ᠦᠰᠦᠭ ᠪᠢᠴᠢᠭ ᠤᠨ ᠳᠠᠶᠢᠯᠤᠮᠵᠢ᠄ 2024 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ  ᠤᠨ ᠳᠠᠶᠢᠯᠤᠮᠵᠢ ︵1︶
ᠨᠡᠶᠢᠲᠡᠯᠡᠭᠰᠡᠨ ᠴᠠᠭ᠄
2024/1/29
   ᠨᠢᠭᠡ᠂ 2023 ᠣᠨ ᠤ ᠠᠵᠢᠯ ᠤᠨ ᠡᠷᠭᠢᠴᠡᠭᠦᠯᠦᠯ   2023 ᠣᠨ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠳᠣᠣᠷ᠎ᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠬᠤᠶᠠᠷ ᠶᠡᠭᠡ ᠶᠠᠪᠤᠳᠠᠯ︾ ᠢ ᠡᠷᠡᠰ ᠰᠠᠶᠢᠲᠤᠷ ᠬᠢᠵᠦ᠂ ︽ᠠᠮᠢ ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ ᠬᠥᠭᠵᠢᠭᠦᠯᠵᠦ᠂ ᠵᠢᠭᠤᠯᠴᠢᠯᠠᠯ ᠢ ᠠᠬᠢᠭᠤᠯᠬᠤ︾ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ︽ᠲᠠᠪᠤᠨ ᠬᠤᠰᠢᠭᠤᠨ ᠤ ᠪᠠᠶᠢᠯᠳᠤᠬᠤ ᠪᠣᠳᠣᠯᠭ᠎ᠠ︾ ᠶᠢ ᠬᠡᠷᠡᠭᠵᠢᠭᠦᠯᠵᠦ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃   ᠨᠢᠭᠡ ᠳᠤ᠂ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 89.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ 8.2% ᠪᠤᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 97.9 ᠳ᠋ᠦᠩᠰᠢᠭᠤᠷ ᠲᠥᠭᠦᠷᠢᠭ ᠲᠤ ᠬᠦᠷᠴᠦ᠂ 36.4% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠦᠬᠦ ᠠᠶᠢᠮᠠᠭ ᠤᠨ ᠨᠢᠭᠡᠳᠦᠭᠡᠷ ᠲᠤ ᠣᠷᠣᠪᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠡᠯᠡ ᠮᠥᠩᠭᠦ 71.5 ᠳ᠋ᠦᠩᠰᠢᠭᠤᠷ ᠲᠥᠭᠦᠷᠢᠭ ᠲᠤ ᠬᠦᠷᠴᠦ᠂ 26.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ᠂ ᠶᠡᠷᠦᠩᠬᠡᠢ ᠬᠡᠮᠵᠢᠶ᠎ᠡ ᠨᠢ ᠪᠦᠬᠦ ᠠᠶᠢᠮᠠᠭ ᠤᠨ ᠨᠢᠭᠡᠳᠦᠭᠡᠷ ᠲᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 73.5% ᠪᠠᠷ ᠨᠡᠮᠡᠭᠳᠡᠵᠦ᠂ ᠪᠦᠬᠦ ᠠᠶᠢᠮᠠᠭ ᠤᠨ ᠬᠤᠶᠠᠳᠤᠭᠠᠷ ᠲᠤ ᠤᠷᠤᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3.3 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 34575 ᠲᠥᠭᠦᠷᠢᠭ ᠪᠠ 15503 ᠲᠥᠭᠦᠷᠢᠭ ᠲᠤ ᠬᠦᠷᠴᠦ᠂ 6.1% ᠪᠠ 8.4% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 10.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 4.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ ᠬᠤᠶᠠᠳᠤᠭᠠᠷ ᠲᠤ ᠣᠷᠣᠪᠠ᠃   ᠬᠤᠶᠠᠷ ᠲᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠬᠢᠵᠢᠪᠡ᠃ ᠪᠦᠬᠦ ᠠᠶᠢᠮᠠᠭ ᠤᠨ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠲᠥᠪᠯᠡᠷᠡᠭᠦᠯᠦᠨ ᠬᠢᠬᠦ ᠶᠢ ᠡᠬᠢᠯᠡᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢᠨ ᠪᠦᠯᠬᠦᠮ ᠢ ᠤᠷᠢᠵᠤ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠢ ᠶᠢᠨ ᠵᠠᠰᠠᠯᠲᠠ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠪᠠ᠃ 18 ᠲᠦᠮᠡᠨ ᠮᠦ ᠣᠢ ᠰᠢᠭᠤᠢ ᠪᠠ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠰᠡᠷᠭᠦᠭᠡᠯᠲᠡ ᠶᠢ ᠪᠡᠶᠡᠯᠡᠭᠦᠯᠵᠦ᠂ 62 ᠲᠦᠮᠡᠨ ᠮᠦ ᠣᠢ ᠰᠢᠭᠤᠢ ᠨᠤᠲᠤᠭ ᠪᠡᠯᠴᠢᠭᠡᠷ ᠤᠨ ᠬᠤᠣᠷ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠵᠤ᠂ 3 ᠲᠦᠮᠡᠨ ᠮᠦ ᠬᠥᠷᠥᠰᠥ ᠰᠢᠷᠣᠢ ᠶᠢᠨ ᠢᠳᠡᠭᠳᠡᠯ ᠢ ᠵᠠᠰᠠᠵᠤ᠂ 35 ᠵᠤᠷᠪᠤᠰ ᠢᠳᠡᠭᠳᠡᠯ ᠲᠠᠢ ᠭᠤᠤ ᠶᠢ ᠵᠠᠰᠠᠵᠤ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠬᠤᠤᠰ ᠳᠡᠭᠡᠭᠰᠢᠯᠡᠯᠲᠡ ᠶᠢ ᠪᠡᠶᠡᠯᠡᠬᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 96.7% ᠳᠤ ᠬᠦᠷᠴᠦ᠂ ᠬᠤᠣᠯᠢᠨ ᠭᠤᠣᠯ ᠤᠨ ᠰᠠᠪᠠ ᠭᠠᠵᠠᠷ ᠤᠨ ᠭᠤᠣᠯ ᠤᠨ ᠪᠠᠶᠢᠰᠢᠩ ᠤᠨ ᠬᠡᠰᠡᠭ ᠤᠨ ᠡᠵᠡᠮᠰᠢᠯ ᠣᠭᠲᠣᠯᠤᠭᠠᠰᠤ ᠶᠢᠨ ᠤᠰᠤᠨ ᠴᠣᠭᠴᠠ ᠶᠢᠨ ᠤᠰᠤᠨ ᠤ ᠴᠢᠨᠠᠷ ᠭᠤᠷᠪᠠᠳᠤᠭᠠᠷ ᠳᠡᠰ ᠤᠨ ᠪᠠᠷᠢᠮᠵᠢᠶ᠎ᠠ ᠳᠤ ᠬᠦᠷᠴᠦ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠶᠡᠷᠦᠩᠬᠡᠶᠢᠯᠡᠨ ᠠᠰᠢᠭᠯᠠᠬᠤ ᠨᠣᠷᠮ᠎ᠠ 100% ᠳᠤ ᠬᠦᠷᠴᠡᠢ᠃   ᠭᠤᠷᠪᠠ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ 127 ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 325 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠴᠢᠬᠤᠯᠠ ᠶᠡᠭᠡ ᠲᠥᠷᠥᠯ ᠵᠦᠢᠯ 28 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 200 ᠳ᠋ᠦᠩᠰᠢᠭᠤᠷ ᠲᠥᠭᠦᠷᠢᠭ ᠲᠤ ᠬᠦᠷᠴᠦ᠂ 83 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠠᠶᠢᠮᠠᠭ ᠤᠨ ᠨᠢᠭᠡᠳᠦᠭᠡᠷ ᠲᠤ ᠣᠷᠣᠪᠠ᠃ ᠤᠯᠤᠰ ᠤᠨ ᠳᠣᠲᠣᠭᠠᠳᠤ ᠳᠤ ᠠᠰᠢᠭᠯᠠᠯᠳᠠ ᠪᠠᠷ ᠬᠠᠮᠤᠭ ᠤᠨ ᠲᠤᠮᠦ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠤ ᠵᠦᠩ ᠭᠤᠸᠠᠩ ᠾᠧ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠵᠢᠩ ᠺᠧ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠢᠨᠵᠧᠨᠧᠷᠢᠩ ᠠᠰᠢᠭᠯᠠᠯᠳᠠ ᠳᠤ ᠣᠷᠣᠵᠤ ᠴᠠᠬᠢᠯᠭᠠᠨ ᠭᠠᠷᠭᠠᠵᠤ᠂ ᠴᠡᠪᠡᠷ ᠡᠨᠧᠷᠭᠢ ᠶᠢᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠬᠡᠪᠴᠢᠶ᠎ᠡ 488 ᠲᠦᠮᠡᠨ ᠺᠢᠯᠣᠸᠠᠲ ᠲᠤ ᠬᠦᠷᠪᠡ᠃ ᠰᠠᠶᠢᠨᠵᠤᠤ ᠨᠡᠬᠡᠬᠡᠯᠭᠡ ᠶᠢᠨ ᠥᠷᠲᠡᠭᠡᠨ ᠤ ᠢᠨᠵᠧᠨᠧᠷᠢᠩ ᠥᠪᠥᠷ ᠮᠣᠩᠭᠤᠯ ᠤᠨ ᠵᠡᠭᠦᠨ ᠬᠡᠰᠡᠭ ᠤᠨ ᠬᠢᠩᠭᠠᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠠᠮᠤᠭ ᠲᠦᠷᠭᠡᠨ ᠪᠦᠲᠦᠭᠡᠨ ᠪᠠᠶᠢᠭᠤᠯᠤᠯᠲᠠ ᠶᠢᠨ ᠲᠡᠮᠳᠡᠭᠯᠡᠯ ᠢ ᠡᠭᠦᠳᠴᠡᠢ᠃ ᠮᠧᠩ ᠨᠧᠩ ᠴᠠᠬᠢᠯᠭᠠᠨ ᠦᠢᠯᠡᠳᠪᠦᠷᠢ ᠶᠢᠨ ᠠᠮᠢᠳᠤᠯᠢᠭ ᠴᠢᠨᠠᠷᠲᠠᠢ ᠥᠭᠡᠷᠡᠴᠢᠯᠡᠯᠲᠡ᠂ ᠵᠢᠩ ᠺᠧ ᠴᠠᠬᠢᠯᠭᠠᠨ ᠦᠢᠯᠡᠳᠪᠦᠷᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠥᠭᠡᠷᠡᠴᠢᠯᠡᠯᠲᠡ ᠵᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠬᠦᠯᠪᠡ᠃ ᠤᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠶᠡᠷᠦᠩᠬᠡᠢ ᠲᠥᠯᠥᠪᠵᠢᠭᠦᠯᠭᠡ ᠪᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠨᠠᠶᠢᠷᠠᠭᠤᠯᠭ᠎ᠠ ᠶᠢ ᠪᠡᠶᠡᠯᠡᠭᠦᠯᠵᠦ᠂ 11 ᠲᠥᠷᠥᠯ ᠵᠦᠢᠯ ᠢ ᠰᠢᠨ᠎ᠡ ᠪᠠᠷ ᠣᠷᠣᠭᠤᠯᠤᠨ ᠠᠪᠴᠢᠷᠠᠪᠠ᠃   ᠳᠥᠷᠪᠡ ᠳᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠳᠡᠭᠡᠭᠰᠢᠯᠡᠵᠤ ᠦᠷ᠎ᠡ ᠠᠰᠢᠭ ᠨᠡᠮᠡᠭᠳᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 24 ᠲᠦᠮᠡᠨ ᠮᠦ ᠰᠢᠨ᠎ᠡ ᠪᠠᠷ ᠪᠠᠶᠢᠭᠤᠯᠵᠤ᠂ 109 ᠲᠦᠮᠡᠨ ᠮᠦ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠳᠠᠷᠢᠶᠠᠯᠠᠭ᠎ᠠ ᠶᠠᠪᠤᠭᠳᠠᠭᠤᠯᠵᠤ᠂ 37 ᠲᠦᠮᠡᠨ ᠮᠦ ᠬᠥᠷᠥᠰᠥ ᠶᠢ ᠭᠦᠨ ᠰᠤᠯᠠᠷᠠᠭᠤᠯᠵᠤ ᠲᠡᠭᠰᠢᠯᠡᠬᠦ ᠶᠢ ᠬᠡᠷᠡᠭᠵᠢᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠢ ︽ᠨᠢᠭᠡ ᠰᠦᠷᠴᠢᠵᠦ ᠣᠯᠠᠨ ᠠᠬᠢᠭᠤᠯᠬᠤ︾ ᠶᠢ 174 ᠲᠦᠮᠡᠨ ᠮᠦ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ 25 ᠳ᠋ᠦᠩᠰᠢᠭᠤᠷ ᠵᠢᠩ ᠢ ᠳᠠᠪᠠᠵᠤ᠂ ︽ᠪᠦᠬᠦ ᠤᠯᠤᠰ ᠤᠨ ᠳᠡᠰ ᠠᠴᠠ ᠳᠠᠪᠠᠭᠰᠠᠨ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ︾ ᠳᠤ ᠣᠷᠣᠪᠠ᠃ 80 ᠲᠦᠮᠡᠨ ᠮᠦ ᠪᠤᠷᠳᠣᠭᠠᠨ ᠡᠪᠡᠰᠦ ᠲᠠᠷᠢᠵᠤ᠂ 20 ᠲᠦᠮᠡᠨ ᠲᠡᠭᠰᠢ ᠳᠥᠷᠪᠡᠯᠵᠢᠨ ᠮᠧᠲᠷ ᠬᠠᠰᠢᠶ᠎ᠠ ᠰᠠᠷᠠᠪᠴᠢ᠂ 20 ᠲᠦᠮᠡᠨ ᠲᠡᠭᠰᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠫᠧᠩ ᠰᠠᠷᠠᠪᠴᠢ ᠶᠢ ᠪᠠᠶᠢᠭᠤᠯᠪᠠ᠃ ᠮᠠᠯ ᠳᠡᠵᠢᠬᠡᠪᠦᠷᠢ ᠶᠢᠨ ᠳᠤᠭ᠎ᠠ 225 ᠲᠦᠮᠡᠨ ᠳᠤᠭ᠎ᠠ ᠲᠣᠯᠣᠭᠠᠢ ᠪᠤᠯᠵᠤ᠂ ᠦᠬᠡᠷ  ᠤᠨ ᠳᠤᠭ᠎ᠠ 50 ᠲᠦᠮᠡᠨ ᠲᠣᠯᠣᠭᠠᠢ ᠶᠢ ᠳᠠᠪᠠᠵᠤ᠂ 163 ᠲᠦᠮᠡᠨ ᠲᠣᠯᠣᠭᠠᠢ ᠬᠤᠨᠢ ᠪᠤᠯᠪᠠ᠃ ᠬᠤᠩ ᠠᠨ ᠮᠠᠯ ᠳᠡᠵᠢᠬᠡᠪᠦᠷᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠵᠢᠯ ᠤᠨ ᠠᠷᠠᠯᠵᠢᠶᠠᠨ ᠤ ᠬᠡᠮᠵᠢᠶ᠎ᠡ 65 ᠲᠦᠮᠡᠨ ᠲᠣᠯᠣᠭᠠᠢ ᠬᠦᠷᠴᠦ᠂ ᠠᠷᠠᠯᠵᠢᠶᠠᠨ ᠤ ᠬᠡᠮᠵᠢᠶ᠎ᠡ 20 ᠳ᠋ᠦᠩᠰᠢᠭᠤᠷ ᠲᠥᠭᠦᠷᠢᠭ ᠢ ᠳᠠᠪᠠᠵᠤ᠂ ᠬᠤᠸᠠ ᠶᠠᠩ 20 ᠲᠦᠮᠡᠨ ᠲᠣᠨ ᠦᠬᠡᠷ ᠤᠨ ᠮᠢᠬ᠎ᠠ ᠡᠳ᠋ᠰᠢᠭᠦᠯᠬᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠲᠡᠵᠢᠭᠡᠯ ᠡᠪᠡᠰᠦᠨ ᠤ ᠠᠵᠤ ᠦᠢᠯᠡᠰ ᠤᠨ ᠡᠳ᠋ᠰᠢᠭᠦᠯᠦᠨ ᠪᠣᠯᠪᠠᠰᠤᠷᠠᠭᠤᠯᠬᠤ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ︽ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠦᠬᠡᠷ ᠤᠨ ᠠᠷᠠᠯᠵᠢᠶᠠᠨ ᠤ ᠶᠡᠭᠡ ᠬᠤᠷᠠᠯ ︾ ᠢ ᠡᠷᠬᠢᠯᠡᠭᠰᠡᠨ ᠪᠥᠭᠡᠳ ᠡᠭᠦᠷᠢᠳᠡ ᠶᠢᠨ ᠡᠷᠬᠢᠯᠡᠬᠦ ᠭᠠᠵᠠᠷ ᠪᠣᠯᠵᠤ᠂ ︽ᠳᠤᠮᠳᠠᠳᠤ ᠤᠯᠤᠰ ᠤᠨ ᠠᠯᠠᠰᠢᠨ ᠦᠬᠡᠷ ᠤᠨ ᠠᠵᠤ ᠦᠢᠯᠡᠰ · ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠭᠠᠯᠲᠠ ᠲᠤᠭ᠎ᠠ︾ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠦᠯᠵᠢᠶᠡᠨ ᠳᠤ ᠭᠠᠷᠴᠤ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠳᠡᠰ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠩᠬᠠᠳᠠᠭᠴᠢ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠵᠦᠩ ᠨᠥᠩ ᠬᠢᠩᠭᠠᠨ ᠤᠯᠤᠰ ᠤᠨ ᠳᠡᠰ ᠤᠨ ᠭᠤᠣᠯ ᠡᠭᠦᠯᠳᠡᠷ ᠪᠤᠶᠢᠵᠢᠭᠤᠯᠬᠤ ᠲᠠᠯᠠᠪᠠᠢ ᠪᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 93 ᠲᠥᠷᠥᠯ ᠵᠦᠢᠯ ᠢ ᠬᠡᠷᠡᠭᠵᠢᠭᠦᠯᠵᠦ᠂ 3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠵᠣᠯᠭᠠᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ 28 ᠬᠡᠷᠡᠭᠵᠢᠭᠦᠯᠵᠦ ᠂ ᠬᠠᠮᠵᠢᠯᠴᠠᠬᠤ ᠪᠡᠯᠡ ᠮᠥᠩᠭᠦ ᠶᠢ 8232 ᠲᠦᠮᠡᠨ ᠲᠥᠭᠦᠷᠢᠭ ᠣᠷᠣᠭᠤᠯᠪᠠ᠃ ᠳᠤᠮᠳᠠᠳᠤ ᠬᠤᠰᠢᠭᠤ ᠬᠠᠶᠢᠳᠢᠶᠠᠨ ᠳᠤᠭᠤᠷᠢᠭ ᠤᠨ ᠨᠥᠬᠦᠷᠯᠡᠯ ᠭᠦᠨᠵᠡᠭᠡᠶᠢᠷᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠢᠯᠡᠳᠳᠡ ᠠᠮᠵᠢᠯᠲᠠ ᠣᠯᠪᠠ᠃ ᠲᠥᠪ ᠤᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ 18 ᠲᠢᠩᠬᠢᠮ ᠲᠣᠪᠴᠢᠶ᠎ᠠ᠂ ᠠᠶᠢᠮᠠᠭ ᠤᠨ ᠰᠢᠭᠤᠳ ᠬᠠᠷᠢᠶ᠎ᠠ 39 ᠨᠢᠭᠡᠴᠡ ᠠᠴᠠ ᠴᠡᠭ ᠲᠣᠭᠲᠠᠭᠠᠨ ᠬᠠᠪᠰᠤᠷᠤᠨ ᠲᠡᠳᠬᠦᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠬᠥᠳᠡᠯᠭᠡᠬᠦ ᠬᠦᠴᠦᠨ ᠢ ᠪᠤᠶᠢᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠬᠦᠷᠢᠶᠡᠯᠡᠯ ᠪᠠ ᠮᠠᠭᠲᠠᠭᠠᠯ ᠰᠠᠶᠢᠰᠢᠶᠠᠯ ᠢ ᠣᠯᠪᠠ᠃ ︽ᠲᠠᠷᠢᠶᠠᠯᠠᠩ ᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠬᠦ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ︾ ᠪᠠᠷ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 3000 ᠲᠥᠭᠦᠷᠢᠭ ᠨᠡᠮᠡᠭᠳᠡᠭᠦᠯᠪᠡ᠃ 810 ᠡᠷᠦᠬᠡ 2156 ᠬᠥᠮᠦᠨ ᠠᠮᠠ ᠶᠢᠨ ᠬᠢᠨᠠᠨ ᠬᠡᠮᠵᠢᠬᠦ ᠡᠲᠡᠭᠡᠳ ᠢ ᠪᠦᠬᠦᠨ ᠢ ᠬᠠᠮᠤᠷᠤᠭᠤᠯᠪᠠ᠃ ︽ᠲᠠᠪᠤᠨ ᠰᠠᠶᠢᠨᠲᠠᠢ︾ ᠭᠠᠴᠠᠭ᠎ᠠ᠂ ︽ᠲᠠᠪᠤᠨ ᠰᠠᠶᠢᠨᠲᠠᠢ︾ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ 7 ᠪᠠᠶᠢᠭᠤᠯᠵᠤ᠂ 1359 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠪᠠ᠃   ᠲᠠᠪᠤ ᠳᠤ᠂ ᠭᠤᠷᠪᠠᠳᠤᠭᠠᠷ ᠠᠵᠤ ᠦᠢᠯᠡᠰ ᠳᠤᠭᠳᠠᠪᠦᠷᠢᠵᠢᠨ ᠬᠦᠭᠵᠢᠶᠡᠨᠵᠢᠪᠡ᠃ ᠠᠩᠬᠠᠳᠠᠭᠴᠢ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠤ ᠨᠡᠷᠡᠰ ᠲᠤ ᠠᠮᠵᠢᠯᠲᠠ ᠲᠠᠢ ᠪᠠᠷ ᠰᠣᠩᠭᠤᠭᠳᠠᠪᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ ᠲᠤᠰ ᠪᠦᠷᠢ 1 ᠨᠡᠮᠡᠭᠳᠡᠪᠡ᠃ ᠰᠢᠷᠠᠳᠤᠪᠤ ︽ᠤᠰᠤᠨ ᠦᠵᠡᠮᠵᠢᠲᠦ ᠨᠤᠳᠤᠭ︾᠂ ᠳᠠᠶᠢᠴᠢᠨᠲᠠᠯ᠎ᠠ ᠰᠣᠶᠣᠯ ᠵᠤᠭᠠᠴᠠᠯ ᠤᠨ ᠵᠢᠵᠢᠭ ᠪᠠᠯᠭᠠᠰᠤ ᠠᠰᠢᠭᠯᠠᠯᠲᠠ ᠳᠤ ᠣᠷᠣᠵᠤ᠂ ᠰᠣᠶᠣᠯ ᠠᠵᠤ ᠦᠢᠯᠡᠰ ᠤᠨ ᠬᠦᠷᠢᠶᠡᠯᠡᠩ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠬᠢᠩᠭᠠᠨ ᠠᠶᠢᠮᠠᠭ ᠤᠨ ᠪᠠᠲᠤᠴᠠᠭᠠᠨ ᠤ ᠰᠣᠶᠣᠯ ᠵᠤᠭᠠᠴᠠᠯ ᠤᠨ ᠨᠠᠶᠢᠷ᠂ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ ᠬᠤᠷᠠᠯ ᠵᠡᠷᠭᠡ ᠲᠣᠮᠣ ᠬᠡᠯᠪᠡᠷᠢ ᠶᠢᠨ ᠰᠣᠶᠣᠯ ᠵᠤᠭᠠᠴᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠳᠤᠮᠳᠠᠳᠤ ᠤᠯᠤᠰ ᠤᠨ ᠤᠮᠠᠷᠠᠲᠤ ᠶᠢᠨ ᠴᠥᠭᠡᠨ ᠲᠣᠭᠠᠲᠤ ᠦᠨᠳᠦᠰᠦᠲᠡᠨ ᠤ ᠭᠠᠷ ᠬᠠᠳᠬᠤᠮᠠᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 2 ᠨᠡᠮᠡᠭᠳᠡᠵᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠲᠤᠰ  ᠪᠦᠷᠢ 1 ᠨᠡᠮᠡᠭᠳᠡᠪᠡ᠃ ᠳᠡᠯᠡᠬᠡᠢ ᠶᠢᠨ ᠰᠡᠶᠢᠷᠡᠭ ᠣᠢ ᠲᠠᠯ᠎ᠠ ᠨᠤᠲᠤᠭ ᠤᠨ ᠭᠡᠷᠡᠯ ᠵᠢᠷᠤᠭ ᠤᠨ ᠦᠵᠡᠰᠬᠦᠯᠡᠩ᠂ ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ᠬᠤᠭᠤᠷ ᠤᠨ ᠦᠯᠢᠭᠡᠷ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ᠂ ᠪᠦᠬᠦ ᠤᠯᠤᠰ ᠤᠨ ᠡᠪᠦᠯ ᠤᠨ ᠤᠯᠠᠷᠢᠯ ᠤᠨ ︽ᠲᠣᠰᠬᠤᠨ  ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠦᠯᠭᠡ ᠶᠢᠨ ᠠᠵᠢᠯᠯᠠᠭ᠎ᠠ ᠶᠢ ᠡᠷᠬᠢᠯᠡᠪᠡ᠃ ᠪᠦᠬᠦ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠦᠨᠡᠯᠡᠭᠳᠡᠵᠦ᠂ ᠭᠠᠳᠠᠭᠠᠳᠤ ᠠᠴᠠ ᠣᠷᠣᠭᠤᠯᠵᠤ᠂ ᠭᠠᠳᠠᠭᠠᠳᠤ ᠳᠤ ᠭᠠᠷᠭᠠᠬᠤ ᠬᠢᠷᠢ ᠴᠢᠳᠠᠮᠵᠢ ᠶᠢᠨ ᠠᠵᠤ ᠠᠬᠤᠶᠢᠯᠠᠯ ᠰᠢᠨ᠎ᠡ ᠪᠠᠷ 4 ᠨᠡᠮᠡᠭᠳᠡᠪᠡ᠃ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠯᠤᠭᠤᠨ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠲᠤ 4 ᠲᠦᠮᠡᠨ ᠲᠣᠨ ᠬᠥᠮᠥᠷᠭᠡᠯᠡᠨ ᠬᠠᠳᠠᠭᠠᠯᠠᠬᠤ ᠶᠢ ᠪᠡᠶᠡᠯᠡᠭᠦᠯᠪᠡ᠃   ᠵᠢᠷᠭᠤᠭ᠎ᠠ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠴᠢᠩᠭᠠᠷᠠᠪᠠ᠃ ᠠᠷᠠᠳ ᠤᠨ ᠠᠮᠢᠳᠤᠷᠠᠯ ᠤᠨ ᠵᠠᠷᠤᠯᠭ᠎ᠠ 37.5 ᠳ᠋ᠦᠩᠰᠢᠭᠤᠷ ᠲᠥᠭᠦᠷᠢᠭ ᠲᠤ ᠬᠦᠷᠴᠦ᠂ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 82.5% ᠶᠢ ᠡᠵᠡᠯᠡᠪᠡ᠃ ᠬᠤᠲᠠ ᠪᠠᠯᠭᠠᠰᠤᠨ ᠤ 1100 ᠬᠥᠮᠦᠨ ᠳᠤ ᠰᠢᠨ᠎ᠡ ᠪᠠᠷ ᠠᠵᠢᠯ ᠣᠯᠭᠤᠵᠤ᠂ 1.6 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠳᠡᠬᠦᠰᠦᠭᠰᠡᠨ 569 ᠬᠥᠮᠦᠨ ᠳᠤ ᠠᠵᠢᠯ ᠣᠯᠭᠤᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠬᠡᠴᠡ 334 ᠬᠥᠮᠦᠨ ᠡᠯᠰᠡᠪᠡ᠃ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠵᠠᠷᠤᠯᠭ᠎ᠠ 7.35% ᠪᠠᠷ ᠨᠡᠮᠡᠭᠳᠡᠪᠡ᠃ ᠰᠢᠯᠢᠳᠡᠭ ᠢ ᠨᠢ ᠰᠣᠩᠭᠤᠨ ᠲᠣᠮᠢᠯᠠᠵᠤ᠂ 20 ᠨᠡᠷᠡᠰ ᠰᠤᠷᠭᠠᠭᠤᠯᠢ ᠶᠢᠨ ᠵᠠᠬᠢᠷᠤᠯ ᠢ ᠰᠤᠯᠢᠯᠴᠠᠵᠤ᠂ ︽ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾ ᠵᠡᠷᠭᠡ ᠠᠵᠢᠯᠯᠠᠭ᠎ᠠ ᠶᠢ ᠡᠷᠬᠢᠯᠡᠵᠦ᠂ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠪᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠡᠩ ᠲᠦᠭᠡᠮᠡᠯ ᠬᠠᠷᠠᠭᠠᠯᠵᠠᠯ ᠦᠵᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠡᠩ ᠲᠡᠩᠴᠡᠭᠦᠷᠢᠲᠡᠢ ᠪᠤᠯᠭᠠᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠨᠡᠩ ᠠᠭᠤᠯᠤᠭᠳᠠᠬᠤᠨ ᠲᠠᠢ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠡᠩ ᠥᠪᠡᠷᠮᠢᠴᠡ ᠣᠨᠴᠠᠯᠢᠭ ᠲᠠᠢ ᠪᠣᠯᠭᠠᠵᠤ᠂ ᠣᠨᠴᠠᠭᠠᠢ ᠰᠤᠷᠭᠠᠨ ᠬᠥᠮᠦᠵᠢᠯ ᠢ ᠨᠡᠩ ᠬᠠᠶᠢᠷ᠎ᠠ ᠰᠡᠳᠬᠢᠯᠭᠡ ᠲᠠᠢ ᠪᠤᠯᠭᠠᠪᠠ᠃ 2023 ᠤᠨ ᠤ ᠳᠤᠮᠳᠠᠳᠤ ᠤᠯᠤᠰ ᠤᠨ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠡᠭᠡ ᠬᠤᠷᠠᠯ ᠢ ᠡᠷᠬᠢᠯᠡᠵᠦ ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠪᠦᠬᠦ ᠣᠷᠣᠨ ᠤ ᠴᠤᠷ ᠤᠨ ᠭᠠᠭᠴᠠ ᠬᠤᠰᠢᠭᠤ ᠰᠢᠶᠠᠨ ᠤ ᠱᠠᠲᠤᠨ ᠤ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠮᠣᠩᠭᠤᠯ ᠡᠮᠨᠡᠯᠭᠡ ᠶᠢᠨ ᠬᠤᠷᠢᠶ᠎ᠠ ᠪᠣᠯᠪᠠ᠃ ᠬᠤᠷᠢᠨ ᠵᠢᠷᠭᠤᠭᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶᠠᠨ ᠤ ᠬᠤᠪᠢᠶᠠᠷᠢ ᠬᠤᠷᠢᠶᠠᠨ ᠤ ᠫᠠᠶᠢᠰᠠ ᠡᠯᠭᠦᠬᠦ ᠶᠢ ᠪᠡᠶᠡᠯᠡᠭᠦᠯᠪᠡ᠃ ᠬᠤᠶᠠᠷ ᠵᠠᠭᠤ ᠠᠷᠪᠠᠨ ᠨᠢᠭᠡᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠥᠷᠲᠡᠭᠡ ︵ᠲᠥᠪ︶ ᠶᠢ 40 ᠰᠠᠭᠤᠷᠢ᠂ ᠬᠤᠶᠠᠷ ᠡᠷᠦᠬᠡ ᠨᠠᠰᠤᠳᠠᠶᠢᠴᠤᠳ ᠤᠨ ᠬᠤᠭᠤᠯᠠᠨ ᠭᠡᠷ ᠢ ᠰᠢᠨ᠎ᠡ ᠪᠠᠷ ᠪᠠᠶᠢᠭᠤᠯᠵᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠶᠢ 12 ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ᠂ ᠬᠤᠲᠠ ᠲᠣᠭᠤᠷᠢᠭ ᠤᠨ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ᠂ ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃    ᠳᠣᠯᠤᠭ᠎ᠠ ᠳᠤ᠂ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠳᠡᠭᠡᠭᠰᠢᠯᠡᠵᠤ ᠳᠡᠰ ᠳᠡᠪᠰᠢᠪᠡ᠃ ᠬᠤᠲᠠ ᠶᠢᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 16 ᠬᠡᠷᠡᠭᠵᠢᠭᠦᠯᠵᠦ᠂ 7 ᠵᠤᠷᠪᠤᠰ ᠵᠠᠮ ᠨᠡᠪᠲᠡᠷᠡᠭᠦᠯᠵᠦ᠂ ᠪᠣᠷᠣᠭᠠᠨ ᠤ ᠤᠰᠤ᠂ ᠪᠣᠬᠢᠷ ᠤᠰᠤ᠂ ᠤᠰᠤ ᠬᠠᠩᠭᠠᠬᠤ᠂ ᠢᠯᠴᠢ ᠬᠠᠩᠭᠠᠬᠤ ᠬᠤᠭᠤᠯᠠᠢ ᠶᠢᠨ ᠲᠣᠣᠷ ᠢ 57 ᠺᠢᠯᠤᠮᠧᠲᠷ ᠪᠦᠲᠦᠭᠡᠨ ᠪᠠᠶᠢᠭᠤᠯᠪᠠ᠃ ᠰᠢᠨ᠎ᠡ ᠪᠠᠷ ᠨᠡᠮᠡᠭᠳᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ 40 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 7.3 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠪᠠ᠃ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠤᠯᠳᠤᠯᠬᠤ ᠲᠥᠷᠥᠯ ᠵᠦᠢᠯ ᠢ 800 ᠮᠦ ᠬᠡᠷᠡᠭᠵᠢᠭᠦᠯᠵᠦ᠂ 117 ᠡᠷᠦᠬᠡ ᠬᠠᠭᠤᠴᠢᠨ ᠠᠭᠤᠷᠬᠠᠢ ᠶᠢᠨ ᠣᠷᠣᠨ ᠤ ᠣᠯᠠᠨ ᠲᠦᠮᠡᠨ ᠤ ᠣᠷᠣᠨ ᠰᠠᠭᠤᠴᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ 5G ᠰᠠᠭᠤᠷᠢ ᠥᠷᠲᠡᠭᠡ ᠶᠢ 204 ᠰᠢᠨ᠎ᠡ ᠪᠠᠷ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 116 ᠺᠢᠯᠤᠮᠧᠲᠷ ᠪᠦᠲᠦᠭᠡᠨ ᠪᠠᠶᠢᠭᠤᠯᠵᠤ᠂ G5511 ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠡᠰᠡᠭ ᠨᠡᠪᠲᠡᠷᠡᠵᠤ᠂ G1015᠂ G334 ᠵᠠᠰᠠᠮᠠᠯ ᠵᠠᠮ ᠢ ᠠᠵᠢᠯ ᠡᠬᠢᠯᠡᠬᠦᠯᠦᠨ ᠪᠦᠲᠦᠭᠡᠨ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠤ ᠲᠣᠣᠷ ᠢ 264 ᠺᠢᠯᠤᠮᠧᠲᠷ ᠥᠭᠡᠷᠡᠴᠢᠯᠡᠨ ᠵᠠᠰᠠᠪᠠ᠃ ︽ᠤᠰᠤᠨ ᠦᠵᠡᠮᠵᠢ ᠶᠢᠨ ᠨᠤᠳᠤᠭ︾ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠠᠩᠭᠠᠯ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠪᠠ᠃    ᠨᠠᠢᠮᠠ ᠳᠤ᠂ ᠨᠡᠶᠢᠭᠡᠮ ᠤᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠠᠨᠠᠷ ᠤᠨ ᠦᠷ᠎ᠡ ᠮᠡᠲᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠭᠡᠨ ᠢᠶᠠᠷ ᠦᠷᠨᠢᠬᠦᠯᠪᠡ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠠᠮᠤᠷ ᠲᠦᠪᠰᠢᠨ ᠲᠠᠰᠤᠷᠠᠯᠲᠠ ᠦᠭᠡᠢ ᠰᠠᠶᠢᠵᠢᠷᠠᠪᠠ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠦᠷᠭᠦᠯᠵᠢᠯᠡᠨ ᠠᠬᠢᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢᠨ ︽ᠭᠤᠷᠪᠠᠨ ᠨᠣᠷᠮ᠎ᠠ︾ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ︽ᠬᠤᠶᠠᠷ ᠢ ᠰᠢᠯᠳᠡᠭᠵᠢᠬᠦᠯᠬᠦ︾ ᠲᠤᠰᠬᠠᠢ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ 1554 ᠤᠴᠢᠷ ᠶᠠᠪᠤᠳᠠᠯ ᠢ ᠰᠢᠯᠢᠳᠡᠭᠵᠢᠭᠦᠯᠪᠡ᠃ ᠪᠦᠬᠦ ᠠᠶᠢᠮᠠᠭ ᠲᠤ ᠤᠷᠢᠳᠠᠪᠠᠷ ︽ᠵᠠᠰᠠᠭ ᠤᠨ ᠶᠠᠪᠤᠳᠠᠯ ᠤᠨ ᠡᠭᠦᠯᠡᠨ ᠰᠢᠭᠤᠳ ᠨᠡᠪᠲᠡᠷᠡᠭᠦᠯᠭᠡ︾᠂ ︽ᠵᠠᠰᠠᠭ ᠤᠨ ᠣᠷᠳᠣᠨ ᠤ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢ ᠥᠷᠨᠢᠭᠦᠯᠵᠦ᠂ ︽ᠪᠠᠲᠤᠴᠠᠭᠠᠨ ᠤ ᠶᠠᠪᠤᠳᠠᠯ ᠤᠨ ᠬᠠᠪᠰᠤᠷᠤᠨ ᠭᠦᠢᠴᠡᠳᠬᠡᠬᠦ︾ ᠨᠡᠷᠡᠲᠦ ᠲᠡᠮᠳᠡᠭᠲᠦ ᠶᠢ ᠪᠣᠢ ᠪᠣᠯᠭᠠᠪᠠ᠃  ᠬᠤᠤᠯᠢᠩᠭᠤᠤᠯ ᠬᠤᠲᠠ᠂ ᠹᠥᠸᠧ ᠱᠠᠨ ᠬᠤᠲᠠ ᠶᠢᠨ ᠴᠠᠨ ᠴᠧᠩ ᠲᠣᠭᠤᠷᠢᠭ ᠲᠠᠢ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠬᠢᠪᠡ᠃ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠬᠦᠴᠦᠯᠡᠨ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ 1 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠶᠢ ᠵᠢᠯ ᠤᠨ ᠡᠬᠢᠨ ᠤ ᠬᠢ ᠠᠴᠠ 1.5 ᠵᠠᠭᠤᠨ ᠤ ᠴᠡᠭ ᠪᠠᠭᠤᠷᠠᠭᠤᠯᠪᠠ᠃ ᠡᠯ᠎ᠡ ᠲᠥᠷᠥᠯ ᠤᠨ ᠲᠣᠭᠤᠷᠢᠨ ᠪᠠᠶᠢᠴᠠᠭᠠᠬᠤ᠂ ᠴᠠᠭᠳᠠᠨ ᠪᠠᠶᠢᠴᠠᠭᠠᠬᠤ᠂ ᠬᠢᠨᠠᠨ ᠪᠣᠳᠣᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠤᠯᠤᠰ ᠤᠨ ᠳᠡᠰ ᠤᠨ ᠢᠷᠠᠭᠤ ᠠᠯᠳᠠᠷ ᠢ 26 ᠬᠦᠷᠳᠡᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ 47 ᠢᠷᠠᠭᠤ ᠠᠯᠳᠠᠷ ᠢ ᠬᠦᠷᠲᠡᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ᠂ ᠬᠤᠶᠠᠷ ᠢ ᠬᠦᠷᠢᠶᠡᠯᠡᠬᠦ ᠪᠠ ᠠᠰᠠᠷᠠᠨ ᠬᠠᠷᠠᠭᠠᠯᠵᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠯ ᠤᠨᠲᠠᠷᠠᠭᠠᠬᠤ ᠵᠡᠷᠭᠡ ᠠᠵᠢᠯ ᠳᠠᠬᠢᠨ ᠰᠢᠨ᠎ᠡ ᠳᠡᠭᠲᠡᠷ ᠲᠤ ᠭᠠᠷᠴᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠰᠤᠲᠠᠶᠢᠴᠤᠳ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ᠂ ᠨᠢᠭᠦᠯᠡᠰᠦᠩᠭᠦᠢ ᠶᠢᠨ ᠦᠢᠯᠡᠰ ᠵᠡᠷᠭᠡ ᠠᠵᠢᠯ ᠰᠢᠨ᠎ᠡ ᠠᠬᠢᠴᠠ ᠲᠠᠢ ᠪᠣᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号