦᠮᠡᠨ ᠠᠯᠠᠰᠢᠨ ᠦᠬᠡᠷ ᠤᠨ ᠰᠠᠭᠤᠷᠢᠨ︾᠎ ᠢᠶᠠᠷ ᠬᠠᠷᠠᠯᠲᠠ ᠪᠣᠯᠭᠠᠨ᠂ ᠣᠶᠤᠨᠴᠢ ᠮᠠᠯ ᠠᠵᠤ ᠠᠬᠤᠢ ᠶᠢᠨ ᠲᠠᠪᠴᠠᠩ ᠢ ᠪᠠᠶᠢᠭᠤᠯᠵᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠠᠷᠠᠴᠢᠯᠠᠨ ᠬᠠᠮᠢᠶᠠᠷᠬᠤ᠂ ᠵᠠᠬ᠎ᠠ ᠳᠡᠯᠭᠡᠭᠦᠷ ᠤᠨ ᠭᠦᠢᠯᠭᠡᠭᠡ᠂ ᠨᠠᠷᠢᠯᠢᠭ ᠡᠳ᠋ᠰᠢᠭᠦᠯᠬᠦ᠂ ᠲᠡᠵᠢᠭᠡᠯ ᠡᠪᠡᠰᠦ ᠪᠣᠷᠳᠤᠭ᠎ᠠ ᠶᠢ ᠪᠠᠲᠤᠯᠠᠬᠤ ᠵᠡᠷᠭᠡ ᠣᠳᠣᠬᠢᠴᠢᠯᠠᠭᠰᠠᠨ ᠰᠢᠰᠲ᠋ᠧᠮ ᠢ ᠰᠢᠯᠢᠳᠡᠭᠵᠢᠭᠦᠯᠦᠨ᠂ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠴᠯᠡᠬᠡᠨ ᠤ ᠲᠥᠪ ᠲᠤ ᠲᠦᠰᠢᠭᠯᠡᠨ᠂ ᠪᠠᠶᠠᠯᠢᠭ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠲᠠᠪᠴᠠᠩ ᠪᠣᠯᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠤᠭ ᠭᠠᠷᠤᠯᠲᠠ ᠶᠢᠨ ᠭᠠᠵᠠᠷ ᠤᠨ ᠠᠯᠪᠠᠨ ᠤ ᠵᠢᠩᠬᠢᠨᠢ ᠲᠣᠭᠠᠴᠢᠯᠠᠭᠰᠠᠨ ᠠᠷᠠᠯᠵᠢᠶᠠᠨ ᠤ ᠨᠡᠪᠲᠡᠷᠡᠬᠦ ᠵᠠᠮ ᠢ ᠪᠠᠶᠢᠭᠤᠯᠵᠤ᠂ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠫᠠᠶᠢᠰᠠ ᠡᠯᠭᠦᠬᠦ ᠶᠢ ᠠᠬᠢᠭᠤᠯᠤᠨ᠎ᠠ᠃ ᠣᠶᠤᠨᠴᠢ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠰᠠᠭᠤᠷᠢᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠰᠢᠨ ᠮᠧᠩ ᠹᠧᠩ ᠺᠥᠩ ᠪᠦᠯᠦᠭᠯᠡᠯ ᠲᠠᠢ ︽1+3+1+N︾ ᠳᠤᠮᠳᠠᠳᠤ ᠤᠯᠤᠰ ᠤᠨ ᠴᠢᠨᠠᠷ ᠰᠠᠶᠢᠲᠠᠢ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠪᠠᠶᠢᠭᠤᠯᠵᠤ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠲᠣᠭᠠᠴᠢᠯᠠᠭᠰᠠᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠤᠯᠤᠰ ᠤᠨ ᠳᠡᠰ ᠤᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠶᠢᠨ ᠲᠥᠪ᠂ ᠪᠠᠶᠢᠴᠠᠭᠠᠨ ᠰᠢᠯᠭᠠᠬᠤ ᠲᠥᠪ᠂ ᠶᠠᠰᠤ ᠴᠢᠨᠠᠷ ᠢ ᠦᠨᠡᠯᠡᠬᠦ ᠲᠥᠪ ᠤᠨ ᠫᠠᠶᠢᠰᠠ ᠶᠢ ᠡᠯᠬᠦᠨ᠎ᠡ᠃ ᠬᠡᠯᠬᠢᠶᠡᠵᠢᠯ ᠤᠨ ᠭᠤᠣᠯ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠸᠠ ᠶᠠᠩ 20 ᠲᠦᠮᠡᠨ ᠲᠣᠨ ᠦᠬᠡᠷ ᠤᠨ ᠮᠢᠬ᠎ᠠ ᠡᠳ᠋ᠰᠢᠭᠦᠯᠬᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠨᠢᠲᠤᠯᠬᠤ ᠬᠡᠮᠵᠢᠶ᠎ᠡ ᠶᠢ 2 ᠲᠦᠮᠡᠨ  ᠳᠤᠯᠤᠭᠠᠢ ᠠᠴᠠ ᠳᠡᠭᠡᠭᠰᠢ ᠪᠠᠶᠢᠬᠤ ᠶᠢ ᠲᠦᠯᠬᠢᠨ ᠠᠬᠢᠭᠤᠯᠤᠨ᠎ᠠ᠃ ᠦᠷ᠎ᠡ ᠶᠢᠨ ᠢᠷᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠰᠠᠭᠤᠷᠢᠯᠠᠨ᠂ ᠵᠦᠩ ᠨᠥᠩ ᠬᠢᠩᠭᠠᠨ ᠤ ᠰᠢᠯᠢᠳᠡᠭ ᠦᠷ᠎ᠡ ᠶᠢᠨ ᠢᠷᠡᠯᠲᠡ ᠶᠢᠨ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠵᠢᠯ ᠳᠤ 500 ᠲᠦᠮᠡᠨ ᠴᠢᠨᠠᠷ ᠰᠠᠶᠢᠲᠠᠢ ᠢᠴᠡᠭᠡᠯ ᠦᠷ᠎ᠡ ᠦᠢᠯᠡᠳᠪᠦᠷᠢᠯᠡᠵᠦ᠂ 2 ᠲᠦᠮᠡᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠎ ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠵᠠᠬ᠎ᠠ ᠳᠡᠯᠭᠡᠭᠦᠷ ᠤᠨ ᠬᠡᠪᠴᠢᠶ᠎ᠡ ᠶᠢ ᠥᠷᠭᠡᠳᠬᠡᠬᠦ ᠳᠤ ᠰᠠᠭᠤᠷᠢᠯᠠᠨ᠂ ᠳᠤᠮᠳᠠᠳᠤ ᠤᠯᠤᠰ ᠤᠨ ᠦᠬᠡᠷ ᠤᠨ ᠠᠷᠠᠯᠵᠢᠶᠠᠨ ᠤ ᠶᠡᠭᠡ ᠬᠤᠷᠠᠯ ᠢ ᠰᠠᠶᠢᠲᠤᠷ ᠡᠷᠬᠢᠯᠡᠵᠦ᠂ ︽ᠳᠤᠮᠳᠠᠳᠤ ᠤᠯᠤᠰ ᠤᠨ ᠠᠯᠠᠰᠢᠨ ᠦᠬᠡᠷ ᠤᠨ ᠠᠵᠤ ᠦᠢᠯᠡᠰ · ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠭᠠᠯᠲᠠ ᠲᠤᠭ᠎ᠠ︾᠎ ᠶᠢᠨ ᠦᠷ᠎ᠡ ᠠᠰᠢᠭ ᠢ ᠪᠠᠳᠠᠷᠠᠭᠤᠯᠵᠤ᠂ ᠲᠣᠭᠠᠴᠢᠯᠠᠭᠰᠠᠨ ᠠᠷᠠᠯᠵᠢᠶᠠᠨ ᠤ ᠲᠠᠪᠴᠠᠩ ᠢ ᠲᠡᠭᠦᠯᠳᠡᠷᠵᠢᠭᠦᠯᠦᠨ᠂ ᠬᠤᠩ ᠠᠨ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠡᠮᠵᠢᠶ᠎ᠡ ᠶᠢ 130 ᠲᠦᠮᠡᠨ ᠲᠣᠯᠣᠭᠠᠢ ᠶᠢ ᠳᠠᠪᠠᠭᠤᠯᠤᠨ᠎ᠠ᠃ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠳᠤ ᠰᠠᠭᠤᠷᠢᠯᠠᠨ᠂ 33 ᠲᠦᠮᠡᠨ ᠲᠡᠭᠰᠢ ᠳᠥᠷᠪᠡᠯᠵᠢᠨ ᠮᠧᠲᠷ ᠫᠧᠩ ᠰᠠᠷᠠᠪᠴᠢ ᠶᠢ ᠰᠢᠨ᠎ᠡ ᠪᠠᠷ  ᠪᠠᠶᠢᠭᠤᠯᠤᠨ᠎ᠠ᠃ ᠲᠡᠵᠢᠭᠡᠯ ᠡᠪᠡᠰᠦ ᠶᠢᠨ ᠪᠠᠲᠤᠯᠠᠭ᠎ᠠ ᠳᠤ ᠰᠠᠭᠤᠷᠢᠯᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠬᠢᠭᠡᠳ ᠭᠦᠢᠵᠧᠦ ᠶᠢᠨ ᠰᠠᠨᠰᠠᠷ ᠤᠨ ᠠᠶᠠᠯᠠᠯ ᠤᠨ ᠬᠢᠶᠠᠭ ᠦᠷᠡᠵᠢᠭᠦᠯᠦᠨ ᠪᠤᠶᠢᠵᠢᠭᠤᠯᠬᠤ ᠰᠠᠭᠤᠷᠢᠨ ᠢ ᠪᠠᠶᠢᠭᠤᠯᠵᠤ᠂ ︽ᠬᠢᠩᠭᠠᠨ ᠠᠶᠢᠮᠠᠭ ᠤᠨ ᠬᠢᠶᠠᠭ ᠡᠪᠡᠰᠦᠨ ᠤ ᠰᠠᠭᠤᠷᠢᠨ ᠤ ᠦᠯᠢᠭᠡᠷ ᠳᠠᠭᠤᠷᠢᠶᠠᠯ︾᠎ ᠢ ᠪᠣᠢ ᠪᠣᠯᠭᠠᠵᠤ᠂ 80 ᠲᠦᠮᠡᠨ ᠮᠦ ᠠᠴᠠ ᠳᠡᠭᠡᠭᠰᠢ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠨ᠎ᠠ᠃ ︽ᠵᠠᠭᠤᠨ ᠲᠦᠮᠡᠨ ᠠᠯᠠᠰᠢᠨ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾᠎ ᠶᠢ ᠬᠡᠷᠡᠭᠵᠢᠭᠦᠯᠵᠦ᠂ ᠵᠢᠦ ᠹᠦ᠋ ᠬᠤᠨᠢ᠂ ᠤᠮᠠᠷᠠᠲᠤ ᠶᠢᠨ ᠬᠠᠮᠲᠤᠷᠠᠭᠰᠠᠨ ᠮᠠᠯ ᠠᠵᠤ ᠠᠬᠤᠢ ᠵᠡᠷᠭᠡ ᠠᠵᠤ ᠠᠬᠤᠶᠢᠯᠠᠯ ᠳᠤ ᠲᠦᠰᠢᠭᠯᠡᠨ᠂ ︽ᠵᠠᠬ᠎ᠠ ᠳᠡᠯᠭᠡᠭᠦᠷ+ ᠳᠠᠭᠠᠭᠤᠯᠤᠭᠴᠢ ᠠᠵᠤ ᠠᠬᠤᠶᠢᠯᠠᠯ+ ᠬᠤᠷᠰᠢᠶᠠᠵᠢᠯ+ᠮᠠᠯᠵᠢᠬᠤ ᠲᠠᠷᠢᠶᠠᠯᠠᠬᠤ ᠡᠷᠦᠬᠡ︾᠎ ᠶᠢᠨ ᠵᠠᠭᠪᠤᠷ ᠢ ᠬᠡᠷᠡᠭᠯᠡᠵᠦ᠂ ᠴᠢᠨᠠᠷ ᠰᠠᠶᠢᠲᠠᠢ ᠠᠯᠠᠰᠢᠨ ᠬᠤᠨᠢᠨ ᠤ ᠡᠭᠦᠯᠳᠡᠷ ᠢ ᠪᠤᠶᠢᠵᠢᠭᠤᠯᠬᠤ᠂ ᠣᠳᠣ ᠦᠶ᠎ᠡ ᠶᠢᠨ ᠠᠯᠠᠰᠢᠨ ᠬᠤᠨᠢᠨ ᠤ ᠠᠵᠤ ᠦᠢᠯᠡᠰ ᠤᠨ ᠳᠡᠰ ᠳᠡᠪᠰᠢᠬᠦ ᠂ ᠣᠨᠴᠠᠯᠢᠭᠲᠤ ᠳᠡᠭᠡᠳᠦ ᠳᠡᠰ ᠤᠨ ᠨᠡᠷᠡᠲᠦ ᠲᠡᠮᠳᠡᠭᠲᠦ ᠶᠢ ᠪᠣᠢ ᠪᠣᠯᠭᠠᠬᠤ ᠶᠢ ᠠᠬᠢᠭᠤᠯᠤᠨ᠎ᠠ᠃   13᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠳᠣᠣᠷ᠎ᠠ ᠣᠷᠣᠯᠭ᠎ᠠ ᠲᠠᠢ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠶᠢ ᠰᠠᠶᠢᠲᠤᠷ ᠠᠳᠬᠤᠨ᠎ᠠ᠃ 3.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 118 ᠲᠥᠷᠥᠯ ᠵᠦᠢᠯ ᠢ ᠬᠡᠷᠡᠭᠵᠢᠬᠦᠯᠦᠨ᠎ᠡ᠃ ︽ᠬᠤᠶᠠᠷ ᠢ ᠥᠨᠳᠥᠷ ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ ᠲᠣᠭᠤᠷᠢᠨ ᠳᠤ᠂ ︽ᠲᠠᠷᠢᠶᠠᠯᠠᠩ ᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠬᠦ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ︾᠎ ᠶᠢ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ︽ᠰᠢᠨᠵᠢᠯᠡᠬᠦ ᠤᠬᠠᠭᠠᠨ ᠮᠡᠷᠭᠡᠵᠢᠯ ᠎ ᠤᠨ ᠬᠦᠷᠢᠶ᠎ᠡ︾᠎ ᠶᠢ 3 ᠪᠠᠶᠢᠭᠤᠯᠬᠤ ᠪᠠᠷ ᠴᠢᠷᠮᠠᠶᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ 25᠂ 650 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠬᠠᠶᠢᠳᠢᠶᠠᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠎ ᠶᠢᠨ ᠲᠣᠭᠤᠷᠢᠨ ᠳᠤ᠂ ᠬᠠᠶᠢᠳᠢᠶᠠᠨ ᠳᠤᠭᠤᠷᠢᠭ ᠤᠨ ᠨᠡᠩ ᠣᠯᠠᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠤᠯᠲᠠ᠂ ᠵᠢᠭᠤᠯᠴᠢᠯᠠᠯ᠂ ᠠᠵᠤ ᠦᠢᠯᠡᠰ ᠤᠨ ᠬᠠᠮᠲᠤᠷᠠᠯᠴᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠰᠢᠪᠲᠤᠯᠤᠯᠲᠠ ᠶᠢ ᠪᠡᠶᠡᠯᠡᠭᠦᠯᠵᠦ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠬᠠᠶᠢᠳᠢᠶᠠᠨ ᠲᠤᠰᠠᠯᠠᠨ ᠪᠠᠶᠢᠭᠤᠯᠬᠤ︾ ᠨᠡᠷᠡᠲᠦ ᠲᠡᠮᠳᠡᠭ ᠢ ᠭᠡᠷᠡᠯᠳᠦᠭᠦᠯᠦᠨ᠎ᠡ᠃ ︽ᠮᠢᠩᠭᠠᠨ ᠲᠦᠮᠡᠨ ᠢᠨᠵᠧᠨᠧᠷᠢᠩ︾᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠢᠴᠢᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠲᠠᠪᠤᠨ ᠰᠠᠶᠢᠨᠲᠠᠢ︾ ᠭᠠᠴᠠᠭ᠎ᠠ᠂ ︽ᠲᠠᠪᠤᠨ ᠰᠠᠶᠢᠨᠲᠠᠢ︾ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠰᠤᠮᠤ ᠪᠠᠯᠭᠠᠰᠤ 2᠂ ᠵᠢᠱᠢᠶ᠎ᠡ ᠦᠵᠡᠭᠦᠯᠬᠦ ᠭᠠᠴᠠᠭ᠎ᠠ 16᠎ ᠶᠢ ᠡᠭᠦᠳᠦᠨ ᠪᠠᠶᠢᠭᠤᠯᠤᠨ᠎ᠠ᠃   14᠂ ᠲᠠᠷᠢᠶᠠᠯᠠᠬᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠥᠮᠴᠢᠯᠡᠬᠦ ᠡᠷᠬᠡ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠂ ᠬᠠᠮᠲᠤ ᠶᠢᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠪᠠᠷ ᠬᠠᠷᠠᠯᠲᠠ ᠪᠣᠯᠭᠠᠭᠰᠠᠨ ᠲᠠᠷᠢᠶᠠᠯᠠᠬᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ︽ᠳᠣᠯᠤᠭ᠎ᠠ ᠶᠢ ᠶᠠᠭᠠᠬᠢᠬᠤ︾ ᠰᠡᠳᠦᠪ ᠤᠨ ᠲᠣᠭᠤᠷᠢᠨ ᠳᠤ᠂ ᠤᠷᠢᠳᠠᠪᠠᠷ 6 ᠵᠢᠱᠢᠶ᠎ᠡ ᠦᠵᠡᠭᠦᠯᠬᠦ ᠴᠡᠭ ᠢ ᠪᠤᠶᠢᠵᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠥᠰᠦᠯ ᠢ ᠬᠠᠩᠭᠠᠵᠤ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠭᠪᠤᠷ ᠢ ᠪᠦᠷᠢᠯᠳᠦᠭᠦᠯᠦᠨ᠎ᠡ᠃ ᠬᠠᠮᠲᠤᠷᠠᠨ ᠬᠢᠨᠠᠵᠤ ᠬᠠᠮᠲᠤᠷᠠᠨ ᠡᠷᠬᠢᠯᠡᠵᠦ ᠪᠦᠬᠦᠢ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠣᠭᠲᠠᠴᠠ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠦᠯᠦ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠳᠤ ᠣᠷᠣᠭᠤᠯᠬᠤ ᠶᠢ ᠠᠬᠢᠭᠤᠯᠤᠨ᠂ ᠣᠢ ᠰᠢᠭᠤᠢ ᠶᠢᠨ ᠡᠷᠬᠡ ᠶᠢᠨ ᠲᠥᠷᠥᠯ ᠤᠨ ᠦᠯᠦ ᠬᠥᠳᠡᠯᠬᠦ ᠬᠥᠷᠥᠩᠭᠡ ᠶᠢ ᠰᠡᠯᠪᠢᠨ ᠵᠠᠰᠠᠵᠤ ᠨᠥᠬᠦᠵᠦ ᠬᠡᠮᠵᠢᠬᠦ ᠲᠥᠷᠥᠯ ᠵᠦᠢᠯ ᠢ ᠬᠡᠷᠡᠭᠵᠢᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠤᠷᠤᠨ ᠰᠠᠭᠤᠴᠠ ᠬᠡᠷᠡᠭᠯᠡᠬᠦ ᠭᠠᠵᠠᠷ ᠲᠤ ᠭᠡᠷ ᠪᠠᠶᠢᠰᠢᠩ ᠪᠠᠷᠢᠬᠤ ᠶᠢ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠲᠡᠭᠦᠯᠳᠡᠷᠵᠢᠭᠦᠯᠵᠦ᠂ ᠬᠠᠮᠲᠤ ᠶᠢᠨ ᠥᠮᠴᠢᠯᠡᠬᠦ ᠡᠷᠬᠡ ᠶᠢᠨ ᠡᠷᠭᠢᠯᠳᠦᠭᠦᠯᠦᠨ ᠠᠷᠠᠯᠵᠢᠶᠠᠯᠠᠬᠤ ᠲᠠᠪᠴᠠᠩ ᠢ ᠵᠢᠷᠤᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠨ᠎ᠠ᠃ ᠡᠷᠳᠡᠨᠢ ᠰᠢᠰᠢ ᠰᠢᠷ᠎ᠠ ᠪᠤᠷᠴᠠᠭ᠂ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠣᠯᠭᠤᠬᠤ ᠠᠵᠢᠯ ᠢ ᠴᠢᠩᠭ᠎ᠠ ᠵᠢᠷᠤᠮᠵᠢᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢᠨ ︽ᠬᠤᠪᠢ ᠬᠤᠷᠠᠮᠳᠤᠭᠤᠯᠬᠤ ᠳᠦᠷᠢᠮ︾᠂ ︽ᠨᠠᠷᠢᠨ ᠳᠠᠩᠰᠠ ᠶᠢᠨ ᠳᠦᠷᠢᠮ ︾᠎ ᠢ ᠳᠡᠯᠭᠡᠷᠡᠭᠦᠯᠦᠨ ᠬᠡᠷᠡᠭᠯᠡᠵᠦ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃   ︵ᠳᠠᠪᠤ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ   15᠂ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠨ᠎ᠡ᠃ ︽ᠵᠢᠭᠤᠯᠴᠢᠯᠠᠯ ᠢ ᠬᠥᠭᠵᠢᠭᠦᠯᠬᠦ︾᠎ ᠳᠤ ᠰᠠᠭᠤᠷᠢᠯᠠᠨ᠂ ᠲᠥᠪ ᠤᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠢᠩᠬᠢᠮ ᠤᠨ ᠬᠠᠪᠰᠤᠷᠤᠨ ᠲᠡᠳᠬᠦᠬᠦ ᠠᠵᠠ ᠲᠣᠬᠢᠶᠠᠯ ᠢ ᠭᠦᠢᠴᠡᠳ ᠠᠰᠢᠭᠯᠠᠵᠤ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ︽ᠵᠢᠭᠤᠯᠴᠢᠯᠠᠯ ᠤᠨ ᠳᠥᠷᠪᠡᠨ ᠭᠠᠵᠠᠷ︾᠎ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ᠂ ︽18 ᠺᠢᠯᠤᠮᠧᠲᠷ ᠤᠨ ᠷᠠᠳᠢᠥ᠋ᠰ ᠤᠨ ᠵᠢᠭᠤᠯᠴᠢᠯᠠᠯ ᠤᠨ ᠲᠣᠭᠤᠷᠢᠭ ᠤᠨ ᠰᠣᠳᠣᠨ ᠵᠠᠮ ᠱᠤᠭᠤᠮ︾᠎ ᠢ ᠪᠣᠢ ᠪᠣᠯᠭᠠᠵᠤ᠂ ᠬᠤᠸᠠ ᠴᠢᠶᠣᠣ ᠴᠧᠩ ᠤᠮᠠᠷᠠᠲᠤ ᠶᠢᠨ ᠪᠦᠯᠦᠭᠯᠡᠯ ᠎ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ᠂ ᠨᠠᠷᠠᠲᠤ ᠲᠡᠮᠳᠡᠭᠴᠢᠯᠡᠭᠰᠡᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠢᠳᠡᠵᠦ ᠤᠤᠭᠤᠬᠤ ᠶᠠᠪᠤᠵᠤ ᠰᠠᠭᠤᠬᠤ ᠵᠤᠭᠠᠴᠠᠨ ᠳᠤᠭᠤᠷᠢᠬᠤ᠂ ᠬᠤᠳᠠᠯᠳᠤᠭ᠎ᠠ ᠮᠠᠶᠢᠮᠠᠢ ᠡᠷᠬᠢᠯᠡᠵᠤ ᠰᠡᠯᠡᠭᠦᠴᠡᠨ ᠳᠤᠭᠤᠷᠢᠬᠤ︾ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠣᠷᠣᠯᠭ᠎ᠠ ᠶᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠬᠢᠩᠭᠠᠨ ᠠᠶᠢᠮᠠᠭ ᠤᠨ ᠪᠠᠲᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ ᠬᠤᠷᠠᠯ᠂ ᠬᠢᠩᠭᠠᠨ ᠠᠶᠢᠮᠠᠭ ᠤᠨ ᠪᠠᠲᠤᠴᠠᠭᠠᠨ ᠤ ᠳᠠᠭᠤᠤ ᠬᠥᠭᠵᠢᠮ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠬᠢᠯᠡᠨ᠎ᠡ᠃ ᠬᠠᠩᠭᠠᠯ ᠨᠠᠭᠤᠷ — ᠪᠠᠲᠤᠴᠠᠭᠠᠨ ᠤ ᠵᠢᠭᠤᠯᠴᠢᠯᠠᠯ ᠤᠨ ᠣᠷᠣᠨ ᠤ ᠰᠠᠭᠤᠷᠢ ᠲᠥᠬᠦᠭᠡᠷᠦᠮᠵᠢ᠂ ᠳᠠᠶᠢᠴᠢᠨᠲᠠᠯ᠎ᠠ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠩᠭᠠᠯ ᠨᠠᠭᠤᠷ ᠤᠨ ᠠᠮᠠᠷᠠᠯᠲᠠ ᠶᠢᠨ ᠪᠠᠭᠤᠳᠠᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠲᠤᠰ ᠪᠦᠷᠢ 1᠎ ᠶᠢ ᠡᠭᠦᠳᠦᠨ ᠪᠠᠶᠢᠭᠤᠯᠵᠤ᠂ 4C ᠲᠠᠰ ᠤᠨ ᠦᠪᠡᠷᠲᠡᠭᠡᠨ ᠵᠢᠯᠣᠭᠤᠳᠴᠤ ᠵᠢᠭᠤᠯᠴᠢᠯᠠᠬᠤ ᠲᠡᠷᠭᠡᠨ ᠤ ᠬᠤᠸᠠᠷᠠᠨ ᠢ 1 ᠪᠠᠶᠢᠭᠤᠯᠵᠤ᠂ 2  ᠵᠡᠷᠭᠡ ᠲᠠᠰ ᠤᠨ ᠠᠷᠠᠳ ᠤᠨ ᠣᠷᠣᠨ ᠰᠠᠭᠤᠴᠠ ᠶᠢ ᠦᠨᠡᠯᠡᠨ ᠳᠤᠭᠳᠠᠭᠠᠯᠭᠠᠨ᠎ᠠ᠃    16᠂ ᠰᠣᠶᠣᠯ ᠤᠨ ᠠᠵᠤ ᠦᠢᠯᠡᠰ ᠢ ᠪᠠᠳᠠᠷᠭᠤᠯᠤᠨ᠎ᠠ᠃  ︽ᠤᠮᠠᠷᠠᠲᠤ ᠬᠢᠯᠢ ᠶᠢᠨ ᠰᠣᠶᠣᠯ︾᠎ ᠤᠨ ᠲᠣᠭᠤᠷᠢᠨ ᠳᠤ᠂ ᠮᠣᠩᠭᠤᠯ ᠡᠮ ᠡᠮᠨᠡᠯᠭᠡ ᠶᠢᠨ ᠪᠡᠶ᠎ᠡ ᠤᠬᠢᠶᠠᠬᠤ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ᠂ ᠮᠣᠩᠭᠤᠯ ᠦᠨᠳᠦᠰᠦᠲᠡᠨ ᠤ ᠭᠠᠷ ᠤᠷᠠᠯᠠᠯ ᠤᠨ ᠬᠠᠳᠬᠤᠮᠠᠯ ᠤᠨ ᠪᠣᠯᠪᠠᠰᠤᠷᠠᠯ ᠤᠨ ᠲᠥᠪ ᠵᠡᠷᠭᠡ 2 ᠪᠣᠳᠠᠰ ᠤᠨ ᠪᠤᠰᠤ ᠰᠣᠶᠣᠯ ᠤᠨ ᠥᠪ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ᠃ ︽ᠪᠠᠳᠤᠴᠠᠭᠠᠨ ︾᠎ ᠎ ᠤ ᠨᠡᠷᠡᠲᠦ ᠲᠡᠮᠳᠡᠭ ᠢ ᠶᠡᠬᠡᠪᠡᠷ ᠪᠤᠶᠢᠵᠢᠭᠤᠯᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠪᠠ ᠤᠬᠠᠭᠤᠯᠬᠤ ᠶᠢ ᠰᠠᠶᠢᠲᠤᠷ ᠠᠳᠬᠤᠵᠤ᠂ ᠳᠠᠭᠤᠤ ᠪᠥᠵᠢᠭᠲᠦ ᠵᠦᠴᠦᠭᠡ ︽ᠰᠡᠶᠢᠯᠦᠮᠡᠯ ᠡᠮᠡᠭᠡᠯ︾᠎ ᠤᠨ ᠠᠩᠬᠠᠨ ᠤ ᠲᠣᠭᠯᠠᠯᠲᠠ ᠶᠢ ᠪᠡᠶᠡᠯᠡᠭᠦᠯᠵᠦ᠂ ᠺᠢᠨᠣ᠋ ︽ᠲᠠᠨ ᠲᠠᠢ ᠬᠠᠮᠲᠤ ᠶᠠᠪᠤᠬᠤ︾᠎ ᠶᠢ ᠡᠬᠢᠯᠡᠨ ᠰᠡᠬᠦᠳᠡᠷᠯᠡᠵᠤ᠂ 1 ᠰᠣᠳᠣᠨ ᠦᠯᠢᠭᠡᠷ ᠵᠣᠬᠢᠶᠠᠨ ᠪᠦᠳᠦᠭᠡᠵᠤ᠂ ᠠᠩᠬᠠᠳᠤᠭᠠᠷ ᠬᠤᠭᠤᠴᠠᠭᠠᠨ ᠤ ᠦᠯᠢᠭᠡᠷ ᠤᠷᠠᠯᠢᠭ ᠤᠨ ᠨᠠᠭᠠᠳᠤᠮ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠵᠢᠭᠤᠯᠴᠢᠯᠠᠯ ᠤᠨ ᠨᠠᠶᠢᠷ᠂ ᠬᠠᠳᠬᠤᠮᠠᠯ ᠭᠠᠷ ᠤᠷᠠᠯᠠᠯ ᠤᠨ ᠪᠦᠲᠦᠭᠡᠭᠳᠡᠬᠦᠨ ᠤ ᠵᠢᠷᠤᠭ ᠲᠥᠯᠥᠪᠯᠡᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠡᠷᠬᠢᠯᠡᠨ᠎ᠡ᠃ ︽ᠳᠥᠷᠪᠡᠨ ᠤᠯᠠᠷᠢᠯ ᠤᠨ ᠲᠣᠰᠬᠤᠨ ᠎ ᠤ ᠦᠳᠡᠰᠢᠯᠡᠭᠡ︾᠂ ︽ᠤᠷᠢᠬᠠᠨ ᠬᠠᠪᠤᠷ ᠤᠨ ᠢᠨᠵᠧᠨᠧᠷᠢᠩ︾᠂ ︽ᠰᠣᠶᠣᠯ ᠤᠨ ᠲᠣᠰᠬᠤᠨ ᠤ ᠳᠠᠷᠤᠭ᠎ᠠ︾ ᠵᠡᠷᠭᠡ ᠣᠨᠴᠠᠯᠢᠭᠲᠤ ᠨᠡᠷᠡᠲᠦ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠠᠬᠢᠭᠤᠯᠵᠤ᠂ ᠣᠯᠠᠨ ᠲᠦᠮᠡᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠤᠨ᠎ᠠ᠃   17᠂ ᠭᠦᠢᠯᠭᠡᠭᠡᠨ ᠤ ᠠᠵᠤ ᠦᠢᠯᠡᠰ ᠢ ᠬᠥᠭᠵᠢᠭᠦᠯᠦᠨ᠎ᠡ᠃ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾᠎ ᠳᠤ ᠠᠭᠤᠰᠤᠯᠴᠠᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠲᠤᠷᠰᠢᠯᠲᠠ ᠶᠢᠨ ᠰᠢᠶᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠬᠡᠷᠡᠭᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠨᠤᠲᠤᠭ ᠤᠨ ᠣᠨᠴᠠ ᠭᠠᠷᠤᠯᠲᠠ ᠶᠢᠨ ᠠᠵᠤ ᠠᠬᠤᠢ ᠶᠢ ᠬᠥᠭᠵᠢᠭᠦᠯᠵᠦ᠂ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠢ ᠪᠠᠶᠢᠭᠤᠯᠵᠤ᠂ ᠦᠬᠡᠷ ᠤᠨ ᠮᠢᠬ᠎ᠠ᠂ ᠰᠢᠨ᠎ᠡ ᠰᠣᠷᠭᠤᠭ ᠡᠷᠳᠡᠨᠢ ᠰᠢᠰᠢ᠂ ᠬᠠᠲᠠᠭᠠᠭᠰᠠᠨ ᠪᠤᠷᠴᠠᠭ᠂ ᠤᠷᠢᠳᠴᠢᠯᠠᠨ ᠬᠢᠭᠰᠡᠨ ᠨᠣᠭᠤᠭ᠎ᠠ᠂ ᠪᠠᠲᠤᠴᠠᠭᠠᠨ ᠤ ᠲᠣᠰᠣ᠂ ᠸᠧᠨ ᠭᠤᠸᠠᠨ ᠭᠥᠸᠧ ᠶᠢᠨ ᠲᠣᠰᠣ᠂ ᠤᠯᠠᠭᠠᠨ᠎ᠠ ᠵᠡᠷᠭᠡ ︽ᠨᠤᠲᠤᠭ ᠤᠨ ᠣᠨᠴᠠ ᠭᠠᠷᠤᠯᠲᠠ︾᠎ ᠶᠢᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠮᠣᠷᠢᠨ ᠬᠤᠭᠤᠷ ᠤᠨ ᠦᠢᠯᠡᠰ ᠤᠨ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭᠲᠦ︾᠎ ᠶᠢ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠰᠥᠨᠢ ᠶᠢᠨ ᠠᠵᠤ ᠠᠬᠤᠢ᠂ ᠵᠠᠳᠠᠭᠠᠢ ᠵᠠᠬ᠎ᠠ ᠶᠢᠨ ᠠᠵᠤ ᠠᠬᠤᠢ ᠶᠢ ᠵᠣᠷᠢᠭᠵᠢᠭᠤᠯᠵᠤ᠂ ᠥᠷᠯᠥᠭᠡᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠬᠦᠭᠵᠢᠶᠡᠨ ᠨᠠᠷᠬᠢᠶᠠᠨ︾᠎ ᠨᠢ ᠠᠵᠤ ᠠᠬᠤᠢ ᠶᠢ ᠳᠤᠯᠠᠭᠠᠴᠠᠭᠤᠯᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ ᠭᠠᠳᠠᠭᠠᠳᠤ ᠠᠷᠠᠯᠵᠢᠶᠠᠨ ᠤ ᠠᠵᠤ ᠠᠬᠤᠢ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠤᠭ᠎ᠠ ᠶᠢᠨ ᠨᠡᠮᠡᠭᠳᠡᠯ ᠢ ᠠᠬᠢᠭᠤᠯᠵᠤ᠂ ᠭᠠᠳᠠᠭᠠᠳᠤ ᠠᠵᠤ ᠠᠬᠤᠢ ᠶᠢᠨ ᠠᠷᠠᠯᠵᠢᠶᠠᠨ ᠤ ᠲᠤᠰᠬᠠᠢ ᠪᠡᠯᠡ ᠮᠥᠩᠭᠦ ᠶᠢᠨ 1 ᠲᠥᠷᠥᠯ ᠵᠦᠢᠯ ᠢ ᠬᠡᠷᠡᠭᠵᠢᠭᠦᠯᠦᠨ᠎ᠡ᠃ ᠪᠠᠷᠠᠭᠠᠨ ᠤ ᠭᠦᠢᠯᠭᠡᠭᠡᠨ ᠤ ᠠᠵᠤ ᠠᠬᠤᠢ ᠶᠢ ᠰᠢᠯᠢᠳᠡᠭᠵᠢᠭᠦᠯᠵᠦ᠂ ᠡᠪᠡᠰᠦᠨ ᠤ ᠠᠵᠤ ᠦᠢᠯᠡᠰ ᠤᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠸᠠ ᠶᠠᠩ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠵᠥᠩ ᠴᠦ᠋ ᠯᠢᠶᠠᠩ ᠠᠮᠤ ᠪᠤᠳᠠᠭ᠎ᠠ ᠨᠥᠭᠡᠴᠡᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃    ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠎ᠡ   18᠂ ᠠᠷᠠᠳ ᠤᠨ ᠠᠮᠢᠳᠤᠷᠠᠯ ᠤᠨ ᠪᠠᠳᠤᠯᠠᠭᠠᠲᠦ ᠱᠤᠭᠤᠮ ᠢ ᠪᠠᠷᠢᠮᠳᠠᠯᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠰᠠᠶᠢᠲᠤᠷ ᠬᠢᠨ᠎ᠡ᠃ ᠬᠦᠴᠢᠷᠳᠡᠯᠲᠡᠢ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠵᠤ᠂ ᠣᠨᠴᠠᠭᠠᠢ ᠬᠦᠴᠢᠷᠳᠡᠯᠲᠡᠢ ᠬᠥᠮᠦᠰ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠨ᠎ᠠ ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠪᠠ ᠨᠠᠰᠤᠵᠢᠯ ᠤᠨ ᠳᠠᠭᠠᠳᠬᠠᠯ ᠤᠨ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠷᠡᠭᠦᠯ ᠡᠩᠬᠡ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠶᠢ ᠴᠢᠷᠮᠠᠶᠢᠨ ᠡᠭᠦᠳᠴᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠵᠡᠷᠭᠡ 4 ᠲᠥᠷᠥᠯ ᠵᠦᠢᠯ ᠢ ᠪᠡᠶᠡᠯᠡᠭᠦᠯᠦᠨ᠎ᠡ᠃ ᠳᠠᠭᠠᠳᠬᠠᠯ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠎ᠠ᠃ ᠲᠦᠯᠢᠶᠡᠮᠤᠳᠦ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠮᠦᠩᠬᠦᠨ ᠳᠤᠯᠤᠭᠠᠢ ᠠᠭᠤᠷᠬᠠᠢ ᠶᠢᠨ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠠᠰᠠᠷ ᠵᠡᠷᠭᠡ 2 ᠲᠥᠷᠥᠯ ᠵᠦᠢᠯ ᠢ ᠪᠡᠶᠡᠯᠡᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠲᠥᠷᠥᠯ ᠵᠦᠢᠯ ᠢ 6 ᠭᠡᠷᠡᠭᠵᠢᠬᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠬᠢᠭᠤᠯᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾᠎ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ︽ᠬᠤᠶᠠᠷ ᠢ ᠬᠦᠷᠢᠶᠡᠯᠡᠬᠦ︾ ᠬᠠᠮᠲᠤ ᠪᠠᠷ ᠪᠠᠶᠢᠭᠤᠯᠬᠤ ᠶᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠡ᠃    19᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ G1015᠂ G334᠂ S210 ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠤᠯᠠᠭᠠᠢ ᠠᠴᠠ ᠤᠯᠠᠭᠠᠨ ᠭᠤᠣᠯ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠪᠠᠷᠢᠯᠭ᠎ᠠ ᠶᠢ ᠳᠠᠭᠤᠰᠬᠠᠵᠤ᠂ ᠡᠬᠢ ᠪᠠᠶᠠᠯᠢᠭ ᠤᠨ ᠵᠠᠮ᠂ ᠲᠣᠣᠷᠵᠢᠭᠤᠯᠤᠭᠰᠠᠨ ᠵᠠᠮ ᠢ 41.5 ᠺᠢᠯᠤᠮᠧᠲᠷ ᠰᠢᠨ᠎ᠡ ᠪᠠᠷ ᠪᠠᠶᠢᠭᠤᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠠᠯᠠᠪᠠᠢ 6 ᠰᠠᠭᠤᠷᠢ᠂ ᠴᠠᠬᠢᠯᠭᠠᠨ ᠴᠡᠨᠡᠭᠯᠡᠬᠦ ᠪᠠᠭᠠᠨ᠎ᠠ 19 ᠪᠠᠶᠢᠭᠤᠯᠤᠨ᠎ᠠ᠃ 5G ᠰᠠᠭᠤᠷᠢ ᠥᠷᠲᠡᠭᠡ ᠶᠢ 180 ᠪᠠᠶᠢᠭᠤᠯᠤᠨ᠎ᠠ᠃ ︽ᠤᠰᠤᠨ ᠦᠵᠡᠮᠵᠢᠲᠦ ᠨᠤᠳᠤᠭ︾᠂ ᠱᠤᠸᠠᠩ ᠱᠠᠨ ᠠᠭᠤᠯᠠ ᠶᠢᠨ ᠦᠶᠡᠷ ᠢ ᠰᠠᠯᠭᠠᠬᠤ ᠤᠰᠤ ᠲᠠᠲᠠᠬᠤ ᠵᠠᠩᠭᠢᠯᠠᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠣᠷᠣᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ 400 ᠺᠢᠯᠤᠮᠧᠲᠷ ᠬᠡᠷᠡᠭᠵᠢᠭᠦᠯᠦᠨ᠎ᠡ᠃ ᠬᠤᠲᠠ ᠲᠣᠭᠤᠷᠢᠭ ᠤᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠳᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 18.4 ᠺᠢᠯᠤᠮᠧᠲᠷ ᠤᠨ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠵᠤ᠂ ᠳᠤᠯᠠᠭᠠᠯᠭ᠎ᠠ ᠶᠢᠨ ᠴᠢᠳᠠᠪᠤᠷᠢ ᠶᠢ 700 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ᠃ ᠲᠦᠩᠯᠢᠶᠣᠤ — ᠬᠢᠩᠭᠠᠨ ᠠᠶᠢᠮᠠᠭ ᠬᠦᠷᠬᠦ ᠪᠠᠶᠢᠭᠠᠯᠢ ᠶᠢᠨ ᠰᠢᠲᠠᠮᠠᠬᠠᠢ ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠡᠰᠡᠭ ᠤᠨ ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ ᠶᠢ 25 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠬᠦᠯᠦᠨ᠎ᠡ᠃ ᠬᠤᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃   ︵ᠳᠤᠯᠤᠭ᠎ᠠ︶ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ   20᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠠᠬᠢᠯᠡᠯᠲᠡ ᠳᠠᠭᠠᠷᠢᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠ ᠲᠦᠢᠯ ᠤᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠭᠤᠷᠬᠠᠢ᠂ ᠡᠨᠧᠷᠭᠢ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠦᠨᠡᠨᠬᠦ ᠪᠠᠳᠤᠯᠠᠨ᠎ᠠ᠃ ᠠᠵᠤ ᠠᠬᠤᠶᠢᠯᠠᠯ ᠤᠨ ᠳᠠᠩᠰᠠᠨ ᠳᠤ ᠥᠷᠢᠲᠦᠵᠦ ᠪᠠᠶᠢᠭ᠎ᠠ ᠵᠣᠭᠤᠰ ᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠰᠠᠭᠤᠳᠠᠯ ᠤᠨ ᠡᠳ᠋ ᠬᠥᠷᠥᠩᠭᠡ ᠶᠢ ᠪᠦᠲᠦᠮᠵᠢᠲᠡᠢ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠭᠠᠷᠬᠤ ᠶᠢ ᠰᠡᠷᠭᠡᠶᠢᠯᠡᠨ᠎ᠡ᠃   21᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ︽ᠹᠧᠩ ᠴᠢᠶᠣᠣ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾᠎ ᠶᠢ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯᠲᠠ᠂ ᠵᠢᠷᠤᠮᠵᠢᠯᠲᠠ ᠶᠢ ᠠᠬᠢᠭᠤᠯᠤᠨ᠎ᠠ᠃ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠠᠬᠢᠭᠤᠯᠵᠤ᠂ ᠬᠡᠪ ᠳᠠᠭᠤᠷᠢᠶᠠᠯ ᠮᠠᠶ᠋ᠢᠭ ᠤᠨ ︽ᠨᠢᠭᠡ ᠲᠣᠰᠬᠤᠨ ᠨᠢᠭᠡ ᠴᠠᠭᠳᠠᠭᠠᠨ ᠤ ᠶᠠᠪᠤᠳᠠᠯ ᠤᠨ ᠲᠤᠰᠠᠯᠠᠭᠴᠢ︾᠎ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠨᠡᠷᠡᠲᠦ ᠲᠡᠮᠳᠡᠭᠲᠦ ᠶᠢ ᠪᠣᠢ ᠪᠣᠯᠭᠠᠵᠤ᠂ ᠠᠮᠤᠷ ᠠᠮᠤᠭᠤᠯᠠᠩ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃    ︵ᠨᠠᠶᠢᠮᠠ︶ ᠠᠷᠢᠭᠤᠨ ᠴᠢᠬᠡᠴᠢ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ    22᠂ ᠬᠦᠴᠦᠨ ᠴᠢᠳᠠᠪᠤᠷᠢ ᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ︽ᠪᠦᠳᠦᠭᠦᠯᠢᠭ᠂ ᠤᠳᠠᠭᠠᠨ᠂ ᠬᠡᠶᠢᠰᠪᠦᠷᠢ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠵᠣᠷᠢᠭᠲᠠᠢ ᠪᠠᠷ ᠰᠠᠶᠢᠲᠤᠷ ᠠᠳᠬᠤᠵᠤ ᠬᠢᠨ᠎ᠡ᠃ ︽12345︾ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠳᠥᠭᠦᠮ ᠳᠥᠲᠡ ᠥᠨᠳᠥᠷ ᠪᠦᠲᠦᠮᠵᠢᠲᠡᠢ ᠪᠣᠯᠭᠠᠨ᠎ᠠ᠃   23᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠣᠳᠣᠬᠤ ᠬᠢᠨᠠᠯᠲᠠ᠂ ᠨᠡᠶᠢᠭᠡᠮ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠠᠤᠯᠢ ᠪᠠᠷ ᠵᠠᠰᠠᠬᠤ ᠳᠤᠮᠳᠠᠳᠤ ᠬᠤᠰᠢᠭᠤᠨ ᠤ ᠪᠠᠶᠢᠭᠤᠯᠤᠯᠲᠠ ᠶᠢ ᠴᠢᠩᠭᠠᠳᠬᠠᠵᠤ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠪᠦᠬᠦ ᠨᠡᠶᠢᠭᠡᠮ ᠢ ᠳᠠᠶᠢᠴᠢᠯᠠᠨ ︽ᠬᠠᠤᠯᠢ ᠶᠣᠰᠣᠭᠠᠷ ᠠᠵᠢᠯᠯᠠᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ︾ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃   24᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠴᠢᠩᠭᠠᠳᠬᠠᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠣᠢ ᠪᠣᠯᠭᠠᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠵᠤ᠂ ᠭᠠᠶᠢᠯᠢ ᠶᠢᠨ ᠢᠷᠡᠯᠲᠡ ᠶᠢ ᠪᠤᠶᠢᠵᠢᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ ᠴᠢᠩᠭ᠎ᠠ ᠬᠢᠵᠠᠭᠠᠷᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号