ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠠᠴᠠ ᠡᠷᠬᠢᠯᠡᠨ | ᠬᠤᠷᠠᠯᠳᠤᠭᠤᠯᠤᠬᠰᠠᠨ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠬᠰᠠᠨ ᠢᠶᠠᠷ᠂ 2023 ᠤᠨ ᠳᠤ ᠮᠠᠨ ᠤ | ᠤᠷᠤᠨ ᠲᠡᠷᠢᠭᠦᠨ ᠤ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ | ᠭᠤᠣᠯᠯᠠᠬᠤ ᠴᠢᠳᠠᠮᠵᠢ ᠶᠢ ᠴᠢᠩᠭᠠᠳᠬᠠᠬᠤ ᠪᠠ ᠭᠤᠣᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ | ᠰᠢᠨ᠎ᠡ ᠰᠢᠪᠲᠤᠯᠤᠯᠲᠠ ᠲᠠᠢ ᠪᠣᠯᠵᠠᠢ᠃ | 2023 ᠤᠨ ᠳᠤ ᠮᠠᠨ ᠤ ᠤᠷᠤᠨ ᠪᠥᠬᠦ ᠣᠷᠣᠨ ᠤ ᠡᠯ᠎ᠡ ᠱᠠᠲᠤᠨ ᠤ ᠤᠯᠤᠰ ᠤᠨ ᠥᠮᠴᠢᠯᠡᠯᠳᠤ ᠠᠵᠤ | ᠠᠬᠤᠶᠢᠯᠠᠯ ᠤᠨ ᠲᠡᠷᠢᠭᠦᠨ ᠲᠠᠰ ᠤᠨ ᠢᠨᠵᠧᠨᠧᠷᠢᠩ ᠢ ᠡᠭᠦᠳᠦᠨ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ | ᠬᠡᠷᠡᠭᠵᠢᠭᠦᠯᠵᠦ᠂ ᠥᠨᠳᠥᠷ ᠪᠠᠷᠢᠮᠵᠢᠶ᠎ᠠ᠂ ᠥᠨᠳᠥᠷ ᠡᠬᠢᠯᠡᠯᠲᠡ ᠲᠠᠢ ᠪᠠᠷ ᠪᠠᠷᠢᠮᠵᠢᠶ᠎ᠠ ᠳᠤ ᠬᠦᠷᠬᠡᠬᠦ ᠶᠢ ᠪᠠᠷᠢᠮᠲᠠᠯᠠᠨ᠂ | ᠱᠠᠨᠳᠦ᠋ᠩ ᠮᠤᠵᠢ ᠯᠤᠭ᠎ᠠ ᠠᠵᠤ ᠠᠬᠤᠶᠢᠯᠠᠯ ᠤᠨ ᠬᠤᠤᠰᠯᠠᠵᠦ ᠪᠠᠶᠢᠭᠤᠯᠬᠤ ᠲᠣᠭᠲᠠᠴᠠ ᠪᠠ ᠪᠠᠷᠢᠮᠵᠢᠶ᠎ᠠ ᠳᠤ ᠬᠦᠷᠭᠡᠵᠦ | ᠳᠡᠭᠡᠭᠰᠢᠯᠡᠭᠦᠯᠬᠦ ᠲᠣᠭᠲᠠᠴᠠ ᠶᠢ ᠪᠠᠶᠢᠭᠤᠯᠵᠠᠢ᠃ ᠦᠷᠳᠡᠭ ᠤᠨ ᠡᠭᠦᠳᠦᠯᠲᠡ᠂ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠬᠤ ᠪᠤᠯᠤᠨ ︽ᠴᠡᠴᠡᠭ ᠪᠦᠬᠦᠨ ᠢ ᠵᠡᠷᠭᠡ ᠪᠠᠷ ᠳᠡᠯᠭᠡᠷᠡᠬᠦᠯᠵᠦ ᠡᠷᠳᠡᠮᠳᠡᠨ ᠪᠦᠬᠦᠨ ᠢ ᠴᠢᠯᠦᠭᠡᠳᠡᠢ | ᠶᠠᠷᠢᠯᠴᠠᠭᠤᠯᠬᠤ ᠴᠢᠭᠯᠡᠯᠳᠡ︾᠂ ︽ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠵᠢᠱᠶ᠊ ᠡᠶ᠎ᠡ | ᠦᠵᠡᠬᠦᠯᠬᠦ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠮᠳᠠᠳᠤ ᠤᠯᠤᠰ ᠤᠨ ᠤᠮᠠᠷᠠᠲᠤ ᠶᠢᠨ ᠬᠤᠪᠣᠷ | ᠰᠢᠷᠣᠢ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠴᠠᠭᠠᠳᠤ ᠬᠠᠷᠢᠭᠤᠴᠠᠯᠭᠠᠳᠤ ᠺᠤᠮᠫᠠᠨᠢ ︵ᠪᠦᠯᠦᠭᠯᠡᠯ︶ | ᠳᠡᠯᠡᠬᠡᠢ ᠶᠢᠨ ᠲᠡᠷᠢᠭᠦᠨ ᠵᠡᠷᠭᠡ ᠶᠢᠨ ᠲᠤᠰᠬᠠᠢ ᠮᠡᠷᠭᠡᠵᠢᠯ ᠤᠨ ᠲᠠᠭᠠᠭᠤᠯᠤᠬᠴᠢ ᠵᠢᠱᠶ᠊ ᠡᠶ᠎ᠡ ᠦᠵᠡᠭᠦᠯᠬᠦ ᠠᠵᠤ | ᠠᠬᠤᠶᠢᠯᠠᠯ ᠢ ᠡᠭᠦᠳᠦᠨ ᠪᠠᠶᠢᠭᠤᠯᠬᠤ ᠳᠤ ᠰᠣᠩᠭᠤᠭᠳᠠᠵᠤ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ | ᠬᠦᠷᠢᠶᠡᠯᠡᠩ ᠪᠦᠬᠦ ᠤᠯᠤᠰ ᠤᠨ 20 ᠥᠭᠡᠷᠡᠴᠢᠯᠡᠯᠲᠡ ᠶᠢᠨ ᠬᠡᠪ ᠳᠠᠭᠤᠷᠢᠶᠠᠯ ᠪᠤᠯᠬᠤ ᠠᠵᠤ ᠠᠬᠤᠶᠢᠯᠠᠯ ᠤᠨ | ᠨᠢᠭᠡ ᠪᠠᠷ ᠰᠣᠩᠭᠤᠭᠳᠠᠵᠠᠢ᠃ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠦᠷᠢᠶᠡᠨ ᠳᠠᠬᠢ | ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠤᠯᠠᠭᠠᠨᠪᠤᠬ᠎ᠠ ᠡᠯᠡᠰᠦᠨ ᠴᠥᠯ ᠤᠨ 1200 ᠲᠦᠮᠡᠨ ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ | ᠴᠠᠬᠢᠯᠭᠠᠨ ᠬᠡᠷᠡᠯᠴᠢ ᠴᠡᠨᠡᠭ ᠤᠨ ᠰᠠᠭᠤᠷᠢᠨ᠂ ︽ᠴᠤᠤᠯ ᠭᠤᠤᠯ ᠤᠨ ᠤᠰᠤ ᠶᠢ ᠯᠢᠶᠣᠤᠾᠧ ᠭᠤᠤᠯ ᠳᠤ ᠳᠠᠳᠠᠬᠤ︾ | ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠬᠥᠬᠡᠬᠤᠲᠠ ᠶᠢᠨ ᠰᠢᠨ᠎ᠡ ᠨᠢᠰᠭᠡᠯ ᠤᠨ ᠪᠠᠭᠤᠳᠠᠯ ᠤᠨ ᠲᠦᠷᠭᠡᠨ ᠤ | ᠵᠠᠰᠠᠮᠠᠯ ᠵᠠᠮ᠂ ᠪᠤᠭᠤᠲᠤ ᠠᠴᠠ ᠢᠷᠭᠠᠶ ᠬᠦᠷᠬᠦ ᠲᠦᠷᠬᠡᠨ ᠤ ᠲᠡᠮᠦᠷ ᠵᠠᠮ᠂ ᠵᠢᠨᠢᠩ — ᠳ᠋ᠠᠲ᠋ᠦ᠋ᠡᠭ — ᠶᠤᠸᠠᠨ | ᠫᠢᠡᠭ ᠤᠨ ᠲᠦᠷᠬᠡᠨ ᠤ ᠲᠡᠮᠦᠷ ᠵᠠᠮ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠠᠢ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠪᠥᠬᠦ ᠵᠢᠯ ᠳᠤ 886.15 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠨᠢᠳᠤᠨᠤᠨ ᠤ ᠬᠢ ᠠᠴᠠ 36.65% ᠪᠠᠷ ᠨᠡᠮᠡᠭᠳᠡᠵᠠᠢ᠂ | ᠡᠭᠦᠨ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠠᠯᠠ | ᠣᠷᠣᠭᠤᠯᠤᠯᠲᠠ ᠶᠢ 188.62 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠰᠤᠳᠤᠯᠤᠨ ᠨᠡᠭᠡᠭᠡᠬᠦ ᠪᠡᠯᠨ | ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠰᠢᠨ᠎ᠡ ᠡᠨᠧᠷᠭᠢ᠂ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠰᠢᠰᠲ᠋ᠧᠮ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠬᠦᠷᠢᠶᠡᠨ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠪᠤᠭᠤᠲᠤ ᠶᠢᠨ ᠪᠣᠯᠣᠳ | ᠲᠡᠮᠦᠷ ᠤᠨ ᠪᠦᠯᠦᠭᠯᠡᠯ ᠪᠥᠬᠦ ᠤᠯᠤᠰ ᠤᠨ ᠠᠩᠬᠠᠳᠠᠭᠴᠢ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ | ᠰᠢᠰᠲ᠋ᠧᠮ ᠤᠨ ᠵᠢᠱᠢᠶ᠎ᠡ ᠦᠵᠡᠭᠦᠯᠬᠦ ᠲᠥᠬᠦᠭᠡᠷᠦᠮᠵᠢ ᠶᠢ ᠪᠠᠶᠢᠭᠤᠯᠤᠨ ᠪᠦᠲᠦᠭᠡᠵᠦ᠂ ᠴᠠᠬᠢᠯᠭᠠᠨ ᠬᠦᠴᠦᠨ ᠤ | ᠪᠦᠯᠦᠭᠯᠡᠯ ᠨᠢ ᠪᠡᠭᠡᠵᠢᠩ ᠤᠨ ᠬᠤᠸᠠᠢ ᠷᠸᠦ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠤᠨ ᠰᠠᠭᠤᠷᠢᠨ ᠢ | ᠪᠠᠶᠢᠭᠤᠯᠬᠤ ᠶᠢ ᠢᠳᠡᠪᠬᠢᠲᠡᠶ ᠠᠬᠢᠭᠤᠯᠵᠠᠢ᠃ ᠪᠦᠷᠢᠳᠭᠡᠯ ᠢ ᠦᠨᠳᠦᠰᠦᠯᠡᠪᠡᠯ᠂ 2023 ᠣᠨ ᠳᠤ᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠢᠨᠡᠨ ᠬᠠᠮᠢᠶᠠᠷᠤᠯᠲᠠ ᠶᠢᠨ ᠵᠥᠪᠯᠡᠯ ᠤᠨ ᠬᠢᠨᠠᠨ | ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢᠨ ᠬᠦᠴᠦᠯᠡᠴᠡ 3. | 77% ᠬᠦᠷᠴᠦ᠂ ᠪᠥᠬᠦ ᠤᠯᠤᠰ ᠤᠨ ᠳᠤᠮᠳᠠᠴᠢ ᠲᠦᠪᠰᠢᠨ ᠠᠴᠠ ᠳᠠᠪᠠᠵᠠᠢ᠃ | |