ᠮᠠᠨ ᠤ ᠣᠷᠣᠨ 3350 ᠳ᠋ᠦᠩᠰᠢᠭᠤᠷ ᠲᠦᠬᠦᠷᠢᠭ ᠤᠨ ᠵᠢᠭᠤᠯᠴᠢᠯᠡᠯ ᠤᠨ ᠤᠷᠤᠯᠭ᠎ᠠ ᠤᠯᠵᠤ ᠲᠡᠥᠬᠡᠨ ᠳᠡᠮᠳᠡᠭᠡᠯᠡᠯ ᠢ ᠰᠢᠨᠡᠳᠬᠡᠪᠠ
ᠨᠡᠶᠢᠲᠡᠯᠡᠭᠰᠡᠨ ᠴᠠᠭ᠄
2024/1/29
   ︽2023 ᠣᠨ ᠳᠤ ᠪᠦᠬᠦ ᠤᠷᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠡᠷᠴᠢᠮᠲᠡᠢ ᠰᠡᠷᠭᠦᠵᠤ᠂ ᠰᠣᠶᠣᠯ ᠵᠢᠭᠤᠯᠴᠢᠯᠠᠯ ᠤᠨ ᠠᠵᠤ ᠠᠬᠤᠢ ᠳᠤ ᠬᠢᠯᠠᠯᠵᠠᠭᠰᠠᠨ ᠠᠮᠵᠢᠯᠳᠠ ᠤᠯᠪᠠ᠃ ᠪᠥᠬᠦ ᠵᠢᠯ ᠳᠤ ᠨᠡᠶᠢᠳᠡ 2.3 ᠳ᠋ᠦᠩᠰᠢᠭᠤᠷ ᠵᠢᠭᠤᠯᠴᠢᠯᠠᠭᠴᠢ ︵ᠤᠳᠠᠭ᠎ᠠ︶ ᠶᠢ ᠭᠥᠯᠢᠶᠡᠨ ᠠᠪᠴᠤ᠂ 3350 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠤᠯᠵᠦ᠂ ᠲᠤᠰᠪᠤᠷᠢ 2022 ᠤᠨ ᠤ 2.49 ᠳᠠᠬᠢᠨ ᠪᠠ 3.18 ᠳᠠᠬᠢᠨ ᠲᠠᠢ ᠲᠡᠩᠴᠡᠵᠤ᠂ ᠪᠦᠷ ᠲᠡᠦᠬᠡ ᠢᠢᠨ ᠰᠢᠨ᠎ᠡ ᠲᠡᠮᠳᠡᠭᠯᠡᠯ ᠢ ᠡᠭᠦᠳᠪᠠ︾ ᠭᠡᠵᠦ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠰᠦᠨ ᠭᠦᠸᠧ ᠮᠢᠩ ᠬᠡᠯᠡᠨ᠎ᠠ᠃   1 ᠰᠠᠷ᠎ᠠ ᠢᠢᠨ 26 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠠᠴᠠ ︽2023 ᠤᠨ ᠤ ᠡᠷᠬᠢᠴᠡᠬᠦᠯᠦᠯ︾ ᠭᠤᠤᠯ ᠰᠡᠳᠦᠪᠳᠦ ᠰᠢᠷᠢᠰ ᠰᠤᠨᠢᠨ ᠮᠡᠳᠡᠭᠡ ᠨᠡᠶᠢᠳᠡᠯᠡᠬᠦ ᠬᠤᠷᠠᠯ ᠤᠨ ᠠᠷᠪᠠᠨ ᠵᠢᠷᠭᠤᠳᠤᠭᠠᠷ ᠳᠠᠯᠠᠪᠠᠢ — ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠤᠨ ᠲᠤᠰᠬᠠᠢ ᠳᠠᠯᠠᠪᠤᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠪᠦᠬᠦ ᠤᠷᠤᠨ ᠤ ᠰᠤᠶᠤᠯ ᠪᠠ ᠵᠢᠭᠤᠯᠴᠢᠯᠠᠯ ᠤᠨ ᠠᠵᠢᠯ ᠤᠨ ᠠᠮᠵᠢᠯᠳᠠ ᠪᠦᠳᠦᠮᠵᠢ ᠶᠢ ᠳᠠᠨᠢᠯᠴᠠᠭᠤᠯᠬᠤ ᠶᠢᠨ ᠬᠠᠮᠳᠤ 2024 ᠤᠨ ᠤ ᠠᠵᠢᠯ ᠤᠨ ᠭᠤᠤᠯᠳᠠᠯᠭ᠎ᠠ ᠶᠢ ᠳᠠᠨᠢᠯᠴᠠᠭᠤᠯᠵᠠᠢ᠃   2023 ᠤᠨ ᠳᠤ ᠮᠠᠠ ᠤ ᠤᠷᠤᠨ ᠤᠮᠠᠷᠠᠳᠦ ᠬᠢᠯᠢ ᠢᠢᠨ ᠰᠤᠶᠤᠯ ᠢ ᠤᠷᠠᠯᠢᠭ ᠤᠨ ᠵᠤᠬᠢᠶᠠᠨ ᠪᠦᠳᠦᠭᠡᠯᠭᠡ᠂ ᠦᠵᠡᠬᠦᠯᠭᠡ ᠦᠵᠡᠰᠬᠦᠯᠡᠩ ᠪᠠ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠳᠤ ᠠᠭᠤᠰᠤᠯᠴᠠᠭᠤᠯᠵᠦ᠂ ︽ᠯᠢᠩᠬ᠊ ᠤᠠ᠋ ᠱᠠᠩᠨᠠᠯ︾ ᠵᠡᠷᠭᠡ ᠡᠯ᠎ᠡ ᠲᠥᠷᠥᠯ ᠤᠨ ᠤᠯᠤᠰ ᠤᠨ ᠲᠡᠰ ᠤᠨ ᠤᠳᠬ᠎ᠠ ᠤᠷᠠᠯᠢᠭ ᠤᠨ ᠱᠠᠩᠨᠠᠯ ᠢ 47 ᠬᠦᠷᠲᠡᠨ᠂ ᠰᠤᠶᠤᠯ ᠤᠷᠠᠨ ᠰᠠᠶᠢᠬᠠᠨ ᠤ ᠲᠣᠭᠯᠠᠯᠲᠠ ᠢᠢᠨ ᠠᠵᠢᠯᠯᠠᠭ᠎ᠠ ᠶᠢ 5.35 ᠲᠦᠮᠡ ᠭᠠᠷᠤᠢ ᠲᠠᠯᠠᠪᠠᠢ ᠤᠳᠠᠭ᠎ᠠ ᠥᠷᠨᠢᠭᠦᠯᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ︾᠂ ︽ᠠᠭᠤᠤ ᠶᠡᠭᠡ ᠵᠣᠷᠢᠭ ᠰᠠᠨᠠᠭ᠎ᠠ ᠠᠭᠤᠤ ᠶᠡᠭᠡ ᠦᠢᠯᠡᠰ ᠢ ᠬᠥᠲᠥᠯᠥᠨ ᠳᠠᠭᠠᠭᠤᠯᠤᠨ᠎ᠠ︾᠂ ︽ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠰᠢᠷᠢᠰ ᠭᠤᠣᠯ ᠰᠡᠳᠦᠪᠲᠦ ᠦᠵᠡᠭᠦᠯᠭᠡ ᠶᠢ ᠠᠮᠵᠢᠯᠳᠠ ᠲᠠᠢ ᠡᠷᠬᠢᠯᠡᠪᠡ᠃ ︽ᠲᠠᠯ᠎ᠠ ᠨᠤᠲᠤᠭ ᠲᠤ ᠪᠣᠯᠵᠣᠶ᠎ᠠ︾ ᠭᠤᠣᠯ ᠰᠡᠳᠦᠪᠳᠦ ᠠᠵᠢᠯᠯᠠᠭ᠎ᠠ ᠶᠢ ᠭᠤᠤᠯᠳᠠᠯᠭ᠎ᠠ ᠲᠠᠢ ᠠᠳᠬᠤᠨ᠂ ᠵᠢᠭᠤᠯᠴᠢᠯᠠᠯ ᠤᠨ ᠨᠠᠭᠠᠳᠤᠮ ᠵᠡᠷᠭᠡ 6800 ᠭᠠᠷᠤᠢ ᠵᠦᠢᠯ ᠤᠨ ᠰᠤᠶᠤᠯ ᠵᠢᠭᠤᠯᠴᠢᠯᠠᠯ ᠤᠨ ᠠᠵᠢᠯᠯᠠᠭ᠎ᠠ ᠡᠷᠭᠢᠯᠡᠵᠦ᠂ 100 ᠭᠠᠷᠤᠢ ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠭᠠᠷᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ᠂ ᠵᠢᠭᠤᠯᠴᠢᠯᠠᠯ ᠤᠨ ᠲᠣᠭᠯᠠᠯᠲᠠ ᠵᠡᠷᠭᠡ ᠰᠢᠨ᠎ᠡ ᠪᠦᠳᠦᠭᠡᠭᠳᠡᠬᠦᠨ ᠰᠢᠨ᠎ᠡ ᠡᠵᠡᠩᠨᠡᠯᠲᠡ ᠢᠢᠨ ᠬᠡᠯᠪᠡᠷᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾᠂ ︽ᠮᠥᠰᠥ ᠴᠠᠰᠤᠨ ᠤ ᠨᠠᠭᠠᠳᠤᠮ︾᠂ ︽ᠮᠢᠩᠭᠠᠨ ᠲᠡᠷᠭᠡ ᠲᠦᠮᠡᠨ ᠬᠥᠮᠥᠨ ᠥᠪᠥᠷ ᠮᠣᠩᠭᠤᠯ ᠢ ᠲᠤᠭᠤᠯᠬᠤ︾ ᠵᠡᠷᠭᠡ ᠲᠦᠷᠦᠯ ᠲᠡᠮᠳᠡᠭᠳᠦ ᠠᠵᠢᠯᠯᠠᠭ᠎ᠠ ᠨᠢ ᠰᠦᠯᠵᠢᠶᠡᠨ ᠬᠠᠯᠠᠮᠰᠢᠯ ᠪᠤᠯᠵᠦ᠂ ᠮᠠᠨ ᠤ ᠤᠷᠤᠨ ᠤ ᠰᠤᠶᠤᠯ ᠵᠢᠭᠤᠯᠴᠢᠯᠠᠯ ᠤᠨ ᠠᠯᠳᠠᠷ ᠢ ᠤᠯᠠᠮ ᠮᠠᠨᠳᠤᠭᠤᠯᠤᠭᠰᠠᠨ ᠪᠠᠶᠢᠨ᠎ᠠ᠃︽2023 ᠤᠨ ᠳᠤ ᠮᠠᠨ ᠤ ᠤᠷᠤᠨ ᠦᠵᠦ ᠲᠦᠯᠦᠪᠯᠡᠭᠡ ᠶᠢ ᠴᠢᠩᠭᠠᠳᠬᠠᠨ ᠰᠤᠶᠤᠯ ᠵᠢᠭᠤᠯᠴᠢᠯᠠᠯ ᠤᠨ ᠠᠵᠢᠯ ᠢ ᠨᠢᠬᠡᠳᠤᠯᠳᠠᠢ ᠲᠦᠯᠦᠪᠵᠢᠬᠦᠯᠦᠨ ᠠᠬᠢᠭᠤᠯᠵᠤ᠂ ᠬᠠᠩᠭᠠᠯᠭ᠎ᠠ ᠶᠢ ᠪᠠᠶᠠᠯᠢᠭᠵᠢᠭᠤᠯᠤᠨ ᠰᠤᠶᠤᠯ ᠵᠢᠭᠤᠯᠴᠢᠯᠠᠯ ᠤᠨ ᠵᠠᠬ᠎ᠠ ᠲᠠᠯᠬᠡᠬᠦᠷ ᠢ ᠬᠦᠭᠵᠢᠬᠡᠵᠤ᠂ ᠲᠠᠯᠳᠠ ᠬᠦᠴᠦᠨ ᠢ ᠠᠭᠤᠳᠠᠯᠤᠨ ᠰᠤᠶᠤᠯ ᠵᠢᠭᠤᠯᠴᠢᠯᠠᠯ ᠤᠨ ᠠᠵᠤ ᠦᠢᠯᠡᠰ ᠢ ᠲᠡᠰ ᠲᠡᠪᠰᠢᠬᠦᠯᠦᠨ ᠦᠷ᠎ᠠ ᠠᠰᠢᠭ ᠢ ᠨᠢ ᠨᠡᠮᠡᠭᠳᠡᠬᠦᠯᠵᠤ᠂ ᠲᠦᠷᠦᠯ ᠲᠡᠮᠳᠡᠭ ᠢᠶᠠᠷ ᠬᠦᠳᠦᠯᠤᠨ ᠲᠠᠭᠠᠭᠤᠯᠬᠤ ᠶᠢ ᠪᠠᠷᠢᠮᠳᠠᠯᠠᠨ ᠰᠤᠶᠤᠯ ᠵᠢᠭᠤᠯᠴᠢᠯᠡᠯ ᠤᠨ ᠴᠢᠬᠤᠯᠠ ᠶᠡᠭᠡ ᠠᠵᠢᠯᠯᠠᠭ᠎ᠠ ᠨᠤᠭᠤᠳ ᠢ ᠠᠮᠵᠢᠯᠳᠠ ᠲᠠᠢ ᠦᠷᠨᠢᠬᠦᠯᠪᠠ︾ ᠬᠡᠵᠤ ᠰᠦᠨ ᠭᠦᠸᠧ ᠮᠢᠩ ᠶᠠᠷᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号