ᠰᠣᠶᠣᠯ ᠤᠨ ᠥᠪ ᠢ ᠳᠡᠯᠭᠡᠵᠤ ᠰᠢᠨ᠎ᠡ ᠪᠠᠶᠢᠳᠠᠯ ᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2024/1/29
  ᠶᠡᠷᠦᠩᠬᠡᠢ ᠱᠦᠵᠢ ᠰᠢ ᠶᠢᠨ ᠫᠢᠩ᠄ ︽ᠰᠣᠶᠣᠯ ᠤᠨ ᠢᠲᠡᠭᠡᠯ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦᠯᠡᠨ ᠴᠢᠷᠮᠠᠶᠢᠵᠤ ᠵᠢᠳᠬᠦᠯ ᠭᠠᠷᠭᠠᠨ ᠬᠠᠮᠲᠤ ᠪᠠᠷ ᠴᠢᠷᠮᠠᠶᠢᠵᠤ᠂ ᠮᠠᠨ ᠤ ᠡᠨᠡ ᠬᠦ ᠴᠠᠭ ᠦᠶ᠎ᠡ ᠳᠤ ᠬᠠᠷᠢᠶᠠᠯᠠᠭᠳᠠᠬᠤ ᠰᠢᠨ᠎ᠡ ᠰᠣᠶᠣᠯ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠬᠡᠷᠡᠭᠲᠡᠢ︾ ᠭᠡᠵᠦ ᠴᠢᠬᠤᠯᠠᠴᠢᠯᠠᠭᠰᠠᠨ ᠪᠠᠶᠢᠳᠠᠭ᠃   ᠰᠣᠶᠣᠯ ᠤᠨ ᠰᠢᠨ᠎ᠡ ᠡᠭᠦᠳᠦᠯᠲᠡ᠂ ᠪᠣᠯᠪᠠᠰᠤᠨ ᠤ ᠡᠭᠦᠳᠦᠯᠲᠡ ᠨᠢ ᠪᠣᠳᠠᠰ ᠤᠨ ᠪᠠ ᠤᠶᠤᠨ ᠤ ᠡᠳ᠋ ᠬᠦᠷᠦᠩᠭᠡ ᠶᠢᠨ ᠤᠯᠠᠮᠵᠢᠯᠠᠯ ᠠᠴᠠ ᠰᠠᠯᠵᠤ ᠴᠢᠳᠠᠬᠤ ᠦᠭᠡᠢ ᠶᠤᠮ᠃ ᠮᠠᠨ ᠤ ᠤᠯᠤᠰ ᠤᠨ ᠲᠡᠦᠬᠡ ᠰᠣᠶᠣᠯ ᠤᠨ ᠥᠪ ᠲᠤ ᠳᠤᠮᠳᠠᠳᠤ ᠶᠢᠨ ᠪᠣᠯᠪᠠᠰᠤᠨ ᠤ ᠤᠶᠤᠨ ᠰᠠᠨᠠᠭᠠᠨ ᠤ ᠣᠨᠴᠠᠯᠢᠭ ᠲᠦᠪᠯᠡᠷᠡᠵᠤ᠂ ᠣᠳᠣᠬᠠᠨ ᠤ ᠬᠥᠮᠦᠰ ᠤᠨ ᠡᠳᠦᠷ ᠲᠤᠳᠤᠮ ᠤᠨ ᠠᠮᠢᠳᠤᠷᠠᠯ ᠦᠢᠯᠡᠳᠦᠯᠭᠡ ᠳᠤ ᠬᠦᠴᠦᠷᠬᠡᠭ ᠶᠡᠭᠡ ᠤᠶᠤᠨ ᠤᠬᠠᠭᠠᠨ ᠤ ᠰᠡᠩᠬᠡᠷᠡᠭᠦᠯᠦᠯ ᠪᠣᠯᠤᠨ ᠬᠠᠶᠢᠷ᠎ᠠ ᠰᠡᠳᠭᠢᠯᠭᠡ ᠶᠢᠨ ᠬᠥᠳᠡᠯᠭᠡᠬᠦ ᠬᠦᠴᠦᠨ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠰᠢᠨ᠎ᠡ ᠴᠠᠭ ᠦᠶ᠎ᠡ ᠳᠤ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠡᠷᠬᠢᠮ ᠨᠠᠨᠳᠢᠨ ᠡᠬᠢ ᠪᠠᠶᠠᠯᠢᠭ ᠬᠠᠩᠭᠠᠭᠰᠠᠨ ᠪᠠᠶᠢᠨ᠎ᠠ᠃   ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠮᠠᠨ ᠤ ᠤᠯᠤᠰ ᠤᠨ ᠰᠣᠶᠣᠯ ᠤᠨ ᠥᠪ ᠢ ᠬᠠᠮᠠᠭᠠᠯᠠᠬᠤ ᠦᠢᠯᠡᠰ ᠬᠤᠪᠢᠷᠠᠯᠲᠠ ᠶᠢᠨ ᠳᠤᠮᠳᠠ ᠰᠢᠨ᠎ᠡ ᠶᠢ ᠡᠭᠦᠳᠦᠨ ᠤᠷᠤᠭᠰᠢᠯᠠᠵᠤ᠂ ᠳᠤᠮᠳᠠᠳᠤ ᠤᠯᠤᠰ ᠤᠨ ᠣᠨᠴᠠᠯᠢᠭ ᠪᠠ ᠳᠤᠮᠳᠠᠳᠤ ᠤᠯᠤᠰ ᠤᠨ ᠲᠤᠷᠰᠢᠯᠭ᠎ᠠ ᠲᠠᠢ ᠨᠢᠭᠡᠨ ᠢᠵᠢ ᠬᠠᠮᠠᠭᠠᠯᠠᠬᠤ ᠲᠠᠨᠢᠯᠲᠠ᠂ ᠬᠠᠮᠢᠶᠠᠷᠤᠯᠲᠠ ᠶᠢᠨ ᠰᠢᠰᠲ᠋ᠧᠮ ᠪᠠ ᠠᠵᠢᠯ ᠤᠨ ᠵᠠᠭᠪᠤᠷ ᠢ ᠬᠤᠷᠠᠮᠳᠤᠭᠤᠯᠪᠠ᠃ ᠢᠯᠡᠷᠬᠡᠢ ᠬᠢᠷᠢ ᠪᠦᠲᠦᠮᠵᠢ ᠣᠯᠤᠭᠰᠠᠨ ᠤ ᠬᠠᠮᠲᠤ᠂ ᠮᠠᠨ ᠤ ᠤᠯᠤᠰ ᠤᠨ ᠰᠣᠶᠣᠯ ᠤᠨ ᠥᠪ ᠢ ᠬᠠᠮᠠᠭᠠᠯᠠᠬᠤ ᠦᠢᠯᠡᠰ ᠲᠤ ᠪᠠᠰᠠ ᠬᠠᠮᠠᠭᠠᠯᠠᠬᠤ ᠣᠨᠣᠯ ᠤᠨ ᠰᠢᠰᠲ᠋ᠧᠮ ᠤᠨ ᠪᠠᠶᠢᠭᠤᠯᠤᠯᠲᠠ ᠬᠠᠷᠢᠴᠠᠩᠭᠤᠶ ᠬᠤᠴᠣᠷᠤᠩᠭᠤᠶ᠂ ᠬᠠᠮᠢᠶᠠᠷᠤᠯᠲᠠ ᠶᠢᠨ ᠰᠢᠰᠲ᠋ᠧᠮ ᠤᠨ ᠦᠵᠦ ᠲᠥᠯᠥᠪᠯᠡᠭᠡ ᠶᠢᠨ ᠬᠤᠯᠪᠣᠭᠠᠯᠠᠨ ᠬᠥᠳᠡᠯᠦᠯᠴᠡᠬᠦ ᠲᠠᠯ᠎ᠠ ᠪᠠᠷ ᠳᠤᠲᠠᠮᠠᠭ᠂ ᠰᠢᠨᠵᠢᠯᠡᠭᠡᠨ ᠤ ᠰᠢᠰᠲ᠋ᠧᠮ ︵ᠪᠦᠯᠦᠭ︶ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠴᠢᠬᠤᠯᠠᠲᠠᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠰᠢᠨ᠎ᠡ ᠥᠷᠢᠰᠥᠯᠳᠦᠭᠡᠨ ᠤ ᠡᠮᠦᠨ᠎ᠡ᠂ ᠪᠢᠳᠡ ᠨᠢᠭᠡ ᠢᠵᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ᠂ ᠤᠯᠠᠨ ᠤᠯᠤᠰ ᠤᠨ ᠬᠠᠷᠠᠭ᠎ᠠ ᠶᠢ ᠬᠤᠣᠰᠯᠠᠭᠤᠯᠤᠭᠰᠠᠨ ᠰᠣᠶᠣᠯ ᠤᠨ ᠥᠪ ᠢ ᠬᠠᠮᠠᠭᠠᠯᠠᠬᠤ ᠤᠨᠤᠯ ᠤᠨ ᠰᠢᠰᠲ᠋ᠧᠮ ᠪᠣᠯᠤᠨ ᠦᠢᠯᠡᠳᠦᠯᠭᠡ ᠶᠢᠨ ᠠᠷᠭ᠎ᠠ ᠵᠠᠮ ᠢ ᠳ᠋ᠦᠩᠨᠡᠨ ᠰᠦᠪᠡᠭᠴᠢᠯᠡᠬᠦ ᠴᠢᠬᠤᠯᠠᠲᠠᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠪᠣᠯᠤᠨ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠳᠤᠮᠳᠠ ᠲᠤᠪᠤᠶᠢᠮ᠎ᠠ ᠦᠢᠯᠡᠳᠦᠯ ᠦᠵᠡᠭᠦᠯᠵᠦ᠂ ᠳᠡᠯᠡᠬᠡᠢ ᠨᠡᠶᠢᠭᠡᠮ ᠳᠤ ᠳᠤᠮᠳᠠᠳᠤ ᠤᠯᠤᠰ ᠤᠨ ᠲᠤᠷᠰᠢᠯᠭ᠎ᠠ ᠶᠢ ᠬᠠᠩᠭᠠᠬᠤ ᠴᠢᠬᠤᠯᠠᠲᠠᠢ᠃   ᠣᠨᠣᠯ ᠤᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠰᠢᠨ᠎ᠡ ᠴᠠᠭ ᠦᠶ᠎ᠡ ᠶᠢᠨ ᠰᠣᠶᠣᠯ ᠤᠨ ᠥᠪ ᠢ ᠬᠠᠮᠠᠭᠠᠯᠠᠬᠤ ᠦᠢᠯᠡᠰ ᠢ ᠬᠥᠲᠥᠯᠥᠨ ᠳᠠᠭᠠᠭᠤᠯᠬᠤ ᠬᠡᠷᠡᠭᠲᠡᠢ᠃ ᠨᠢᠭᠡᠳᠦᠭᠡᠷ ᠲᠤ᠂ ᠰᠣᠶᠣᠯ ᠤᠨ ᠥᠪ ᠤᠨ ᠦᠷᠳᠡᠭ ᠪᠣᠯᠤᠨ ᠤᠨᠤᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ ᠬᠡᠷᠡᠭᠴᠡᠭᠡ ᠳᠤ ᠦᠢᠯᠡᠴᠢᠯᠡᠬᠦ ᠬᠡᠷᠡᠭᠲᠡᠢ᠃ ᠳᠤᠮᠳᠠᠳᠤ ᠶᠢᠨ ᠪᠣᠯᠪᠠᠰᠤᠨ ᠤ 5000 ᠭᠠᠷᠤᠢ ᠵᠢᠯ ᠤᠨ ᠬᠥᠭᠵᠢᠯᠲᠡ ᠶᠢᠨ ᠶᠠᠪᠤᠴᠠ ᠪᠣᠯ ᠰᠢᠨ᠎ᠡ ᠴᠠᠭ ᠦᠶ᠎ᠡ ᠶᠢᠨ ᠰᠣᠶᠣᠯ ᠤᠨ ᠢᠲᠡᠭᠡᠯ ᠢ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠡᠦᠬᠡᠨ ᠦᠨᠳᠦᠰᠦᠯᠡᠯ ᠮᠥᠨ᠃ ᠡᠷᠬᠡᠪᠰᠢ ᠲᠡᠦᠬᠡᠨ ᠦᠵᠡᠯᠲᠡ ᠶᠢᠨ ᠬᠤᠷᠸ᠎ᠠ ᠬᠠᠷᠠᠭᠠᠰᠤ ᠠᠴᠠ ᠰᠣᠶᠣᠯ ᠤᠨ ᠥᠪ ᠤᠨ ᠥᠷᠲᠡᠭ ᠤᠨ ᠰᠤᠳᠤᠯᠤᠯ ᠢᠶᠠᠷ ᠭᠤᠣᠯᠳᠠᠯᠭ᠎ᠠ ᠪᠣᠯᠭᠠᠨ᠂ ᠳᠤᠮᠳᠠᠳᠤ ᠤᠯᠤᠰ ᠤᠨ ᠲᠤᠷᠰᠢᠯᠭ᠎ᠠ ᠪᠣᠯᠤᠨ ᠳᠤᠮᠳᠠᠳᠤ ᠤᠯᠤᠰ ᠤᠨ ᠮᠡᠳᠡᠯᠭᠡ ᠪᠠᠷ ᠣᠯᠠᠨ ᠤᠯᠤᠰ ᠤᠨ ᠰᠣᠶᠣᠯ ᠤᠨ ᠥᠪ ᠤᠨ ᠣᠨᠣᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠬᠤᠶᠠᠳᠤᠭᠠᠷ ᠲᠤ᠂ ᠰᠣᠶᠣᠯ ᠤᠨ ᠥᠪ ᠤᠨ ᠬᠠᠮᠢᠶᠠᠷᠤᠯᠲᠠ ᠶᠢᠨ ᠦᠵᠦ ᠲᠥᠯᠥᠪᠯᠡᠭᠡ ᠶᠢ ᠲᠦᠷᠭᠡᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠣᠶᠣᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠣᠶᠣᠯ ᠤᠨ ᠥᠪ ᠢ ᠬᠠᠮᠠᠭᠠᠯᠠᠵᠤ ᠬᠠᠮᠢᠶᠠᠷᠬᠤ ᠶᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠲᠠᠪᠴᠠᠩ ᠪᠣᠯᠤᠨ ᠲᠣᠭᠲᠠᠴᠠ ᠶᠢ ᠪᠠᠶᠢᠭᠤᠯᠵᠤ᠂ ᠰᠣᠶᠣᠯ ᠤᠨ ᠥᠪ ᠤᠨ ᠬᠠᠮᠠᠭᠠᠯᠠᠵᠤ ᠤᠯᠠᠮᠵᠢᠯᠠᠬᠤ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠶ︔ ᠡᠭᠦᠨ ᠤ ᠬᠠᠮᠲᠤ ᠰᠢᠰᠲ᠋ᠧᠮᠲᠦ ᠴᠢᠨᠠᠷᠲᠠᠶ ᠰᠣᠶᠣᠯ ᠤᠨ ᠥᠪ ᠢ ᠬᠠᠮᠠᠭᠠᠯᠠᠬᠤ ᠣᠨᠣᠯ ᠢ ᠴᠢᠨᠠᠭᠰᠢᠳᠠ ᠲᠡᠭᠦᠯᠳᠡᠷᠵᠢᠭᠦᠯᠵᠦ᠂ ᠰᠣᠶᠣᠯ ᠤᠨ ᠥᠪ ᠤᠨ ᠨᠡᠶᠢᠭᠡᠮ ᠤᠨ ᠴᠢᠳᠠᠮᠵᠢ ᠶᠢᠨ ᠴᠢᠨᠠᠷᠲᠠᠶ ᠳᠡᠰ ᠲᠥᠷᠥᠯ ᠬᠤᠪᠢᠶᠠᠨ ᠬᠠᠮᠢᠶᠠᠷᠬᠤ ᠰᠢᠰᠲᠤᠮ ᠢ ᠪᠠᠶᠢᠭᠤᠯᠵᠤ᠂ ᠰᠣᠶᠣᠯ ᠤᠨ ᠥᠪ ᠢ ᠠᠮᠢᠳᠤᠯᠢᠭᠵᠢᠭᠤᠯᠤᠨ ᠠᠰᠢᠭᠯᠠᠬᠤ ᠶᠢᠨ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ︔ ᠰᠣᠶᠣᠯ ᠤᠨ ᠥᠪ ᠤᠨ ᠬᠠᠮᠠᠭᠠᠯᠠᠯᠲᠠ ᠬᠢᠭᠡᠳ ᠦᠷᠭᠦᠯᠵᠢᠯᠡᠨ ᠬᠥᠭᠵᠢᠬᠦ ᠶᠢᠨ ᠲᠡᠩᠴᠡᠭᠦᠷᠢᠲᠦ ᠲᠣᠭᠲᠠᠴᠠ ᠶᠢ ᠬᠠᠶᠢᠨ ᠰᠦᠪᠡᠭᠴᠢᠯᠡᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠬᠤ ᠬᠡᠷᠡᠭᠲᠡᠶ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号